ᠬᠤᠣᠰ ᠪᠦᠬᠦᠲᠦ ᠳᠡᠮᠡᠭᠡᠨ ᠤ ᠠᠵᠦ ᠦᠢᠯᠡᠰ ᠪᠠᠷ ᠶᠠᠳᠠᠭᠤ ᠶᠢ ᠳᠡᠳᠬᠦᠬᠦ ᠵᠠᠮ ᠢᠶᠠᠷ ᠵᠠᠮᠨᠠᠭᠰᠠᠨ ᠨᠢ
ᠨᠡᠶᠢᠲᠡᠯᠡᠭᠰᠡᠨ ᠴᠠᠭ᠄
2020/12/1
     ᠤᠶᠢᠷ᠎ᠠ ᠶᠢᠨ ᠬᠤᠶᠠᠷ ᠵᠢᠯ ᠳᠤ ᠡᠷᠢᠶᠡᠨᠨᠠᠭᠤᠷ ᠰᠣᠮᠣ ᠨᠢ ᠳᠠᠪᠠᠭᠤᠯᠢᠭ ᠢᠶᠠᠨ ᠠᠰᠢᠭᠯᠠᠨ᠂ ᠣᠨᠴᠠᠯᠢᠭᠲᠤ ᠠᠵᠦ ᠦᠢᠯᠡᠰ ᠢ ᠭᠦᠭᠵᠢᠬᠦᠯᠬᠦ ᠪᠠ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ ᠪᠠᠷ ᠭᠤᠣᠯ ᠵᠣᠷᠢᠯᠳᠠ ᠪᠠᠨ ᠪᠣᠯᠭᠠᠵᠦ ᠂ ᠬᠤᠰᠢᠭᠤᠨ ᠤ ᠪᠠᠨ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠬᠦᠭᠵᠢᠬᠦᠯᠦᠯᠳᠡ ᠶᠢᠨ ᠳᠦᠯᠦᠪᠯᠡᠭᠡ ᠶᠣᠰᠣᠭᠠᠷ᠂ ᠪᠡᠭᠡᠵᠢᠩ ᠦᠪᠦᠷ ᠮᠣᠩᠭᠤᠯ ᠤᠨ ᠬᠠᠪᠰᠣᠷᠣᠨ ᠳᠡᠳᠬᠦᠬᠦ ᠳᠦᠷᠦᠯ ᠵᠦᠢᠯ ᠲᠠᠢ ᠣᠶᠠᠯᠳᠣᠭᠤᠯᠣᠨ᠂ 300 ᠳᠦᠮᠡᠨ ᠳᠦᠬᠦᠷᠢᠭ ᠤᠨ ᠪᠡᠯᠡ ᠣᠷᠣᠭᠤᠯᠵᠦ᠂ ᠰᠦᠨᠢᠳ ᠬᠤᠣᠰ ᠪᠦᠬᠦᠲᠦ ᠳᠡᠮᠡᠭᠡᠨ ᠤ ᠳᠡᠵᠢᠭᠡᠨ ᠦᠷᠡᠵᠢᠬᠦᠯᠬᠦ ᠳᠣᠰᠠᠬᠠᠢ ᠬᠤᠷᠰᠢᠶᠠᠵᠢᠯ ᠢ ᠪᠠᠶᠢᠭᠤᠯᠵᠦ᠂ ᠡᠬᠦᠨ ᠤ ᠵᠡᠷᠭᠡᠪᠡᠷ ᠷᠠᠰᠢᠶᠠᠨᠲᠦ ᠭᠠᠴᠠᠭᠠᠨ ᠳᠤ ᠰᠦᠨᠢᠳ ᠬᠤᠣᠰ ᠪᠦᠬᠦᠲᠦ ᠳᠡᠮᠡᠭᠡᠨ ᠤ ᠳᠡᠵᠢᠬᠡᠨ ᠦᠷᠡᠵᠢᠬᠦᠯᠬᠦ ᠰᠠᠭᠤᠷᠢᠨ ᠭᠠᠵᠠᠷ ᠢ ᠪᠠᠶᠢᠭᠤᠯᠵᠦ᠂ ᠡᠯ᠎ᠡ ᠵᠦᠢᠯ ᠤᠨ ᠰᠠᠭᠤᠷᠢ ᠳᠦᠬᠦᠭᠡᠷᠦᠮᠵᠢ ᠶᠢᠨ ᠪᠠᠶᠢᠭᠤᠯᠣᠯᠳᠠ ᠶᠢ ᠳᠡᠭᠦᠯᠳᠡᠷᠵᠢᠬᠦᠯᠵᠦ᠂ ᠦᠨᠦ ᠪᠣᠯᠬᠤ ᠳᠤ᠂ ᠬᠤᠣᠰ ᠪᠦᠬᠦᠲᠦ ᠳᠡᠮᠡᠭᠡᠨ ᠤ ᠠᠵᠦ ᠦᠢᠯᠡᠰ ᠨᠢ ᠮᠠᠯᠴᠢᠨ ᠳᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠯ ᠤᠨ ᠵᠠᠮ ᠢᠶᠠᠷ ᠵᠠᠮᠨᠠᠬᠤ ᠴᠢᠬᠤᠯᠠ ᠵᠠᠮ ᠪᠣᠯᠣᠭᠰᠠᠨ ᠪᠠᠶᠢᠨ᠎ᠠ᠃
     ᠢᠩᠭᠡᠨ ᠰᠦ ᠨᠢ ᠡᠪᠡᠳᠴᠢᠨ ᠢ ᠡᠰᠡᠷᠭᠦᠴᠡᠬᠦ ᠴᠢᠳᠠᠪᠦᠷᠢ ᠶᠢ ᠨᠡᠮᠡᠭᠳᠡᠬᠦᠯᠵᠦ᠂ ᠰᠢᠬᠢᠷ ᠰᠢᠵᠢᠩ ᠡᠪᠡᠳᠴᠢᠨ ᠢ ᠰᠡᠷᠬᠡᠶᠢᠯᠡᠨ ᠵᠠᠰᠠᠵᠦ᠂ ᠦᠮᠡᠨ ᠡᠪᠡᠳᠴᠢᠨ ᠢ ᠰᠡᠷᠬᠡᠶᠢᠯᠡᠨ ᠬᠤᠷᠢᠭᠯᠠᠬᠤ ᠵᠡᠷᠭᠡ ᠦᠢᠯᠡᠳᠦᠯ ᠲᠠᠢ ᠪᠠᠶᠢᠳᠠᠭ ᠢᠶᠠᠷ ᠢᠶᠠᠨ ᠵᠠᠬ᠎ᠠ ᠳᠡᠯᠬᠡᠭᠦᠷ ᠤᠨ ᠬᠦᠷᠢᠶᠡᠯᠡᠯ ᠢ ᠤᠯᠤᠭᠰᠠᠨ ᠪᠠᠶᠢᠳᠠᠭ᠃ ᠡᠷᠢᠶᠡᠨᠨᠠᠭᠤᠷ ᠰᠣᠮᠣ ᠨᠢ ᠡᠨᠡᠬᠦ ᠵᠠᠬ᠎ᠠ ᠳᠡᠯᠬᠡᠭᠦᠷ ᠤᠨ ᠬᠠᠨᠳᠣᠰᠢ ᠶᠢ ᠦᠨᠳᠦᠰᠦᠯᠡᠨ᠂ ᠬᠤᠣᠰ ᠪᠦᠬᠦᠲᠦ ᠳᠡᠮᠡᠭᠡᠨ ᠤ ᠰᠠᠭᠤᠷᠢᠨ ᠭᠠᠵᠠᠷ ᠢ ᠰᠦᠨᠢᠳ ᠬᠤᠣᠰ ᠪᠦᠬᠦᠲᠦ ᠳᠡᠮᠡᠭᠡ ᠳᠡᠵᠢᠬᠡᠨ ᠦᠷᠡᠵᠢᠬᠦᠯᠬᠦ᠂ ᠢᠩᠭᠡᠨ ᠰᠦ ᠪᠠ ᠡᠬᠡᠳᠦᠭᠰᠡᠨ ᠰᠦ ᠢ ᠪᠣᠯᠪᠠᠰᠣᠷᠠᠭᠤᠯᠣᠨ ᠪᠣᠷᠣᠯᠠᠭᠤᠯᠬᠤ ᠠᠵᠦ ᠦᠢᠯᠠᠰ ‍ᠤᠨ‌‍ᠬᠦ᠋ᠭᠵᠢᠯᠳᠡ ᠶᠢᠨ ᠰᠠᠭᠤᠷᠢᠨ ᠭᠠᠵᠠᠷ ᠪᠣᠯᠭᠠᠨ ᠬᠦᠭᠵᠢᠬᠦᠯᠵᠦ᠂ ︽ᠰᠠᠭᠤᠷᠢᠨ ᠭᠠᠵᠠᠷ + ᠬᠤᠷᠰᠢᠶᠠᠵᠢᠯ + ᠶᠠᠳᠠᠭᠤ ᠬᠦᠴᠢᠷᠳᠡᠯᠲᠠᠢ ᠡᠷᠦᠬᠡ︾ ᠮᠠᠶ᠋ᠢᠭ ‍ᠤᠨ‌ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠬᠦᠭᠵᠢᠯᠳᠡ ᠶᠢᠨ ᠬᠡᠯᠪᠡᠷᠢ ᠶᠢ ᠡᠬᠦᠳᠦᠭᠰᠡᠨ ᠪᠠᠶᠢᠨ᠎ᠠ᠃
     ᠰᠦᠨᠢᠳ ᠬᠤᠣᠰ ᠪᠦᠬᠦᠲᠦ ᠳᠡᠮᠡᠭᠡᠨ ᠤ ᠳᠡᠵᠢᠬᠡᠨ ᠦᠷᠡᠵᠢᠬᠦᠯᠬᠦ ᠳᠣᠰᠠᠬᠠᠢ ᠬᠤᠷᠰᠢᠶᠠᠵᠢᠯ ᠨᠢ ᠵᠢᠯ ᠪᠣᠯᠭᠠᠨ ᠣᠷᠣᠭᠤᠯᠣᠭᠰᠠᠨ ᠪᠡᠯᠡ ᠮᠦᠩᠭᠦᠨ ᠤ 8% ︵24  ᠲᠥᠮᠡᠨ ᠲᠥᠭᠦᠷᠢᠭ︶ ᠤᠨ ᠠᠰᠢᠭ ᠣᠷᠣᠯᠭ᠎ᠠ ᠶᠢ ᠰᠣᠮᠣᠨ ᠤ ᠵᠠᠰᠠᠭ ᠤᠨ ᠣᠷᠳᠣᠨ ᠳᠤ ᠲᠤᠰᠢᠶᠠᠵᠦ᠂ ᠰᠣᠮᠣᠨ ᠤ ᠵᠠᠰᠠᠭ ᠤᠨ ᠣᠷᠳᠣᠨ ᠨᠢ 50% ᠶᠢᠨ ᠠᠰᠢᠭ  ᠣᠷᠣᠯᠭ᠎ᠠ ᠶᠢ ᠷᠠᠰᠢᠶᠠᠨᠳᠤ ᠭᠠᠴᠠᠭᠠᠨ ᠤ ᠬᠠᠮᠲᠦ ᠶᠢᠨ ᠠᠵᠦ ᠠᠬᠤᠢ ᠶᠢᠨ ᠣᠷᠣᠯᠭ᠎ᠠ ᠳᠤ ᠣᠷᠣᠭᠤᠯᠵᠦ᠂ 50% ᠶᠢ ᠪᠣᠰᠣᠳ 7 ᠭᠠᠴᠠᠭᠠᠨ ᠤ 163 ᠡᠷᠦᠬᠡ ᠶᠢᠨ 423 ᠶᠠᠳᠠᠭᠤ ᠬᠦᠴᠢᠷᠳᠡᠯᠲᠠᠢ ᠬᠦᠮᠦᠨ ᠠᠮᠠ ᠳᠤ ᠠᠰᠢᠭ ᠬᠤᠪᠢᠶᠠᠷᠢᠯᠠᠬᠤ ᠵᠢᠴᠢ ᠭᠠᠴᠠᠭᠠᠨ ᠤ ᠨᠡᠶᠢᠭᠡᠮ ᠤᠨ ᠠᠰᠠᠷᠠᠮᠵᠢ ᠶᠢᠨ ᠦᠢᠯᠡᠰ ᠲᠤ ᠵᠣᠷᠢᠭᠤᠯᠵᠦ᠂ ᠶᠠᠳᠠᠭᠤ ᠬᠦᠴᠢᠷᠳᠡᠯᠲᠠᠢ ᠮᠠᠯᠴᠢᠨ ᠳᠦᠮᠡᠨ ᠤ ᠣᠷᠣᠯᠭ᠎ᠠ ᠶᠢ ᠨᠡᠮᠡᠭᠳᠡᠬᠦᠯᠬᠦ ᠶᠢᠨ ᠵᠡᠷᠭᠡᠪᠡᠷ ᠭᠠᠴᠠᠭᠠᠨ ᠤ ᠬᠠᠮᠲᠦ ᠶᠢᠨ ᠠᠵᠦ ᠠᠬᠤᠢ ᠶᠢ ᠪᠣᠵᠠᠭᠠᠶᠢᠷᠠᠭᠤᠯᠵᠦ᠂ ᠭᠠᠴᠠᠭᠠᠨ ᠤ ᠨᠠᠮ ᠤᠨ ᠡᠬᠦᠷ ᠤᠨ ᠨᠢᠭᠳᠠᠷᠠᠯ ᠤᠨ ᠬᠦᠴᠦᠨ ᠪᠠ ᠪᠠᠶᠢᠯᠳᠣᠬᠤ ᠬᠦᠴᠦᠨ ᠢ ᠦᠨᠡᠨᠬᠦ ᠨᠡᠮᠡᠭᠳᠡᠬᠦᠯᠦᠭᠰᠡᠨ ᠪᠠᠶᠢᠨ᠎ᠠ᠃
     ᠰᠤᠮᠤᠨ ᠤ ᠬᠠᠷᠢᠭᠤᠴᠠᠯᠭᠠᠳᠠᠨ ᠠᠴᠠ ︽ᠤᠳᠤᠬᠨ ᠳᠤ ᠤᠯᠠᠩᠬᠢ ᠬᠡᠷᠡᠭᠯᠡᠭᠴᠢᠳ ᠦᠨᠳᠦᠷ ᠴᠢᠨᠠᠷ᠂ ᠪᠠᠶᠢᠭᠠᠯᠢᠯᠢᠭ  ᠪᠦᠳᠦᠭᠡᠭᠳᠡᠬᠦᠨ ᠢ ᠬᠦᠭᠡᠭᠡᠴᠡᠯᠳᠡᠳᠡᠭ ᠪᠣᠯᠣᠭᠰᠠᠨ ᠪᠠᠶᠢᠨ᠎ᠠ᠃ ᠢᠩᠭᠡᠨ ᠰᠦ ᠨᠢ ᠵᠠᠬ᠎ᠠ ᠳᠡᠯᠬᠡᠬᠦᠷ ᠤᠨ ᠬᠦᠷᠢᠶᠡᠯᠡᠯ ᠢ ᠮᠠᠰᠢ ᠶᠡᠭᠡ ᠤᠯᠵᠦ ᠪᠠᠶᠢᠨ᠎ᠠ᠃ ᠡᠶᠢᠮᠦ ᠠᠴᠠ ᠪᠢᠳᠡ ᠣᠷᠣᠨ ᠨᠣᠳᠤᠭ ᠤᠨ ᠬᠤᠣᠰ ᠪᠦᠬᠦᠲᠦ ᠳᠡᠮᠡᠭᠡᠨ ᠬᠠᠮᠠᠭᠠᠯᠠᠨ ᠪᠥᠢᠵᠢᠭᠤᠯᠤᠭᠰᠠᠨ ᠰᠠᠭᠤᠷᠢᠨ ᠳᠡᠭᠡᠷ᠎ᠡ᠂ ᠰᠢᠯᠢᠳᠡᠭ ᠡᠬᠦᠯᠳᠡᠷ ᠤᠨ ᠳᠡᠮᠡᠭᠡᠨ ᠤ ᠠᠵᠦ ᠦᠢᠯᠡᠰ ᠢ ᠶᠡᠬᠡᠪᠡᠷ ᠬᠦᠭᠵᠢᠬᠦᠯᠵᠦ᠂ ᠴᠢᠨᠠᠭᠰᠢᠯᠠᠨ ᠳᠡᠮᠡᠭᠡᠨ‌ᠨᠣᠣᠰᠦ᠂ ᠳᠡᠮᠡᠭᠡᠨ ᠮᠢᠬ᠎ᠠ᠂ ᠢᠩᠭᠡᠨ ᠰᠦ ᠵᠡᠷᠭᠡ ᠪᠦᠳᠦᠬᠡᠭᠳᠡᠬᠦᠨ ᠤ ᠠᠵᠦ ᠦᠢᠯᠡᠰᠵᠢᠯᠡᠭᠰᠡᠨ ᠬᠦᠭᠵᠢᠯᠳᠡ ᠶᠢ ᠳᠠᠰᠣᠷᠠᠯᠳᠠ ᠦᠬᠡᠢ ᠠᠬᠢᠭᠤᠯᠵᠦ᠂ ᠳᠡᠮᠡᠭᠡ ᠦᠷᠡᠵᠢᠬᠦᠯᠦᠨ ᠪᠣᠶᠢᠵᠢᠭᠤᠯᠬᠤ ᠦᠢᠯᠡᠰ ᠤᠨ ᠠᠵᠦ ᠠᠬᠤᠢ ᠶᠢᠨ ᠠᠰᠢᠭ ᠢ ᠨᠡᠮᠡᠭᠳᠡᠬᠦᠯᠵᠦ᠂ ᠮᠠᠯᠴᠢᠨ ᠳᠦᠮᠡᠨ ᠳᠤ ᠪᠠᠨ ᠨᠡᠩ ᠶᠡᠭᠡ ᠠᠰᠢᠭ ᠣᠷᠣᠯᠭ᠎ᠠ ᠶᠢ ᠠᠪᠴᠢᠷᠠᠬᠤ ᠪᠣᠯᠣᠨ᠎ᠠ︾᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号