ᠳᠠᠯ᠎ᠠ ᠨᠤᠳᠤᠭ ᠲᠤ ᠰᠡᠳᠬᠢᠯ ᠤᠶᠠᠭᠠᠳᠠᠢ ᠪᠡᠭᠡᠵᠢᠩ ᠤᠨ ᠺᠠᠳᠠᠷ — ᠶᠠᠩ ᠵᠢᠶᠠ ᠮᠢᠨ
ᠨᠡᠶᠢᠲᠡᠯᠡᠭᠰᠡᠨ ᠴᠠᠭ᠄
2020/11/24
                   ᠡᠬᠡ ᠪᠢᠴᠢᠭ᠄ ᠳᠡᠯᠭᠡᠷᠴᠡᠴᠡᠭ   ᠵᠢᠷᠤᠭ᠄ ᠪᠤᠯᠤᠷᠮ᠎ᠠ      ᠡᠨᠡ ᠡᠪᠤᠯ ᠤᠨ ᠠᠩᠬᠠᠨ ᠤ ᠴᠠᠰᠤ ᠰᠦᠨᠢᠳ ᠤᠨ ᠳᠠᠯ᠎ᠠ ᠨᠤᠳᠤᠭ ᠲᠤ ᠰᠠᠭᠠᠲᠠᠨ᠂ ᠮᠠᠯᠴᠢᠨ ᠲᠦᠮᠡᠨ ᠮᠠᠯ ᠎ ᠢᠶᠠᠨ ᠮᠡᠨᠳᠦ ᠡᠪᠦᠯᠵᠢᠬᠦᠯᠬᠦ ᠪᠡᠯᠡᠳᠭᠡᠯ ᠳᠤ ᠶᠠᠭᠠᠷᠠᠨ ᠪᠠᠶᠢᠬᠤ ᠳᠤ ᠪᠠᠰᠠ ᠨᠢᠭᠡ ᠪᠦᠯᠦᠭ ᠶᠠᠳᠠᠭᠤ ᠶᠢ ᠳᠡᠳᠬᠦᠬᠦ ᠺᠠᠳᠠᠷ  ᠮᠠᠯᠴᠢᠨ ᠠᠷᠠᠳ ᠤᠨ ᠢᠶᠠᠨ ᠲᠦᠯᠦᠬᠡ ᠰᠠᠨᠠᠭᠠᠰᠢᠷᠠᠨ᠎ᠠ᠃ ᠡᠳᠡᠨ ᠤ ᠨᠢᠬᠡᠨ ᠳᠠᠷᠤᠢ ᠪᠡᠭᠡᠵᠢᠩ ᠠᠴᠠ ᠳᠤᠮᠢᠯᠠᠭᠳᠠᠨ ᠢᠷᠡᠭᠰᠡᠨ ᠵᠠᠯᠠᠭᠤᠬᠠᠨ ᠺᠠᠳᠠᠷ ᠶᠠᠩ ᠵᠢᠶᠠ ᠮᠢᠨ ᠪᠠᠶᠢᠭ᠎ᠠ ᠶᠤᠮ  ᠃  
     ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠳᠤᠷᠠᠯᠴᠠᠭᠠᠨ ᠤ ᠳᠠᠩᠰᠠ ᠡᠪᠬᠡᠮᠡᠯ ᠢ ᠡᠮᠬᠢᠳᠬᠡᠨ᠂ ᠬᠤᠷᠠᠯ ᠬᠤᠷᠠᠯᠳᠤᠭᠤᠯᠵᠤ ᠬᠤᠯᠪᠤᠭᠳᠠᠯ ᠪᠦᠬᠦᠢ ᠠᠵᠢᠯ ᠢ ᠪᠠᠶᠢᠷᠢᠯᠠᠭᠤᠯᠤᠨ᠂ ᠨᠢᠬᠡᠬᠡᠨ ᠮᠦᠴᠡ ᠴᠦ ᠰᠡᠯᠡᠬᠦᠦ ᠰᠠᠭᠤᠯ ᠦᠬᠡᠢ ᠶᠠᠭᠠᠷᠠᠨ ᠪᠠᠶᠢᠭ᠎ᠠ ᠬᠢᠷᠢᠨ᠎ᠡ ᠶᠡᠭᠡ ᠴᠠᠰᠤᠨ ᠤ ᠪᠤᠯᠵᠤᠯᠳᠤ ᠴᠠᠭ ᠠᠭᠤᠷ ᠤᠨ ᠪᠠᠶᠢᠳᠠᠯ ᠳᠤ ᠮᠠᠯᠴᠢᠨ ᠠᠷᠠᠳ ᠤᠨ ᠲᠦᠯᠦᠬᠡ ᠰᠠᠨᠠᠭᠠᠰᠢᠷᠠᠭᠰᠠᠨ ᠶᠠᠩ ᠵᠢᠶᠠ ᠮᠢᠨ ᠬᠠᠶᠠᠯᠠᠬᠤ ᠴᠠᠰᠤ ᠶᠢ ᠬᠠᠶᠢᠬᠤᠷᠤᠯ ᠦᠬᠡᠢ  ᠬᠦᠳᠡᠭᠡ ᠪᠠᠭᠤᠬᠤ ᠵᠠᠮ ᠢᠶᠠᠨ ᠡᠯᠬᠦᠯ᠎ᠡ᠃
     ᠡᠷᠢᠶᠡᠨᠨᠠᠭᠤᠷ ᠰᠤᠮᠤᠨ ᠤ ᠷᠠᠰᠢᠶᠠᠨᠲᠤ ᠭᠠᠴᠠᠭᠠᠨ ᠤ ᠮᠠᠯᠴᠢᠨ ᠤᠶᠤᠨᠮᠠᠩᠯᠠᠢ ᠶᠢᠨ ᠳᠤ ᠬᠦᠷᠴᠦ᠂ ᠳᠡᠳᠡᠨᠡᠶᠢᠬᠢᠨ ᠪᠡᠯᠡᠳᠭᠡᠯ ᠰᠠᠶᠢᠳᠠᠢ ᠳᠤᠬᠢᠳᠠᠢ ᠡᠪᠦᠯᠵᠢᠵᠦ ᠪᠠᠶᠢᠭ᠎ᠠ ᠶᠢ ᠤᠶᠢᠯᠠᠭᠠᠭᠠᠳ ᠳᠠᠷᠠᠭᠠᠴᠢ ᠶᠢᠨ ᠡᠷᠦᠬᠡ ᠶᠢ ᠴᠢᠭᠯᠡᠯ᠎ᠡ᠃ 2018 ᠤᠨ ᠤ 7 ᠰᠠᠷ᠎ᠠ ᠳᠤ ᠰᠦᠨᠢᠳ ᠪᠠᠷᠠᠭᠤᠨ ᠬᠤᠰᠢᠭᠤᠨ ᠳᠤ ᠳᠤᠮᠢᠯᠠᠭᠳᠠᠨ ᠢᠷᠡᠭᠰᠡᠨ ᠠᠴᠠ ᠤᠳᠤ ᠪᠤᠯᠳᠠᠯ᠎ᠠ ᠬᠦᠳᠡᠭᠡ ᠪᠠᠭᠤᠵᠤ ᠡᠷᠦᠬᠡ ᠳᠤ ᠬᠦᠨᠵᠡᠭᠡᠶᠢᠷᠡᠬᠦ ᠨᠢ ᠨᠢᠭᠡᠨᠳᠡ ᠳᠡᠬᠦᠨ ᠤ ᠵᠤᠷᠰᠢᠯ ᠪᠤᠯᠵᠤ᠂ ᠰᠦᠨᠢᠳ ᠤᠨ ᠳᠠᠯ᠎ᠠ ᠶᠢ ᠬᠤᠶᠠᠳᠠᠬᠢ ᠨᠤᠳᠤᠭ ᠢᠶᠠᠨ ᠬᠡᠮᠡᠨ ᠰᠠᠨᠠᠵᠤ᠂ ᠰᠦᠨᠢᠳ ᠤᠨ ᠠᠷᠠᠳ ᠲᠦᠮᠡᠨ ᠢ ᠡᠯᠢᠭᠡᠨ ᠰᠠᠳᠤᠨ ᠢᠶᠠᠨ ᠬᠡᠮᠡᠨ ᠪᠤᠳᠤᠳᠠᠭ ᠪᠤᠯᠵᠠᠢ᠃      2019 ᠤᠨ ᠪᠤᠯ ᠳᠡᠬᠦᠨ ᠤ ᠬᠤᠪᠢ ᠳᠤ ᠬᠠᠮᠤᠭ ᠶᠠᠭᠠᠷᠠᠤ ᠮᠦᠷᠳᠡᠭᠡᠨ ᠤᠯᠤᠯᠳᠠ ᠠᠮᠵᠢᠯᠳᠠᠳᠠᠢ ᠨᠢᠬᠡ ᠵᠢᠯ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠳᠤᠷᠠᠯᠴᠠᠭᠠᠨ ᠤ ᠠᠵᠢᠯ  ᠎ ᠤᠨ ᠰᠢᠯᠳᠠᠭᠠᠨ ᠢᠶᠠᠷ ᠣᠯᠠᠨ ᠤᠳᠠᠭ᠎ᠠ ᠪᠡᠭᠡᠵᠢᠩ ᠳᠤ  ᠬᠠᠷᠢᠵᠦ ᠬᠤᠷᠠᠯ ᠬᠢᠳᠡᠭ ᠴᠤ᠂ ᠪᠡᠭᠡᠵᠢᠩ ᠥᠪᠥᠷ ᠮᠣᠩᠭᠤᠯ ᠤᠨ ᠠᠵᠢᠯ ᠢ ᠵᠤᠬᠢᠴᠠᠭᠤᠯᠤᠨ ᠶᠠᠭᠠᠷᠠᠭᠠᠳ᠂ ᠬᠠᠷᠢᠨ ᠭᠡᠷ ᠲᠤ ᠪᠠᠨ ᠬᠠᠷᠢᠵᠤ ᠵᠠᠪᠳᠤᠳᠠᠭ ᠦᠬᠡᠢ᠃ ᠤᠳᠤᠷᠢᠳᠤᠯᠭ᠎ᠠ᠂ ᠬᠠᠮᠳᠤ ᠠᠵᠢᠯᠯᠠᠭᠴᠢᠳ ᠨᠢ ᠦᠷᠬᠦᠯᠵᠢ ᠳᠡᠬᠦᠨ ᠢ ︽ᠳᠡᠷᠭᠡᠳᠡᠬᠦᠷ ᠨᠢ ᠦᠩᠭᠡᠷᠡᠬᠦ ᠠᠴᠠ ᠪᠢᠰᠢ ᠭᠡᠷ ᠲᠤ ᠪᠠᠨ ᠤᠷᠤᠬᠤ ᠦᠬᠡᠢ︾ ᠬᠡᠵᠦ ᠳᠤᠭᠯᠠᠭᠠᠮ ᠪᠤᠯᠭᠠᠨ ᠶᠠᠷᠢᠳᠠᠭ ᠴᠦ᠂ ︽ᠪᠠᠭ᠎ᠠ ᠭᠡᠷ︾᠎ ᠢᠶᠠᠨ ᠤᠮᠠᠷᠳᠠᠨ ︽ᠶᠡᠭᠡ ᠭᠡᠷ︾᠎ ᠤᠨ ᠲᠦᠯᠦᠭᠡ ᠵᠢᠳᠬᠦᠳᠡᠭ ᠳᠡᠬᠦᠨ ᠢ ᠪᠦᠬᠦᠳᠡ  ᠪᠢᠰᠢᠷᠡᠨ ᠬᠦᠨᠳᠦᠳᠭᠡᠳᠡᠭ᠃
     ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠶᠠᠪᠤᠴᠠ ᠳᠤ ᠲᠡᠷᠡ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠬᠤ  ᠬᠦᠰᠡᠯ ᠡᠷᠡᠮᠡᠯᠵᠡᠯ ᠢ ᠭᠦᠨᠵᠡᠭᠡᠢ ᠣᠶᠢᠯᠠᠭᠠᠵᠤ᠂ ᠭᠤᠷᠪᠠᠨ ᠵᠢᠯ ᠤᠨ ᠲᠤᠷᠰᠢ᠂ ᠪᠡᠭᠡᠵᠢᠩ ᠥᠪᠥᠷ ᠮᠣᠩᠭᠤᠯ ᠤᠨ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ  ᠮᠦᠩᠭᠦ 8000 ᠭᠠᠷᠤᠶ ᠲᠦᠮᠡᠨ ᠲᠥᠭᠦᠷᠢᠭ ᠢ ᠠᠰᠢᠭᠯᠠᠨ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ 61 ᠲᠥᠷᠥᠯ ᠵᠦᠢᠯ ᠢ ᠱᠠᠯᠠᠪᠳᠠᠭᠤᠯᠤᠨ ᠬᠡᠷᠡᠭᠵᠢᠭᠦᠯᠵᠦ᠂ ᠺᠠᠷᠲ ᠎ ᠳᠤ ᠳᠠᠩᠰᠠᠯᠠᠭᠳᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠬᠢᠨ ᠢ 14000 ᠭᠠᠷᠤᠢ ᠬᠥᠮᠦᠨ ᠤᠳᠠᠭ᠎ᠠ ᠳᠠᠶᠢᠴᠢᠯᠠᠨ᠂ 90 ᠤᠳᠠᠭ᠎ᠠ ᠠᠵᠢᠯ ᠵᠤᠯᠭᠠᠭᠤᠯᠵᠤ᠂ ᠪᠡᠭᠡᠵᠢᠩ ᠤᠨ ᠳ᠋ᠡ ᠰᠢᠩ ᠳᠤᠭᠤᠷᠢᠭ ᠤᠨ ᠲᠤᠰᠠᠯᠠᠬᠤ ᠮᠡᠷᠭᠡᠵᠢᠯᠲᠡᠨ ᠢ 76 ᠬᠥᠮᠦᠨ ᠤᠳᠠᠭ᠎ᠠ ᠵᠣᠬᠢᠴᠠᠭᠤᠯᠵᠤ᠂  ᠲᠤᠰ ᠬᠤᠰᠢᠭᠤᠨ ᠤ ᠰᠤᠷᠭᠠᠨ ᠬᠥᠮᠦᠵᠢᠯ ᠡᠮ ᠡᠮᠨᠡᠯᠭᠡ ᠵᠡᠷᠭᠡ ᠶᠢᠨ ᠪᠣᠳᠠᠲᠤ ᠬᠦᠴᠦᠨ ᠤ ᠳᠡᠭᠡᠭᠰᠢᠯᠡᠯᠳᠡ ᠶᠢ ᠠᠬᠢᠭᠤᠯᠤᠨ᠂ ᠢᠯᠠᠩᠭᠤᠶ᠎ᠠ  ᠳᠤᠬᠠᠢ ᠶᠢᠨ ᠭᠠᠵᠠᠷ ᠤᠨ ᠵᠢᠯ ᠳᠤᠮᠳᠠᠴᠢ ᠶᠢᠨ ᠲᠤᠨᠳᠠᠰᠤᠨ ᠤ ᠬᠡᠮᠵᠢᠶ᠎ᠡ 200 ᠮᠢᠯᠢᠮᠧᠲᠷ ᠲᠤ ᠬᠦᠷᠬᠦ ᠦᠭᠡᠢ ᠪᠤᠯᠪᠠᠴᠤ ᠠᠭᠤᠷᠰᠢᠯᠲᠠ ᠶᠢᠨ ᠬᠡᠮᠵᠢᠶ᠎ᠡ ᠨᠢ ᠬᠠᠷᠢᠨ 2000 ᠮᠢᠯᠢᠮᠧᠲᠷ ᠠᠴᠠ ᠳᠡᠭᠡᠭᠰᠢ ᠳᠤ ᠬᠦᠷᠳᠡᠭ ᠪᠤᠳᠠᠳᠤ ᠪᠠᠶᠢᠳᠠᠯ ᠳᠤ ᠴᠢᠭᠯᠡᠬᠦᠯᠵᠦ᠂ ᠤᠷᠢᠳ ᠬᠤᠵᠢᠳ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 1100 ᠭᠠᠷᠤᠶ ᠲᠦᠮᠡᠨ ᠲᠥᠭᠦᠷᠢᠭ ᠠᠰᠢᠭᠯᠠᠵᠤ᠂ ᠪᠦᠬᠦ ᠬᠤᠰᠢᠭᠤᠨ ᠤ ᠬᠡᠪᠴᠢᠶᠡᠨ ᠳᠤ ︽ᠤᠰᠤ ᠤᠮᠳᠠ ᠪᠠᠷ ᠠᠷᠠᠳ ᠤᠨ ᠰᠡᠳᠬᠢᠯ ᠢ ᠤᠮᠳᠠᠯᠠᠬᠤ︾ ᠢᠨᠵᠧᠨᠧᠷᠢᠩ ᠢ ᠲᠥᠯᠥᠪᠯᠡᠭᠡ ᠲᠠᠢ ᠠᠯᠬᠤᠮ ᠬᠤᠪᠢᠶᠠᠨ ᠬᠡᠷᠡᠭᠵᠢᠭᠦᠯᠵᠦ᠂ ᠤᠰᠤᠨ ᠤ ᠡᠬᠢ ᠶᠢᠨ ᠬᠤᠳᠳᠤᠭ ᠤᠨ ᠪᠠᠶᠢᠭᠤᠯᠤᠯᠲᠠ᠂ ᠲᠥᠪᠯᠡᠷᠡᠭᠦᠯᠦᠨ ᠤᠰᠤ ᠬᠠᠩᠭᠠᠬᠤ᠂ ᠤᠰᠤ ᠬᠠᠳᠠᠭᠠᠯᠠᠬᠤ ᠵᠣᠭᠤᠷᠢ ᠪᠠ ᠤᠰᠤ ᠲᠠᠲᠠᠬᠤ ᠲᠡᠷᠭᠡ ᠵᠡᠷᠭᠡ ᠲᠥᠷᠥᠯ ᠵᠦᠢᠯ ᠢ ᠥᠷᠨᠢᠭᠦᠯᠵᠦ᠂ 689 ᠶᠠᠳᠠᠭᠤ ᠬᠦᠴᠢᠷᠳᠡᠯᠲᠡᠢ ᠬᠥᠮᠦᠰ ᠲᠤ ᠠᠰᠢᠭ ᠬᠦᠷᠲᠡᠭᠡᠵᠦ᠂ ᠲᠤᠬᠠᠢ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠠᠵᠢᠯ ᠪᠠ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠳᠤ ᠨᠢ ᠬᠦᠴᠦᠨ ᠴᠢᠳᠠᠯ ᠢᠶᠠᠨ ᠡᠷᠭᠦᠭᠰᠡᠭᠡᠷ ᠢᠷᠡᠵᠡᠢ᠃      ︽ᠲᠤᠰᠢᠶᠠᠯ ᠡᠭᠦᠷᠭᠡᠯᠡᠭᠰᠡᠨ ᠺᠠᠳᠠᠷ ᠪᠣᠯ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠳᠤᠷᠠᠯᠴᠠᠭᠠᠨ ᠤ ᠬᠥᠭᠦᠷᠭᠡ ᠮᠥᠨ᠃ ᠣᠬᠤᠷᠬᠠᠨ ᠭᠤᠷᠪᠠᠨ ᠵᠢᠯ ᠳᠤ᠂ ᠰᠥᠨᠢᠳ ᠪᠠᠷᠠᠭᠤᠨ ᠬᠤᠰᠢᠭᠤᠨ ᠤ ᠤᠰᠤ ᠬᠡᠷᠡᠭᠯᠡᠬᠦ ᠳᠤ ᠬᠦᠴᠢᠷᠲᠡᠶ ᠪᠠᠶᠢᠭᠰᠠᠨ ᠠᠴᠠ ᠠᠮᠤᠷ ᠲᠦᠪᠰᠢᠨ ᠤᠤᠭᠤᠬᠤ ᠤᠰᠤ ᠲᠠᠢ ᠪᠤᠯᠤᠭᠰᠠᠨ᠂ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠭᠰᠠᠨ ᠠᠴᠠ ᠪᠡᠭᠡᠵᠢᠩ ᠤᠨ ᠲᠤᠰᠬᠠᠶ ᠮᠡᠷᠭᠡᠵᠢᠯᠲᠡᠨ ᠡᠭᠦᠳᠡᠨ ᠳᠤ ᠨᠢ ᠬᠦᠷᠴᠦ ᠡᠮᠴᠢᠯᠡᠬᠦ ᠬᠦᠷᠳᠡᠯ᠎ᠡ᠂ ᠠᠵᠤ ᠦᠢᠯᠡᠰ ᠤᠨ ᠬᠡᠯᠬᠢᠶ᠎ᠡ ᠳᠠᠩ ᠴᠤᠯᠭᠤᠶ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠲᠡᠭᠦᠯᠳᠡᠷᠵᠢᠬᠦ ᠪᠤᠯᠳᠠᠯ᠎ᠠ ᠮᠠᠰᠢ ᠤᠯᠠᠨ ᠬᠤᠪᠢᠷᠠᠯᠳᠠ ᠶᠢ ᠤᠯᠵᠤ ᠬᠠᠷᠠᠯ᠎ᠠ᠃ ᠡᠨᠡ ᠭᠤᠷᠪᠠᠨ ᠵᠢᠯ ᠳᠤ᠂ ᠪᠢ ᠲᠤᠬᠠᠶ ᠶᠢᠨ ᠭᠠᠵᠠᠷ ᠤᠨ ᠺᠠᠳᠠᠷ ᠣᠯᠠᠨ ᠲᠦᠮᠡᠨ᠂ ᠮᠠᠯᠴᠢᠨ ᠲᠠᠷᠢᠶᠠᠴᠢᠳ ᠲᠠᠢ ᠭᠦᠨ ᠵᠤᠵᠠᠭᠠᠨ ᠨᠥᠬᠦᠷᠯᠡᠯ ᠲᠠᠢ ᠪᠣᠯᠵᠠᠶ᠃ ᠬᠤᠶᠢᠰᠢᠳᠠ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠲᠣᠭᠲᠠᠭᠤᠨ ᠪᠠᠶᠢᠯᠭᠠᠬᠤ᠂ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ  ᠵᠡᠷᠭᠡ ᠳᠤ ᠥᠪᠡᠷ ᠤᠨ ᠬᠦᠴᠦᠨ ᠴᠢᠳᠠᠯ ᠢᠶᠠᠨ ᠡᠷᠬᠦᠨ᠂ ᠦᠵᠡᠰᠬᠦᠯᠡᠩᠲᠦ ᠰᠠᠶᠢᠬᠠᠨ ᠰᠥᠨᠢᠳ ᠤᠨ ᠲᠠᠯ᠎ᠠ ᠨᠤᠲᠤᠭ ᠬᠢᠯᠢ ᠬᠢᠵᠠᠭᠠᠷ ᠣᠷᠣᠨ ᠤ ᠭᠡᠷᠡᠯᠲᠦ ᠰᠤᠪᠤᠳ ᠪᠤᠯᠵᠤ᠂ ᠠᠷᠠᠳ ᠤᠯᠠᠨ ᠤ ᠠᠮᠢᠳᠤᠷᠠᠯ ᠡᠳᠦᠷ ᠠᠴᠠ ᠡᠳᠦᠷ ᠥᠭᠡᠳᠡᠯᠡᠨ ᠮᠠᠨᠳᠤᠬᠤ ᠶᠢ ᠬᠦᠰᠡᠵᠦ ᠪᠠᠶᠢᠨ᠎ᠠ︾ ᠬᠡᠵᠦ ᠶᠠᠩ ᠵᠢᠶᠠ ᠮᠢᠨ ᠳᠣᠭᠳᠣᠯᠤᠭᠰᠠᠨ ᠰᠡᠳᠬᠢᠯᠬᠡ ᠪᠠᠷ ᠰᠤᠷᠪᠤᠯᠵᠢᠯᠠᠭᠴᠢ ᠳᠤ ᠶᠠᠷᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号