ᠪᠠᠭᠰᠢᠨᠠᠷ ᠤᠨ ᠦᠨᠳᠦᠰᠦᠨ ᠪᠤᠯᠪᠠᠰᠤᠷᠠᠯ ᠢ ᠰᠢᠯᠭᠠᠵᠠᠢ
ᠨᠡᠶᠢᠲᠡᠯᠡᠭᠰᠡᠨ ᠴᠠᠭ᠄
2020/12/1
     ᠪᠦᠬᠦ ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ     ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ        ᠪᠠᠭᠰᠢ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠶᠠᠪᠤᠭᠳᠠᠭᠰᠠᠨ                              ᠡᠬᠡ ᠪᠢᠴᠢᠭ᠄ ᠳᠡᠯᠭᠡᠷᠴᠡᠴᠡᠭ  ᠵᠢᠷᠤᠭ᠄ ᠭᠡᠭᠡᠨ                              ᠳᠠᠳᠤᠯᠭ᠎ᠠ ᠶᠢᠨ ᠰᠤᠷᠤᠭᠴᠢ᠄ ᠴᠢᠨᠳᠠᠭᠠᠨ      11 ᠰᠠᠷ᠎ᠠ ᠶᠢᠨ 17᠂ 18 ᠬᠤᠶᠠᠷ ᠡᠳᠦᠷ᠂ 2020  ᠤᠨ ᠤ ᠪᠦᠬᠦ ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠭᠰᠢ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠬᠤᠰᠢᠭᠤ ᠶᠡᠷᠦᠩᠬᠡᠶᠢᠯᠡᠭᠰᠡᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ  ᠶᠠᠪᠤᠭᠳᠠᠵᠠᠢ᠃
     ᠠᠵᠢᠯᠯᠠᠭᠠᠨ ᠤ ᠵᠤᠷᠢᠯᠳᠠ —  ᠬᠢᠴᠢᠶᠡᠯ ᠤᠨ ᠲᠠᠩᠬᠢᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠳᠠᠪᠤᠷᠢ ᠶᠢ ᠤᠯᠠᠮ ᠳᠡᠭᠡᠭᠰᠢᠯᠡᠬᠦᠯᠦᠨ᠂ ᠵᠢᠭᠠᠨ ᠰᠤᠷᠭᠠᠯᠲᠠ ᠶᠢᠨ ᠵᠥᠪᠯᠡᠯ ᠤᠨ ᠰᠢᠨᠡᠴᠢᠯᠡᠯᠲᠡ᠂ ᠵᠠᠭᠪᠤᠷ ᠤᠨ ᠥᠭᠡᠷᠡᠴᠢᠯᠡᠯᠲᠡ᠂ ᠶᠠᠰᠤ ᠴᠢᠨᠠᠷ ᠤᠨ ᠳᠡᠭᠡᠭᠰᠢᠯᠡᠯᠲᠡ ᠶᠢ ᠲᠠᠰᠤᠷᠠᠯᠲᠠ ᠦᠭᠡᠢ ᠠᠬᠢᠭᠤᠯᠵᠤ᠂ ᠤᠷᠤᠯᠳᠤᠭᠠᠨ ᠢᠶᠠᠷ ᠲᠣᠬᠢᠶᠠᠯ ᠪᠣᠯᠭᠠᠵᠤ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠬᠦᠯᠬᠦ᠃      ᠡᠷᠬᠢᠯᠡᠭᠰᠡᠨ ᠨᠢᠭᠡᠴᠡ — ᠰᠢᠯᠢ ᠶᠢᠨ ᠭᠤᠤᠯ ᠠᠶᠢᠮᠠᠭ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠵᠢᠯᠤᠭᠤᠳᠬᠤ ᠲᠥᠪ ᠠᠴᠠ ᠭᠤᠤᠯᠯᠠᠨ ᠡᠷᠭᠢᠯᠡᠵᠦ᠂ ᠬᠤᠰᠢᠭᠤ ᠰᠤᠷᠭᠠᠨ ᠬᠥᠮᠦᠵᠢᠯ ᠤᠨ ᠳᠤᠪᠴᠢᠶᠠᠨ ᠤ ᠵᠢᠭᠠᠨ ᠰᠤᠳᠤᠯᠬᠤ ᠲᠠᠰᠤᠭ ᠬᠠᠮᠵᠢᠯᠴᠠᠨ ᠡᠷᠭᠢᠯᠡᠵᠦ᠂ ᠶᠡᠷᠦᠩᠬᠡᠶᠢᠯᠡᠭᠰᠡᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠠᠭᠠᠭᠠᠴᠢᠯᠠᠨ ᠡᠷᠭᠢᠯᠡᠪᠡ᠃      ᠤᠷᠤᠯᠴᠠᠭᠰᠠᠨ ᠨᠢᠭᠡᠴᠡ — ᠰᠢᠯᠢᠩᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ᠂ ᠳᠤᠯᠤᠨᠨᠠᠭᠤᠷ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠪᠠ  ᠬᠤᠰᠢᠭᠤ ᠶᠡᠷᠦᠩᠬᠡᠶᠢᠯᠡᠭᠰᠡᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢᠨᠠᠷ
     ᠤᠷᠤᠯᠳᠤᠭᠠᠨ ᠨᠢ ᠦᠵᠡᠭᠦᠯᠦᠯᠭᠡ ᠶᠢᠨ ᠬᠢᠴᠢᠶᠡᠯ ᠪᠠ ᠦᠨᠳᠦᠰᠦᠨ ᠪᠣᠯᠪᠠᠰᠤᠷᠠᠯ ᠤᠨ ᠵᠢᠭᠠᠨ ᠰᠤᠷᠭᠠᠯᠲᠠ ᠭᠡᠬᠦ ᠬᠤᠶᠠᠷ ᠶᠡᠭᠡ ᠲᠦᠷᠦᠯ ᠢᠶᠠᠷ ᠬᠤᠶᠠᠷ ᠡᠳᠦᠷ ᠤᠨ ᠬᠤᠭᠤᠴᠠᠭᠠᠲᠠᠢ  ᠶᠠᠪᠤᠭᠳᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号