ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠵᠠᠭᠠᠶ᠎ᠠ
ᠨᠡᠶᠢᠲᠡᠯᠡᠭᠰᠡᠨ ᠴᠠᠭ᠄
2020/12/1
                                   ᠰᠤᠷᠪᠤᠯᠵᠢᠯᠠᠭᠴᠢ᠄ ᠰᠡᠷᠬᠦᠯᠡᠩ  ᠢᠲᠡᠭᠡᠯ                                        ᠴᠢᠮᠡᠭᠡᠯᠡᠭᠴᠢ᠄ ᠨᠤᠮᠢᠨᠴᠢᠯᠠᠭᠤ      ᠥᠨᠦᠳᠦᠷ ᠦᠳᠡ ᠶᠢᠨ ᠬᠤᠶᠢᠨ᠎ᠠ  ᠬᠤᠰᠢᠭᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠤᠳᠤᠷᠢᠳᠤᠯᠭ᠎ᠠ᠂ ᠬᠤᠰᠢᠭᠤ ᠡᠪᠯᠡᠯ ᠤᠨ ᠬᠤᠷᠢᠶᠠᠨ ᠤ ᠬᠠᠷᠢᠭᠤᠴᠠᠯᠭᠠᠲᠠᠨ ᠵᠢᠴᠢ 135 ᠨᠡᠷ᠎ᠡ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ  ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠠᠷᠪᠠᠳᠤᠭᠠᠷ  ᠤᠳᠠᠭᠠᠨ  ᠤ  ᠲᠥᠯᠦᠭᠡᠯᠡᠭᠴᠢᠳ ᠤᠨ ᠶᠡᠭᠡ ᠬᠤᠷᠠᠯ ᠳᠤ  ᠤᠷᠤᠯᠴᠠᠵᠠᠢ᠃
     ᠠᠵᠢᠯᠯᠠᠭ᠎ᠠ ᠶᠢᠨ ᠡᠬᠢᠨ ᠳᠤ᠂ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢᠳ ᠠᠴᠠ ᠲᠠᠯᠠᠪᠠᠢ ᠳᠤ ᠢᠷᠡᠭᠰᠡᠨ ᠵᠣᠴᠢᠳ ᠲᠤ ᠤᠯᠠᠭᠠᠨ ᠪᠦᠴᠡ ᠵᠡᠭᠦᠯᠭᠡᠪᠡ᠃ ᠭᠤᠷᠪᠠᠨ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠢ ᠥᠨᠳᠥᠷ  ᠡᠷᠭᠦᠨ᠂  ᠲᠥᠪ ᠠᠯᠬᠤᠭ᠎ᠠ ᠪᠠᠷ ᠬᠤᠷᠠᠯ ᠤᠨ ᠲᠠᠯᠠᠪᠠᠢ ᠳᠤ ᠠᠯᠬᠤᠨ ᠣᠷᠣᠵᠤ᠂ ᠪᠦᠬᠦ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ︽ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠳᠠᠭᠤᠤ︾ ᠶᠢ ᠳᠠᠭᠤᠯᠠᠨ᠂ ᠠᠬᠤᠶ ᠲᠠᠯᠠᠪᠠᠶ  ᠳᠤ ᠲᠥᠪ ᠴᠢᠩᠭ᠎ᠠ  ᠠᠭᠤᠷ ᠠᠮᠢᠰᠬᠤᠯ ᠢᠶᠠᠷ ᠪᠢᠯᠬᠠᠮ᠎ᠠ ᠪᠠᠶᠢᠯ᠎ᠠ᠃      ᠶᠡᠭᠡ ᠬᠤᠷᠠᠯ ᠳᠡᠭᠡᠷ᠎ᠡ᠂ ᠬᠤᠰᠢᠭᠤ ᠡᠪᠯᠡᠯ ᠤᠨ ᠬᠤᠷᠢᠶᠠᠨ ᠤ ᠱᠦᠵᠢ ᠮᠥᠷᠡᠨ ᠬᠤᠰᠢᠭᠤᠴᠢ ᠠᠩᠭᠢ ᠶᠢᠨ  ᠭᠡᠰᠢᠭᠦᠳ ᠥᠪᠡᠷ ᠤᠨ ᠬᠡᠪ ᠴᠢᠨᠠᠷ ᠢᠶᠠᠨ  ᠲᠡᠭᠡᠭᠰᠢᠯᠡᠭᠦᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤ ᠰᠢᠯᠢᠳᠡᠭ ᠵᠠᠩ ᠴᠢᠨᠠᠷ ᠢ ᠤᠯᠠᠮᠵᠢᠯᠠᠨ ᠪᠠᠳᠠᠷᠠᠭᠤᠯᠵᠦ ᠳᠡᠷᠭᠡᠳᠡᠬᠢ ᠬᠥᠮᠦᠰ ᠲᠡᠭᠡᠨ ᠰᠠᠶᠢᠨ ᠨᠦᠯᠦᠭᠡ ᠲᠤᠰᠬᠠᠯ ᠦᠵᠡᠬᠦᠯᠬᠦ ᠶᠢ ᠬᠦᠰᠡᠨ ᠵᠤᠷᠢᠭᠵᠢᠭᠤᠯᠵᠠᠢ᠃
     ᠠᠵᠢᠯᠯᠠᠭᠠᠨ ᠤ ᠳᠤᠮᠳᠠ  ᠤᠳᠤᠷᠢᠳᠤᠯᠭ᠎ᠠ ᠪᠠᠭᠰᠢᠨᠠᠷ ᠰᠢᠨ᠎ᠡ ᠪᠠᠷ ᠰᠣᠩᠭᠤᠭᠳᠠᠭᠰᠠᠨ 12 ᠶᠡᠭᠡ ᠠᠩᠭᠢ ᠶᠢᠨ ᠬᠡᠰᠢᠬᠦᠳ ᠲᠤ ᠳᠡᠮᠳᠡᠭ ᠵᠡᠭᠦᠯᠭᠡᠪᠡ᠃  ᠰᠢᠨ᠎ᠡ ᠭᠡᠰᠢᠭᠦᠳ ᠪᠠᠰᠠ ᠳᠠᠷᠠᠭᠠᠯᠠᠨ ᠲᠠᠶᠢᠰᠠᠨ ᠳᠤ ᠭᠠᠷᠴᠤ  ᠣᠪᠣᠷ ᠢᠶᠠᠨ ᠢᠯᠡᠳᠬᠡᠬᠦ ᠶᠠᠷᠢᠶ᠎ᠠ ᠬᠢᠭᠰᠡᠨ ᠪᠠᠶᠢᠨ᠎ᠠ᠃ ᠳᠡᠭᠡᠷ᠎ᠡ ᠬᠤᠭᠤᠴᠠᠭᠠᠨ ᠤ  ᠬᠤᠰᠢᠭᠤᠴᠢ ᠠᠩᠭᠢ ᠶᠢᠨ ᠶᠡᠭᠡ ᠠᠩᠭᠢ  ᠨᠢ ᠪᠣᠳᠠᠲᠤ ᠠᠵᠢᠯᠯᠠᠭ᠎ᠠ ᠪᠠᠷ ᠢᠶᠠᠨ  ᠥᠷᠭᠡᠨ ᠤᠯᠠᠨ ᠰᠤᠷᠤᠭᠴᠢᠳ ᠤᠨ ᠬᠦᠷᠢᠶᠡᠯᠡᠯ ᠢ ᠤᠯᠣᠭᠰᠠᠨ ᠪᠠᠶᠢᠯ᠎ᠠ᠂ ᠰᠢᠨ᠎ᠡ ᠪᠠᠷ ᠰᠣᠩᠭᠤᠭᠳᠠᠭᠰᠠᠨ ᠶᠡᠭᠡ ᠠᠩᠭᠢ ᠶᠢᠨ ᠭᠡᠰᠢᠭᠦᠳ ᠲᠡᠳᠡᠨ ᠤ ᠪᠠᠨ ᠪᠡᠶᠡᠨ ᠠᠴᠠ ᠬᠠᠷᠢᠭᠤᠴᠠᠯᠭ᠎ᠠ ᠬᠦᠯᠢᠶᠡᠨ ᠠᠪᠴᠤ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠵᠤ᠂ ᠤᠯᠠᠭᠠᠨ ᠪᠦᠴᠡ ᠳᠤ ᠬᠡᠷᠡᠯ ᠭᠢᠯᠪᠠᠭ᠎ᠠ  ᠨᠡᠮᠡᠷᠢᠯᠡᠬᠦ ᠪᠤᠯᠤᠨ᠎ᠠ᠃      ᠬᠤᠷᠠᠯ ᠠᠴᠠ ᠡᠮᠦᠨ᠎ᠡ ᠬᠡᠰᠡᠭ ᠬᠤᠭᠤᠴᠠᠭᠠᠨ ᠳᠤ᠂ ᠰᠤᠷᠭᠠᠭᠤᠯᠢ ᠠᠴᠠ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠳᠤᠷᠠᠳᠤᠭᠰᠠᠨ ᠡᠯ᠎ᠡ ᠵᠦᠢᠯ ᠤᠨ ᠰᠠᠨᠠᠯ ᠪᠠ ᠰᠠᠨᠠᠭᠤᠯᠭ᠎ᠠ ᠶᠢ ᠬᠦᠯᠢᠶᠡᠨ ᠠᠪᠴᠤ ᠰᠤᠳᠤᠯᠬᠤ ᠪᠠᠷ ᠲᠠᠮᠵᠢᠨ᠂ ᠰᠤᠷᠭᠠᠭᠤᠯᠢ ᠶᠢᠨ ᠵᠠᠬᠢᠷᠤᠯ ᠪᠦᠬᠡᠴᠢᠯᠠᠭᠤ ᠲᠤᠰ ᠤᠳᠠᠭᠠᠨ ᠤ  ᠲᠥᠯᠥᠭᠡᠯᠡᠭᠴᠢᠳ ᠤᠨ ᠶᠡᠭᠡ ᠬᠤᠷᠠᠯ ᠢ ᠲᠤᠬᠢᠶᠠᠯᠳᠤᠭᠤᠯᠤᠨ ᠨᠠᠷᠢᠨ ᠨᠢᠮᠪᠠᠶ  ᠲᠤᠬᠢᠲᠠᠢ ᠬᠠᠷᠢᠭᠤᠯᠲᠠ ᠥᠭᠭᠦᠭᠰᠡᠨ ᠪᠠᠶᠢᠨ᠎ᠠ᠃
     ᠠᠵᠢᠯᠯᠠᠭᠠᠨ ᠤ ᠡᠴᠦᠰ ᠲᠤ᠂  ᠬᠤᠰᠢᠭᠤᠴᠢ ᠠᠩᠬᠢ ᠶᠢᠨ ᠲᠤᠭ ᠲᠠᠯᠠᠪᠠᠢ ᠠᠴᠠ  ᠪᠤᠴᠠᠵᠦ᠂ ᠲᠤᠰ ᠬᠤᠭᠤᠴᠠᠭᠠᠨ ᠤ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢᠳ ᠤᠨ ᠶᠡᠭᠡ ᠬᠤᠷᠠᠯ  ᠠᠮᠵᠢᠯᠲᠠ ᠲᠠᠢ ᠥᠨᠳᠥᠷᠯᠡᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号