ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠰᠠᠶᠢᠳᠤᠷ ᠬᠠᠮᠠᠭᠠᠯᠠᠬᠤ ᠲᠤᠯᠤᠭᠠᠨ ᠠᠷᠭ᠎ᠠ
ᠨᠡᠶᠢᠲᠡᠯᠡᠭᠰᠡᠨ ᠴᠠᠭ᠄
2020/12/10
     ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠡᠷᠴᠢᠮ ᠢ  ᠤᠯᠠᠮ  ᠴᠢᠩᠭᠠᠷᠠᠭᠤᠯᠵᠦ᠂ ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠬᠠᠤᠯᠢ  ᠲᠦᠷᠢᠮ ᠎ ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠲᠤᠰᠠᠲᠠ᠂ ︽ᠬᠤᠪᠢ ᠬᠦᠮᠤᠨ ᠤ ᠮᠦᠩᠭᠦᠨ ᠭᠦᠢᠯᠭᠡᠭᠡᠨ ᠤ  ᠰᠤᠷᠠᠭ  ᠵᠠᠩᠭᠢ ︵ᠲᠤᠭ᠎ᠠ  ᠪᠠᠷᠢᠮᠲᠠ︶  ᠎ ᠶᠢ ᠬᠠᠮᠠᠭᠠᠯᠠᠬᠤ ᠲᠤᠷᠰᠢᠨ ᠬᠡᠷᠡᠭᠯᠡᠬᠦ ᠠᠷᠭ᠎ᠠ︾ ᠵᠡᠷᠭᠡ ᠶᠢ ᠠᠷᠠᠳ ᠤᠨ ᠪᠠᠩᠭᠢ ᠶᠢᠨ ᠲᠦᠷᠢᠮ ᠲᠤᠭᠲᠠᠭᠠᠯ ᠠᠵᠢᠯ ᠤᠨ  ᠲᠦᠯᠦᠪᠯᠡᠭᠡ ᠳᠤ ᠤᠷᠤᠭᠤᠯᠵᠦ᠂ ︽ᠲᠤᠮᠳᠠᠳᠤ ᠤᠯᠤᠰ ᠤᠨ ᠠᠷᠠᠳ ᠤᠨ ᠪᠠᠩᠭᠢ ᠵᠢᠨ‌ᠮᠦ᠋ᠩᠭᠦᠨ ᠭᠦᠢᠯᠭᠡᠭᠡᠨ ᠤ  ᠬᠡᠷᠡᠭᠯᠡᠭᠴᠢᠳ  ᠎ ᠤᠨ ᠡᠷᠬᠡ ᠠᠰᠢᠭ ᠢ ᠬᠠᠮᠠᠭᠠᠯᠠᠬᠤ ᠬᠡᠷᠡᠭᠵᠢᠭᠦᠯᠬᠦ ᠠᠷᠭ᠎ᠠ︾᠎ ᠶᠢ 11 ᠰᠠᠷ᠎ᠠ ᠶᠢᠨ  1  ᠎ ᠤ  ᠡᠳᠤᠷ  ᠎ ᠠᠴᠠ  ᠡᠬᠢᠯᠡᠨ  ᠬᠡᠷᠡᠭᠵᠢᠭᠦᠯᠪᠡ᠂  ᠲᠤᠰ ᠬᠡᠷᠡᠭᠵᠢᠭᠦᠯᠬᠦ ᠠᠷᠭ᠎ᠠ ᠎ ᠨᠢ ᠤᠤᠯ ᠤᠨ ᠪᠠᠶᠢᠭᠰᠠᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠲᠤᠰᠬᠠᠢ ᠲᠦᠷᠢᠮ‌‍ᠤᠨ ᠰᠠᠭᠤᠷᠢᠨ ᠳᠡᠭᠡᠷ᠎ᠡ᠂ ᠰᠤᠷᠠᠭ ᠵᠠᠩᠭᠢ ᠴᠤᠭᠯᠠᠭᠤᠯᠬᠤ᠂ ᠨᠡᠶᠢᠲᠡᠯᠡᠬᠦ ᠪᠠ ᠮᠡᠳᠡᠭᠳᠡᠬᠦ᠂ ᠬᠡᠷᠡᠭᠯᠡᠬᠦ᠂  ᠬᠠᠮᠢᠶᠠᠷᠬᠤ᠂  ᠬᠠᠳᠠᠭᠠᠯᠠᠬᠤ ᠪᠠ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠪᠠᠷ ᠰᠢᠯᠢᠳᠡᠭᠵᠢᠭᠦᠯᠦᠭᠰᠡᠨ ᠪᠠᠶᠢᠨ᠎ᠠ᠃ ᠬᠡᠷᠡᠭᠯᠡᠭᠴᠢᠳ ᠎ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠳᠤ ᠶᠡᠷᠤᠳᠡᠭᠡᠨ ᠬᠤᠪᠢ ᠬᠦᠮᠤᠨ ᠤ ᠪᠡᠶ᠎ᠡ ᠶᠢᠨ ᠭᠠᠷᠤᠯ ᠤᠨ ᠰᠤᠷᠠᠭ ᠵᠠᠩᠭᠢ᠂ ᠡᠳ᠋  ᠬᠦᠷᠦᠩᠭᠡ  ᠎ ᠶᠢᠨ  ᠰᠤᠷᠠᠭ ᠵᠠᠩᠭᠢ᠂ ᠳᠠᠩᠰᠨ ᠬᠠᠷ᠎ᠠ ᠶᠢᠨ ᠰᠤᠷᠠᠭ ᠵᠠᠩᠭᠢ᠂ ᠢᠲᠡᠭᠡᠮᠵᠢ ᠶᠢᠨ ᠰᠤᠷᠠᠭ ᠵᠠᠩᠭᠢ᠂ ᠮᠦᠩᠭᠦᠨ ᠭᠦᠢᠯᠭᠡᠭᠡᠨ ᠤ  ᠰᠤᠯᠢᠯᠴᠠᠭᠠᠨ  ‍ᠣ‌‍ᠰᠤᠷᠠᠭ ᠵᠠᠩᠭᠢ ᠪᠤᠯᠤᠨ ᠬᠤᠪᠢ ᠬᠦᠮᠤᠨ ᠤ ᠪᠤᠰᠤᠳ ᠵᠠᠷᠢᠮ ᠤᠨᠴᠠᠭᠠᠢ ᠰᠤᠷᠠᠭ ᠵᠠᠩᠭᠢ ᠪᠠᠭᠲᠠᠨ᠎ᠠ᠃ ᠡᠳᠡᠭᠡᠷ  ᠴᠢᠬᠤᠯᠠ ᠰᠤᠷᠠᠭ ᠵᠠᠩᠭᠢ ᠯᠡᠪᠡᠷᠡᠬᠦ ᠳᠤ ᠬᠦᠷᠪᠡᠯ ᠮᠦᠩᠭᠦᠨ ᠭᠦᠢᠯᠭᠡᠭᠡᠨ ᠤ ᠬᠡᠷᠡᠭᠯᠡᠭᠴᠢᠳ ᠤᠨ ᠲᠤᠰ ᠪᠡᠶ᠎ᠡ ᠪᠤᠯᠤᠨ ᠭᠡᠷ ᠪᠦᠯᠢ᠂ ᠰᠠᠳᠤᠨ ᠲᠦᠷᠦᠯ ᠤᠨ ᠡᠳ᠋ ᠬᠦᠷᠦᠩᠭᠡ ᠳᠤ ᠬᠤᠬᠢᠷᠠᠯ ᠤᠴᠠᠷᠠᠵᠦ ᠮᠡᠳᠡᠨ᠎ᠡ᠃ ᠡᠶᠢᠮᠤ ᠶᠢᠨ ᠲᠤᠯᠠᠳᠠ᠂ ᠬᠤᠪᠢ ᠬᠦᠮᠤᠨ ‍ᠣ‌ᠮᠦ᠋ᠩᠭᠦᠨ ᠭᠦᠢᠯᠭᠡᠭᠡᠨ ‍ᠣ‌‍ᠰᠤᠷᠠᠭ ᠵᠠᠩᠭᠢ ᠎ ᠶᠢ ᠬᠠᠮᠠᠭᠠᠯᠠᠬᠤ ᠳᠤ ᠲᠤᠤᠷᠠᠬᠢ ᠲᠤᠯᠤᠭᠠᠨ ᠲᠠᠯ᠎ᠠ ᠶᠢ ᠭᠤᠤᠯᠳᠠᠯᠭ᠎ᠠ ᠲᠠᠢ ᠡᠵᠡᠮᠳᠡᠬᠦ ᠪᠤᠯᠪᠠ ᠦᠦ ᠭᠡᠵᠦ ᠲᠦᠪ ᠪᠠᠩᠭᠢ ᠰᠠᠨᠠᠭᠤᠯᠵᠦ ᠪᠠᠶᠢᠨ᠎ᠠ᠄      ᠨᠢᠭᠡ ᠳᠤ ᠪᠡᠶ᠎ᠡ ᠶᠢᠨ ᠦᠨᠡᠮᠯᠡᠯ᠂ ᠪᠠᠩᠭᠢ ᠶᠢᠨ ᠺᠠᠷᠲ᠂ ᠪᠠᠩᠭᠢ ᠶᠢᠨ ᠳᠠᠩᠰᠠ ᠵᠡᠷᠭᠡ  ᠎ ᠪᠠᠨ  ᠰᠠᠶᠢᠳᠤᠷ  ᠬᠠᠮᠢᠶᠠᠷᠬᠤ ᠬᠡᠷᠡᠭᠲᠡᠢ᠂ ᠪᠤᠰᠤᠳ ᠲᠤ ᠵᠢᠭᠡᠯᠡᠭᠦᠯᠵᠦ ᠪᠤᠯᠬᠤ ᠦᠭᠡᠢ︔      ᠬᠤᠶᠠᠷ ᠲᠤ ᠮᠦᠩᠭᠦᠨ ᠭᠦᠢᠯᠭᠡᠭᠡᠨ ᠤ ᠰᠤᠷᠠᠭ ᠵᠠᠩᠭᠢ᠂ ᠡᠳ᠋ ᠬᠦᠷᠦᠩᠭᠡ ᠶᠢᠨ ᠪᠠᠶᠢᠳᠠᠯ ᠵᠡᠷᠭᠡ ᠦᠨᠳᠦᠰᠦᠨ ᠰᠤᠷᠠᠭ ᠵᠠᠩᠭᠢ ᠪᠠᠨ ᠪᠤᠰᠤᠳ ᠲᠤ ᠵᠠᠳᠠᠷᠠᠭᠤᠯᠤᠭᠰᠠᠨ ᠤ ᠬᠡᠷᠡᠭ ᠦᠭᠡᠢ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ ᠎ ᠤ ᠭᠠᠳᠠᠨ᠎ᠠ  ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠲᠤᠷ᠎ᠠ ᠪᠠᠷ ᠢᠶᠠᠨ ᠦᠯᠡᠳᠡᠭᠡᠵᠦ ᠪᠤᠯᠬᠤ ᠦᠭᠡᠢ︔              ᠭᠤᠷᠪᠠ ᠳᠤ ᠮᠦᠩᠭᠦᠨ ᠭᠦᠢᠯᠭᠡᠭᠡᠨ ᠤ ᠶᠠᠪᠤᠳᠠᠯ  ᠎ ᠢ ᠠᠯᠢ  ᠪᠤᠯᠬᠤ ᠶᠢᠨ ᠲᠤᠲᠤᠷ ᠦᠪᠡᠷ ᠢᠶᠠᠨ ᠭᠦᠢᠴᠡᠳᠭᠡᠬᠦ‌‍ᠬᠡᠷᠡᠭᠲᠡᠢ᠂ ᠲᠠᠨᠢᠯ ᠪᠤᠰᠤ ᠬᠦᠮᠤᠨ ᠪᠤᠶᠤ ᠵᠠᠭᠤᠴᠢ ᠶᠢ ᠨᠠᠶᠢᠳᠠᠵᠦ ᠪᠤᠯᠬᠤ ᠦᠭᠡᠢ᠂ ᠬᠤᠪᠢ  ᠬᠦᠮᠤᠨ ᠤ ᠰᠤᠷᠠᠭ  ᠵᠠᠩᠭᠢ ᠬᠤᠯᠠᠭᠠᠶᠢᠯᠠᠭᠳᠠᠬᠤ ᠠᠴᠠ ᠪᠤᠯᠭᠤᠮᠵᠢᠯᠠᠬᠤ ᠬᠡᠷᠡᠭᠲᠡᠢ︔              ᠲᠦᠷᠪᠡ ᠳᠤ ᠦᠪᠡᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠷ ᠢᠶᠠᠨ ᠡᠯ᠎ᠡ ᠵᠥᠢᠯ ᠤᠨ ᠲᠤᠬᠠᠶᠢᠯᠠᠭᠰᠠᠨ ᠠᠵᠢᠯ ᠭᠦᠢᠴᠡᠳᠭᠡᠬᠦ ᠦᠶᠡᠰ ᠬᠠᠭᠤᠯᠪᠤᠷᠢ ᠳᠡᠭᠡᠷ᠎ᠡ ᠪᠠᠨ ᠬᠡᠷᠡᠭᠯᠡᠬᠦ ᠵᠤᠷᠢᠯᠭ᠎ᠠ ᠪᠠᠨ ᠲᠤᠲᠤᠷᠬᠠᠶᠢᠯᠠᠬᠤ ᠬᠡᠷᠡᠭᠲᠡᠢ︔              ᠲᠠᠪᠤ ᠳᠤ ᠺᠠᠷᠲ ᠰᠢᠷᠪᠢᠭᠰᠡᠨ ᠬᠤᠳᠠᠯᠳᠤᠭᠠᠨ ᠤ ᠪᠠᠷᠢᠮᠲᠠ᠂ ᠵᠤᠭᠤᠰ ᠠᠪᠤᠭᠰᠠᠨ ᠭᠡᠷᠡᠴᠢ᠂ ᠢᠲᠡᠭᠡᠮᠵᠢ  ᠎ ᠶᠢᠨ  ᠺᠠᠷᠲ‌‍ᠤᠨ ᠳᠠᠩᠰᠠ ᠲᠠᠭᠠᠷᠠᠭᠤᠯᠤᠭᠰᠠᠨ ᠪᠠᠷᠢᠮᠲᠠ ᠵᠡᠷᠭᠡ ᠲᠡᠷᠡ ᠲᠠᠷᠤᠢ ᠳᠤᠨᠢ  ᠦᠭᠡᠶᠢᠭᠢᠬᠦ  ᠴᠢᠬᠤᠯᠠᠲᠠᠢ  ᠮᠦᠩᠭᠦᠨ  ᠭᠦᠢᠯᠭᠡᠭᠡᠨ  ᠎ ᠤ ᠲᠤᠬᠠᠶᠢᠯᠠᠭᠰᠠᠨ ᠠᠵᠢᠯ ᠤᠨ ᠳᠠᠩᠰᠠ ᠪᠠᠷᠢᠮᠲᠠ ᠶᠢ ᠬᠠᠮᠢᠶ᠎ᠠ ᠦᠭᠡᠢ ᠬᠠᠶᠠᠵᠦ ᠭᠡᠭᠡᠵᠦ ᠪᠤᠯᠬᠤ ᠦᠭᠡᠢ︔              ᠵᠢᠷᠭᠤᠭ᠎ᠠ ᠳᠤ ᠢᠷᠡᠯ ᠨᠢ ᠲᠤᠳᠤ ᠦᠭᠡᠢ ᠭᠠᠷ ᠤᠲᠠᠰᠤᠨ ᠤ ᠴᠢᠬᠢᠮ  ᠴᠢᠮᠡᠭᠡ᠂  ᠰᠢᠤᠳᠠᠨ  ᠭᠤᠪᠢᠭᠤᠯᠭ᠎ᠠ  ᠪᠤᠯᠤᠨ ᠲᠤᠲᠤᠷᠬᠠᠢ ᠪᠤᠰᠤ ᠬᠤᠯᠪᠤᠭᠠᠰᠤ ᠶᠢ ᠲᠤᠷᠠᠪᠠᠷ ᠢᠶᠠᠨ ᠲᠤᠪᠰᠢᠵᠦ ᠪᠤᠯᠬᠤ ᠦᠭᠡᠢ᠂ ᠢᠷᠡᠯ ᠨᠢ ᠲᠤᠲᠤ ᠦᠭᠡᠢ ᠮᠡᠷᠭᠡᠨ ᠴᠤᠬᠤᠷ ᠢ ᠪᠢᠲᠡᠬᠡᠢ ᠬᠠᠮᠢᠶ᠎ᠠ ᠦᠭᠡᠢ ᠰᠢᠷᠪᠢᠭᠡᠷᠡᠢ᠂ ᠤᠯᠠᠨ ᠨᠡᠶᠢᠲᠡ ᠶᠢᠨ WiFi᠂ ᠨᠢᠭᠤᠴᠠ ᠨᠤᠮᠧᠷ ᠦᠭᠡᠢ WiFi᠎ ᠶᠢ  ᠬᠢᠴᠢᠶᠡᠵᠦ ᠬᠡᠷᠡᠭᠯᠡᠬᠦ ᠬᠡᠷᠡᠭᠲᠡᠢ︔              ᠲᠤᠯᠤᠭ᠎ᠠ ᠳᠤ ᠦᠪᠡᠷ ᠤᠨ ᠴᠢᠨᠢ ᠮᠦᠩᠭᠦᠨ ᠭᠦᠢᠯᠭᠡᠭᠡᠨ ᠤ ᠰᠤᠷᠠᠭ ᠵᠠᠩᠭᠢ ᠵᠠᠳᠠᠷᠠᠭᠰᠠᠨ ᠢ ᠮᠡᠳᠡᠮᠡᠭᠴᠡ  ᠳᠠᠷᠤᠶᠢᠬᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠷᠢᠯᠴᠠᠵᠦ ᠡᠷᠭᠡ ᠪᠠᠨ ᠬᠠᠮᠠᠭᠠᠯᠠᠬᠤ ᠬᠡᠷᠡᠭᠲᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号