ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠡᠷᠴᠢᠮ ᠢ ᠤᠯᠠᠮ | ᠴᠢᠩᠭᠠᠷᠠᠭᠤᠯᠵᠦ᠂ ᠬᠡᠷᠡᠭᠯᠡᠭᠴᠢᠳ ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠬᠠᠤᠯᠢ ᠲᠦᠷᠢᠮ | ᠤᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠶᠢᠨ ᠲᠤᠰᠠᠲᠠ᠂ ︽ᠬᠤᠪᠢ ᠬᠦᠮᠤᠨ ᠤ ᠮᠦᠩᠭᠦᠨ ᠭᠦᠢᠯᠭᠡᠭᠡᠨ ᠤ | ᠰᠤᠷᠠᠭ ᠵᠠᠩᠭᠢ ︵ᠲᠤᠭ᠎ᠠ ᠪᠠᠷᠢᠮᠲᠠ︶ ᠶᠢ ᠬᠠᠮᠠᠭᠠᠯᠠᠬᠤ ᠲᠤᠷᠰᠢᠨ ᠬᠡᠷᠡᠭᠯᠡᠬᠦ ᠠᠷᠭ᠎ᠠ︾ ᠵᠡᠷᠭᠡ ᠶᠢ ᠠᠷᠠᠳ ᠤᠨ | ᠪᠠᠩᠭᠢ ᠶᠢᠨ ᠲᠦᠷᠢᠮ ᠲᠤᠭᠲᠠᠭᠠᠯ ᠠᠵᠢᠯ ᠤᠨ ᠲᠦᠯᠦᠪᠯᠡᠭᠡ ᠳᠤ ᠤᠷᠤᠭᠤᠯᠵᠦ᠂ ︽ᠲᠤᠮᠳᠠᠳᠤ ᠤᠯᠤᠰ ᠤᠨ | ᠠᠷᠠᠳ ᠤᠨ ᠪᠠᠩᠭᠢ ᠵᠢᠨᠮᠦ᠋ᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠡᠷᠡᠭᠵᠢᠭᠦᠯᠬᠦ | ᠠᠷᠭ᠎ᠠ︾ ᠶᠢ 11 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠭᠦᠯᠪᠡ᠂ ᠲᠤᠰ ᠬᠡᠷᠡᠭᠵᠢᠭᠦᠯᠬᠦ ᠠᠷᠭ᠎ᠠ | ᠨᠢ ᠤᠤᠯ ᠤᠨ ᠪᠠᠶᠢᠭᠰᠠᠨ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠬᠠᠮᠠᠭᠠᠯᠠᠬᠤ ᠲᠤᠰᠬᠠᠢ ᠲᠦᠷᠢᠮᠤᠨ | ᠰᠠᠭᠤᠷᠢᠨ ᠳᠡᠭᠡᠷ᠎ᠡ᠂ ᠰᠤᠷᠠᠭ ᠵᠠᠩᠭᠢ ᠴᠤᠭᠯᠠᠭᠤᠯᠬᠤ᠂ ᠨᠡᠶᠢᠲᠡᠯᠡᠬᠦ ᠪᠠ ᠮᠡᠳᠡᠭᠳᠡᠬᠦ᠂ ᠬᠡᠷᠡᠭᠯᠡᠬᠦ᠂ ᠬᠠᠮᠢᠶᠠᠷᠬᠤ᠂ | ᠬᠠᠳᠠᠭᠠᠯᠠᠬᠤ ᠪᠠ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠪᠠᠷ ᠰᠢᠯᠢᠳᠡᠭᠵᠢᠭᠦᠯᠦᠭᠰᠡᠨ ᠪᠠᠶᠢᠨ᠎ᠠ᠃ ᠬᠡᠷᠡᠭᠯᠡᠭᠴᠢᠳ | ᠤᠨ ᠮᠦᠩᠭᠦᠨ ᠭᠦᠢᠯᠭᠡᠭᠡᠨ ᠤ ᠰᠤᠷᠠᠭ ᠵᠠᠩᠭᠢ ᠳᠤ ᠶᠡᠷᠤᠳᠡᠭᠡᠨ ᠬᠤᠪᠢ ᠬᠦᠮᠤᠨ ᠤ ᠪᠡᠶ᠎ᠡ ᠶᠢᠨ ᠭᠠᠷᠤᠯ ᠤᠨ ᠰᠤᠷᠠᠭ | ᠵᠠᠩᠭᠢ᠂ ᠡᠳ᠋ ᠬᠦᠷᠦᠩᠭᠡ ᠶᠢᠨ ᠰᠤᠷᠠᠭ ᠵᠠᠩᠭᠢ᠂ ᠳᠠᠩᠰᠨ ᠬᠠᠷ᠎ᠠ ᠶᠢᠨ ᠰᠤᠷᠠᠭ ᠵᠠᠩᠭᠢ᠂ ᠢᠲᠡᠭᠡᠮᠵᠢ ᠶᠢᠨ ᠰᠤᠷᠠᠭ | ᠵᠠᠩᠭᠢ᠂ ᠮᠦᠩᠭᠦᠨ ᠭᠦᠢᠯᠭᠡᠭᠡᠨ ᠤ ᠰᠤᠯᠢᠯᠴᠠᠭᠠᠨ ᠣᠰᠤᠷᠠᠭ ᠵᠠᠩᠭᠢ ᠪᠤᠯᠤᠨ ᠬᠤᠪᠢ ᠬᠦᠮᠤᠨ ᠤ ᠪᠤᠰᠤᠳ ᠵᠠᠷᠢᠮ | ᠤᠨᠴᠠᠭᠠᠢ ᠰᠤᠷᠠᠭ ᠵᠠᠩᠭᠢ ᠪᠠᠭᠲᠠᠨ᠎ᠠ᠃ ᠡᠳᠡᠭᠡᠷ ᠴᠢᠬᠤᠯᠠ ᠰᠤᠷᠠᠭ ᠵᠠᠩᠭᠢ ᠯᠡᠪᠡᠷᠡᠬᠦ ᠳᠤ ᠬᠦᠷᠪᠡᠯ ᠮᠦᠩᠭᠦᠨ | ᠭᠦᠢᠯᠭᠡᠭᠡᠨ ᠤ ᠬᠡᠷᠡᠭᠯᠡᠭᠴᠢᠳ ᠤᠨ ᠲᠤᠰ ᠪᠡᠶ᠎ᠡ ᠪᠤᠯᠤᠨ ᠭᠡᠷ ᠪᠦᠯᠢ᠂ ᠰᠠᠳᠤᠨ ᠲᠦᠷᠦᠯ ᠤᠨ ᠡᠳ᠋ ᠬᠦᠷᠦᠩᠭᠡ ᠳᠤ | ᠬᠤᠬᠢᠷᠠᠯ ᠤᠴᠠᠷᠠᠵᠦ ᠮᠡᠳᠡᠨ᠎ᠡ᠃ ᠡᠶᠢᠮᠤ ᠶᠢᠨ ᠲᠤᠯᠠᠳᠠ᠂ ᠬᠤᠪᠢ ᠬᠦᠮᠤᠨ ᠣᠮᠦ᠋ᠩᠭᠦᠨ ᠭᠦᠢᠯᠭᠡᠭᠡᠨ ᠣᠰᠤᠷᠠᠭ ᠵᠠᠩᠭᠢ | ᠶᠢ ᠬᠠᠮᠠᠭᠠᠯᠠᠬᠤ ᠳᠤ ᠲᠤᠤᠷᠠᠬᠢ ᠲᠤᠯᠤᠭᠠᠨ ᠲᠠᠯ᠎ᠠ ᠶᠢ ᠭᠤᠤᠯᠳᠠᠯᠭ᠎ᠠ ᠲᠠᠢ ᠡᠵᠡᠮᠳᠡᠬᠦ ᠪᠤᠯᠪᠠ ᠦᠦ ᠭᠡᠵᠦ ᠲᠦᠪ | ᠪᠠᠩᠭᠢ ᠰᠠᠨᠠᠭᠤᠯᠵᠦ ᠪᠠᠶᠢᠨ᠎ᠠ᠄ | ᠨᠢᠭᠡ ᠳᠤ ᠪᠡᠶ᠎ᠡ ᠶᠢᠨ ᠦᠨᠡᠮᠯᠡᠯ᠂ ᠪᠠᠩᠭᠢ ᠶᠢᠨ ᠺᠠᠷᠲ᠂ ᠪᠠᠩᠭᠢ ᠶᠢᠨ ᠳᠠᠩᠰᠠ ᠵᠡᠷᠭᠡ ᠪᠠᠨ ᠰᠠᠶᠢᠳᠤᠷ | ᠬᠠᠮᠢᠶᠠᠷᠬᠤ ᠬᠡᠷᠡᠭᠲᠡᠢ᠂ ᠪᠤᠰᠤᠳ ᠲᠤ ᠵᠢᠭᠡᠯᠡᠭᠦᠯᠵᠦ ᠪᠤᠯᠬᠤ ᠦᠭᠡᠢ︔ | ᠬᠤᠶᠠᠷ ᠲᠤ ᠮᠦᠩᠭᠦᠨ ᠭᠦᠢᠯᠭᠡᠭᠡᠨ ᠤ ᠰᠤᠷᠠᠭ ᠵᠠᠩᠭᠢ᠂ ᠡᠳ᠋ ᠬᠦᠷᠦᠩᠭᠡ ᠶᠢᠨ ᠪᠠᠶᠢᠳᠠᠯ ᠵᠡᠷᠭᠡ ᠦᠨᠳᠦᠰᠦᠨ | ᠰᠤᠷᠠᠭ ᠵᠠᠩᠭᠢ ᠪᠠᠨ ᠪᠤᠰᠤᠳ ᠲᠤ ᠵᠠᠳᠠᠷᠠᠭᠤᠯᠤᠭᠰᠠᠨ ᠤ ᠬᠡᠷᠡᠭ ᠦᠭᠡᠢ᠂ ᠰᠦᠯᠵᠢᠶᠡᠨ ᠳᠡᠭᠡᠷ᠎ᠡ ᠪᠤᠶᠤ ᠰᠦᠯᠵᠢᠶᠡᠨ | ᠤ ᠭᠠᠳᠠᠨ᠎ᠠ ᠬᠤᠪᠢ ᠬᠦᠮᠤᠨ ᠤ ᠮᠦᠩᠭᠦᠨ ᠭᠦᠢᠯᠭᠡᠭᠡᠨ ᠤ ᠰᠤᠷᠠᠭ ᠵᠠᠩᠭᠢ ᠶᠢ ᠲᠤᠷ᠎ᠠ ᠪᠠᠷ ᠢᠶᠠᠨ ᠦᠯᠡᠳᠡᠭᠡᠵᠦ | ᠪᠤᠯᠬᠤ ᠦᠭᠡᠢ︔ | ᠭᠤᠷᠪᠠ ᠳᠤ ᠮᠦᠩᠭᠦᠨ ᠭᠦᠢᠯᠭᠡᠭᠡᠨ ᠤ ᠶᠠᠪᠤᠳᠠᠯ ᠢ ᠠᠯᠢ ᠪᠤᠯᠬᠤ ᠶᠢᠨ ᠲᠤᠲᠤᠷ ᠦᠪᠡᠷ ᠢᠶᠠᠨ | ᠭᠦᠢᠴᠡᠳᠭᠡᠬᠦᠬᠡᠷᠡᠭᠲᠡᠢ᠂ ᠲᠠᠨᠢᠯ ᠪᠤᠰᠤ ᠬᠦᠮᠤᠨ ᠪᠤᠶᠤ ᠵᠠᠭᠤᠴᠢ ᠶᠢ ᠨᠠᠶᠢᠳᠠᠵᠦ ᠪᠤᠯᠬᠤ ᠦᠭᠡᠢ᠂ ᠬᠤᠪᠢ ᠬᠦᠮᠤᠨ ᠤ | ᠰᠤᠷᠠᠭ ᠵᠠᠩᠭᠢ ᠬᠤᠯᠠᠭᠠᠶᠢᠯᠠᠭᠳᠠᠬᠤ ᠠᠴᠠ ᠪᠤᠯᠭᠤᠮᠵᠢᠯᠠᠬᠤ ᠬᠡᠷᠡᠭᠲᠡᠢ︔ | ᠲᠦᠷᠪᠡ ᠳᠤ ᠦᠪᠡᠷ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ᠪᠠᠷ ᠢᠶᠠᠨ ᠡᠯ᠎ᠡ ᠵᠥᠢᠯ ᠤᠨ | ᠲᠤᠬᠠᠶᠢᠯᠠᠭᠰᠠᠨ ᠠᠵᠢᠯ ᠭᠦᠢᠴᠡᠳᠭᠡᠬᠦ ᠦᠶᠡᠰ ᠬᠠᠭᠤᠯᠪᠤᠷᠢ ᠳᠡᠭᠡᠷ᠎ᠡ ᠪᠠᠨ ᠬᠡᠷᠡᠭᠯᠡᠬᠦ ᠵᠤᠷᠢᠯᠭ᠎ᠠ ᠪᠠᠨ | ᠲᠤᠲᠤᠷᠬᠠᠶᠢᠯᠠᠬᠤ ᠬᠡᠷᠡᠭᠲᠡᠢ︔ | ᠲᠠᠪᠤ ᠳᠤ ᠺᠠᠷᠲ ᠰᠢᠷᠪᠢᠭᠰᠡᠨ ᠬᠤᠳᠠᠯᠳᠤᠭᠠᠨ ᠤ ᠪᠠᠷᠢᠮᠲᠠ᠂ ᠵᠤᠭᠤᠰ ᠠᠪᠤᠭᠰᠠᠨ ᠭᠡᠷᠡᠴᠢ᠂ ᠢᠲᠡᠭᠡᠮᠵᠢ ᠶᠢᠨ | ᠺᠠᠷᠲᠤᠨ ᠳᠠᠩᠰᠠ ᠲᠠᠭᠠᠷᠠᠭᠤᠯᠤᠭᠰᠠᠨ ᠪᠠᠷᠢᠮᠲᠠ ᠵᠡᠷᠭᠡ ᠲᠡᠷᠡ ᠲᠠᠷᠤᠢ ᠳᠤᠨᠢ ᠦᠭᠡᠶᠢᠭᠢᠬᠦ ᠴᠢᠬᠤᠯᠠᠲᠠᠢ | ᠮᠦᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠳᠠᠩᠰᠠ ᠪᠠᠷᠢᠮᠲᠠ ᠶᠢ ᠬᠠᠮᠢᠶ᠎ᠠ ᠦᠭᠡᠢ ᠬᠠᠶᠠᠵᠦ ᠭᠡᠭᠡᠵᠦ | ᠪᠤᠯᠬᠤ ᠦᠭᠡᠢ︔ | ᠵᠢᠷᠭᠤᠭ᠎ᠠ ᠳᠤ ᠢᠷᠡᠯ ᠨᠢ ᠲᠤᠳᠤ ᠦᠭᠡᠢ ᠭᠠᠷ ᠤᠲᠠᠰᠤᠨ ᠤ ᠴᠢᠬᠢᠮ ᠴᠢᠮᠡᠭᠡ᠂ ᠰᠢᠤᠳᠠᠨ ᠭᠤᠪᠢᠭᠤᠯᠭ᠎ᠠ | ᠪᠤᠯᠤᠨ ᠲᠤᠲᠤᠷᠬᠠᠢ ᠪᠤᠰᠤ ᠬᠤᠯᠪᠤᠭᠠᠰᠤ ᠶᠢ ᠲᠤᠷᠠᠪᠠᠷ ᠢᠶᠠᠨ ᠲᠤᠪᠰᠢᠵᠦ ᠪᠤᠯᠬᠤ ᠦᠭᠡᠢ᠂ ᠢᠷᠡᠯ ᠨᠢ ᠲᠤᠲᠤ ᠦᠭᠡᠢ | ᠮᠡᠷᠭᠡᠨ ᠴᠤᠬᠤᠷ ᠢ ᠪᠢᠲᠡᠬᠡᠢ ᠬᠠᠮᠢᠶ᠎ᠠ ᠦᠭᠡᠢ ᠰᠢᠷᠪᠢᠭᠡᠷᠡᠢ᠂ ᠤᠯᠠᠨ ᠨᠡᠶᠢᠲᠡ ᠶᠢᠨ WiFi᠂ ᠨᠢᠭᠤᠴᠠ ᠨᠤᠮᠧᠷ | ᠦᠭᠡᠢ WiFi ᠶᠢ ᠬᠢᠴᠢᠶᠡᠵᠦ ᠬᠡᠷᠡᠭᠯᠡᠬᠦ ᠬᠡᠷᠡᠭᠲᠡᠢ︔ | ᠲᠤᠯᠤᠭ᠎ᠠ ᠳᠤ ᠦᠪᠡᠷ ᠤᠨ ᠴᠢᠨᠢ ᠮᠦᠩᠭᠦᠨ ᠭᠦᠢᠯᠭᠡᠭᠡᠨ ᠤ ᠰᠤᠷᠠᠭ ᠵᠠᠩᠭᠢ ᠵᠠᠳᠠᠷᠠᠭᠰᠠᠨ ᠢ ᠮᠡᠳᠡᠮᠡᠭᠴᠡ | ᠳᠠᠷᠤᠶᠢᠬᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠷᠢᠯᠴᠠᠵᠦ ᠡᠷᠭᠡ ᠪᠠᠨ ᠬᠠᠮᠠᠭᠠᠯᠠᠬᠤ ᠬᠡᠷᠡᠭᠲᠡᠢ᠃ |