ᠰᠢᠯᠢᠳᠡᠭ ᠮᠤᠩᠭᠤᠯ ᠵᠦᠴᠦᠭᠡ ︽ᠵᠢᠷᠦᠭᠡᠨ ᠬᠠᠶᠢᠷ᠎ᠠ︾  ᠤᠷᠠᠯᠢᠭ ᠤᠨ ᠨᠠᠶᠢᠷ ᠲᠤ ᠦᠩᠭᠡ ᠨᠡᠮᠡᠯ᠎ᠡ
ᠨᠡᠶᠢᠲᠡᠯᠡᠭᠰᠡᠨ ᠴᠠᠭ᠄
2020/11/24
              ᠡᠬᠡ ᠪᠢᠴᠢᠭ᠄ ᠳᠡᠯᠭᠡᠷᠴᠡᠴᠡᠭ    ᠵᠢᠷᠤᠭ᠄ ᠪᠤᠯᠤᠷᠮ᠎ᠠ      ᠬᠤᠰᠢᠭᠤ ᠤᠯᠠᠭᠠᠨᠮᠥ᠋ᠴᠢᠷ ᠤᠨ ᠨᠠᠶᠢᠷᠠᠭᠤᠯᠤᠨ ᠵᠤᠬᠢᠶᠠᠭᠰᠠᠨ ᠰᠢᠯᠢᠳᠡᠭ ᠮᠤᠩᠭᠤᠯ ᠵᠦᠴᠦᠭᠡ ︽ᠵᠢᠷᠦᠬᠡᠨ ᠬᠠᠶᠢᠷ᠎ᠠ︾ 11 ᠰᠠᠷ᠎ᠠ ᠶᠢᠨ 22᠎ ᠤ ᠣᠷᠣᠢ᠂ ᠬᠤᠰᠢᠭᠤ ᠺᠢᠨᠤ᠋ ᠤᠷᠳᠤᠨ ᠳᠤ ᠦᠵᠡᠭᠴᠢᠳ ᠲᠠᠢ ᠪᠠᠨ ᠳᠠᠬᠢᠨᠳᠠ ᠵᠤᠯᠭᠠᠨ᠂ 2020 ᠣᠨ ᠤ ᠰᠢᠯᠢ ᠶᠢᠨ ᠭᠤᠣᠯ ᠤᠨ ᠤᠯᠠᠭᠠᠨᠮᠥ᠋ᠴᠢᠷ ᠤᠨ ᠤᠷᠠᠯᠢᠭ ᠤᠨ ᠨᠠᠶᠢᠷ  ᠎ ᠲᠤ ᠦᠩᠭᠡ ᠨᠡᠮᠡᠯ᠎ᠡ᠃
     ᠵᠦᠴᠦᠭᠡ ᠳᠤ᠂ ︽ᠨᠠᠢᠮᠠᠨ ᠰᠠᠷ᠎ᠠ ᠶᠢᠨ ᠨᠢᠭᠡᠨ︾᠎ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠵᠢᠷᠦᠬᠡ ᠎ ᠶᠢᠨ ᠲᠠᠯ᠎ᠠ ᠨᠤᠲᠤᠭ ᠲᠤ ᠪᠤᠯᠤᠭᠰᠠᠨ ᠰᠦᠷ ᠳᠠᠯᠠᠶᠢᠴᠠᠲᠠᠶ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠳᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠱᠠᠨᠳᠦ᠋ᠩ ᠨᠤᠳᠤᠭ ᠲᠠᠢ ᠠᠬᠠᠮᠠᠳ ᠪᠠᠶᠢᠯᠳᠤᠭᠴᠢ ᠬᠤ᠋ ᠰᠢᠶᠣᠣ ᠪᠢᠩ ᠪᠣᠯᠤᠨ ᠲᠠᠯ᠎ᠠ ᠨᠤᠲᠤᠭ ᠤᠨ ᠮᠠᠯᠴᠢᠨ ᠤᠯᠠᠭᠠᠨᠲᠤᠶᠠᠭ᠎ᠠ ᠶᠢᠨ ᠠᠭᠤᠯᠵᠠᠯᠳᠠ ᠪᠠᠷ᠂ ᠴᠢᠯᠦᠬᠡᠯᠡᠯᠳᠡ ᠶᠢᠨ ᠦᠶ᠎ᠡ ᠶᠢᠨ ᠳᠠᠯ᠎ᠠ ᠨᠤᠳᠤᠭ ᠤᠨ  ᠮᠠᠯᠴᠢᠨ ᠠᠷᠠᠳ ᠪᠠ ᠴᠡᠷᠢᠭ ᠪᠠᠶᠢᠯᠳᠤᠭᠴᠢᠳ ᠤᠨ ᠭᠦᠨ ᠵᠤᠵᠠᠭᠠᠨ ᠬᠠᠶᠢᠷ᠎ᠠ  ᠰᠡᠳᠬᠢᠯᠬᠡ᠂ ᠡᠪ ᠨᠠᠶᠢᠷᠠᠮᠳᠠᠭᠤ ᠨᠦᠬᠦᠷᠯᠡᠯ ᠤᠨ ᠰᠡᠳᠬᠢᠯ ᠢᠶᠠᠷ ᠡᠬᠡ ᠤᠷᠤᠨ  ᠎ ᠢᠶᠠᠨ ᠬᠠᠮᠠᠭᠠᠯᠠᠭᠰᠠᠨ ᠮᠠᠷᠲᠠᠭᠳᠠᠰᠢ ᠦᠭᠡᠢ ᠦᠯᠢᠭᠡᠷ ᠦᠢᠯᠡ ᠶᠢ ᠠᠮᠢᠳᠤᠯᠢᠭ ᠢᠶᠠᠷ ᠤᠴᠢᠷᠯᠠᠨ ᠬᠠᠷᠠᠭᠤᠯᠵᠠᠢ᠃
     ᠦᠨᠳᠦᠰᠦᠲᠡᠨ ᠤ ᠪᠦᠯᠬᠦᠮᠳᠡᠯ ᠤᠨ ᠠᠬᠤᠢ ᠰᠠᠨᠠᠭ᠎ᠠ ᠶᠢ ᠠᠭᠤᠯᠤᠭᠰᠠᠨ ᠳᠤᠰ ᠵᠦᠴᠦᠭᠡ ᠨᠢ 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠤᠨ ᠰᠢᠯᠢᠳᠡᠭ ᠵᠦᠴᠦᠭᠡ ᠪᠠᠷ ᠰᠤᠩᠭᠤᠭᠳᠠᠭᠰᠠᠨ ᠶᠤᠮ᠃
     ᠦᠶ᠎ᠡ ᠦᠶ᠎ᠡ ᠶᠢᠨ ᠬᠢᠯᠢ ᠶᠢᠨ ᠪᠠᠶᠢᠯᠳᠤᠭᠴᠢᠳ ᠪᠣᠯᠤᠨ ᠲᠤᠬᠠᠶ ᠶᠢᠨ ᠭᠠᠵᠠᠷ ᠤᠨ ᠮᠠᠯᠴᠢᠳ ᠤᠨ ᠤᠯᠤᠰ ᠣᠷᠣᠨ ᠤ ᠪᠠᠨ ᠡᠩᠬᠡ ᠲᠠᠶᠢᠪᠤᠩ ᠢ ᠬᠠᠮᠠᠭᠠᠯᠠᠬᠤ ᠶᠢᠨ ᠲᠥᠯᠥᠭᠡ᠂ ᠵᠠᠯᠠᠭᠤ ᠨᠠᠰᠤ᠂ ᠬᠠᠶᠢᠷ᠎ᠠ ᠰᠡᠳᠬᠢᠯᠭᠡ ᠪᠠᠨ  ᠵᠤᠷᠢᠭᠤᠯᠤᠭᠰᠠᠨ ᠳᠤᠰ ᠦᠯᠢᠬᠡᠷ ᠦᠵᠡᠭᠴᠢᠳ ᠤᠯᠠᠨ ᠢ  ᠰᠳᠬᠢᠯ ᠳᠤᠭᠳᠤᠯᠤᠭᠤᠯᠤᠨ᠂  ᠣᠯᠠᠨ ᠤ ᠬᠠᠯᠠᠭᠤᠨ ᠬᠦᠷᠢᠶᠡᠯᠡᠯ  ᠎ ᠢ ᠤᠯᠤᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号