ᠴᠢᠰᠤᠨ ᠰᠤᠳᠠᠯ ᠶᠠᠮᠠᠷ ᠬᠡᠮᠵᠢᠶᠡᠨ ᠳᠤ ᠬᠦᠷᠲᠡᠯ᠎ᠡ ᠲᠦᠭᠵᠢᠷᠠᠪᠠᠯ ᠰᠠᠶ᠋ᠢ ᠲᠤᠯᠤᠬᠴᠢ ᠲᠠᠯᠪᠢᠬᠤ ᠴᠢᠬᠤᠯᠠᠳᠠᠢ ᠪᠤᠢ︖
ᠨᠡᠶᠢᠲᠡᠯᠡᠭᠰᠡᠨ ᠴᠠᠭ᠄
2020/12/10
ᠣᠶᠢᠷ᠎ᠠ ᠶᠢᠨ ᠵᠢᠯ ᠤᠳ ᠳᠤ᠂ ᠮᠠᠨ ᠤ ᠤᠯᠤᠰ ᠤᠨ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ ᠳᠤ ᠨᠡᠷᠪᠡᠭᠳᠡᠬᠦ ᠡᠪᠡᠳᠴᠢᠳᠠᠨ ᠤ ᠨᠣᠷᠮ᠎ᠠ ᠤᠯᠠᠮ ᠠᠴᠠ ᠤᠯᠠᠮ ᠥᠨᠳᠥᠷ ᠪᠣᠯᠵᠣ᠂ ᠡᠪᠡᠳᠴᠢᠯᠡᠬᠦ ᠨᠠᠰᠤ ᠨᠢ ᠴᠤ ᠤᠯᠠᠮ ᠠᠴᠠ ᠤᠯᠠᠮ ᠵᠠᠯᠠᠭᠤᠵᠢᠵᠤ ᠪᠠᠶᠢᠨ᠎ᠠ᠃ ᠲᠢᠲᠢᠮᠯᠢᠭ ᠰᠤᠳᠠᠯ ᠤᠨ ᠴᠢᠰᠤᠨ ᠰᠤᠳᠠᠯ ᠬᠦᠨᠳᠦ ᠬᠡᠴᠡᠭᠦᠦ ᠨᠠᠷᠢᠰᠬᠤ ᠳᠤ ᠬᠦᠷᠪᠡᠯ᠂ ᠲᠤᠯᠤᠬᠴᠢ ᠲᠠᠯᠪᠢᠪᠡᠯ ᠴᠢᠰᠤᠨ ᠰᠤᠳᠠᠯ ᠢ ᠨᠡᠪᠲᠡᠷᠡᠭᠦᠯᠵᠦ ᠴᠢᠰᠤᠨ ᠤ ᠬᠠᠨᠭ᠍ᠭᠠᠯᠳᠠ ᠶᠢ ᠰᠠᠶᠢᠵᠢᠷᠠᠭᠤᠯᠵᠤ᠂ ᠶᠠᠭ ᠲᠦᠭᠵᠢᠷᠡᠭᠰᠡᠨ ᠭᠤᠤᠯ ‍ᠤᠨ‌ᠤᠰᠤ ᠶᠢ ᠨᠡᠪᠳᠡᠷᠡᠭᠦᠯᠵᠦ᠂ ᠤᠰᠤᠨ ᠤᠷᠤᠰᠬᠠᠯ ᠢ ᠤᠤᠯ ᠤᠨ ᠬᠢ ᠰᠠᠭᠠᠳ ᠥᠬᠡᠶ ᠨᠡᠪᠲᠡᠷᠡᠭᠦᠯᠬᠦ  ᠰᠢᠭ  ᠪᠤᠯᠳᠠᠭ᠃  ᠭᠡᠪᠡᠴᠦ‌‍ᠴᠢᠰᠤᠨ ᠰᠤᠳᠠᠯ ᠶᠠᠮᠠᠷ ᠬᠡᠮᠵᠢᠶᠡᠨ ᠳᠤ ᠬᠦᠷᠲᠡᠯ᠎ᠡ ᠲᠦᠭᠵᠢᠷᠡᠪᠡᠯ ᠰᠠᠶ᠋ᠢ ᠲᠤᠯᠤᠬᠴᠢ ᠲᠠᠯᠪᠢᠬᠤ ᠴᠢᠬᠤᠯᠠᠳᠠᠢ ᠪᠤᠢ︖        ᠣᠳᠣᠬᠠᠨ ᠳᠤ᠂ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ ᠢ ᠵᠠᠰᠠᠬᠤ ᠠᠷᠭ᠎ᠠ ᠭᠤᠤᠯᠳᠠᠭᠤ ᠭᠤᠷᠪᠠᠨ ᠵᠦᠢᠯ ᠪᠠᠶᠢᠳᠠᠭ᠄ ᠡᠮ ᠢᠶᠠᠷ ᠵᠠᠰᠠᠬᠤ᠂ ᠭᠤᠤᠷᠰᠤᠨ ᠲᠤᠯᠤᠬᠴᠢ ᠲᠠᠯᠪᠢᠬᠤ ᠪᠠ ᠲᠢᠲᠢᠮᠯᠢᠭ ᠯᠤᠬᠰᠢᠭᠤᠨ  ᠰᠤᠳᠠᠯ ᠳᠤ ᠬᠦᠬᠦᠷᠭᠡ ᠮᠠᠶ᠋ᠢᠭ ᠤᠨ ᠲᠤᠯᠤᠬᠴᠢ ᠲᠠᠯᠪᠢᠬᠤ ᠪᠤᠯᠤᠨ᠎ᠠ᠃ ᠬᠡᠷᠪᠡ ᠲᠦᠷᠭᠡᠨ ᠴᠢᠨᠠᠷᠲᠠᠶ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ᠂ ᠵᠢᠱᠢᠶᠡᠯᠡᠪᠡᠯ ᠲᠦᠷᠭᠡᠨ ᠴᠢᠨᠠᠷᠲᠠᠶ ᠵᠢᠷᠦᠬᠡᠨ ᠪᠤᠯᠴᠢᠩ ᠤᠨ ᠲᠦᠭᠵᠢᠷᠡᠯ ᠤᠨ ᠡᠪᠡᠳᠴᠢᠨ ᠢ ᠡᠮᠨᠡᠨ ᠵᠠᠰᠠᠬᠤ ᠶᠢᠨ ᠵᠠᠩᠭᠢᠯᠠᠭ᠎ᠠ ᠨᠢ ᠳᠠᠷᠤᠶ ᠲᠦᠭᠵᠢᠷᠡᠭᠰᠡᠨ  ᠲᠢᠲᠢᠮᠯᠢᠭ  ᠯᠤᠭᠰᠢᠭᠤᠨ ᠰᠤᠳᠠᠯ ᠢ ᠲᠦᠷᠭᠡᠨ ᠨᠡᠪᠳᠡᠷᠡᠬᠦᠯᠬᠦ ᠴᠢᠬᠤᠯᠠᠳᠠᠢ ᠲᠤᠯᠠ ᠭᠤᠤᠷᠰᠤᠨ ᠲᠤᠯᠤᠬᠴᠢ ᠲᠠᠯᠪᠢᠬᠤ ᠪᠣᠯ ᠲᠡᠷᠢᠭᠦᠨ ᠰᠣᠩᠭᠤᠯᠲᠠ ᠪᠣᠯᠤᠨ᠎ᠠ︔ ᠲᠣᠭᠲᠠᠪᠤᠷᠢᠲᠠᠶ ᠴᠢᠨᠠᠷᠳᠠᠢ ᠲᠢᠲᠢᠮᠯᠢᠭ ᠯᠤᠬᠰᠢᠭᠤᠨ ᠰᠤᠳᠠᠯ ᠤᠨ ᠵᠢᠷᠦᠭᠡᠨ ᠡᠪᠡᠳᠴᠢᠨ ᠢ ᠪᠣᠯ ᠦᠨᠡᠯᠡᠬᠦ ᠪᠠᠷᠢᠮᠵᠢᠶ᠎ᠠ ᠨᠢ ᠵᠢᠭᠠᠬᠠᠨ  ᠪᠤᠳᠤᠯᠢᠶᠠᠨᠲᠠᠶ  ᠪᠠᠶᠢᠳᠠᠭ᠃  ᠡᠩ ᠤᠨ ᠪᠠᠶᠢᠳᠠᠯ ᠲᠤᠤᠷ᠎ᠠ᠂ ᠡᠮᠴᠢ ᠭᠤᠣᠯᠳᠠᠭᠤ ᠳᠣᠣᠷᠠᠬᠢ ᠪᠠᠶᠢᠳᠠᠯ ᠠᠴᠠ ᠭᠤᠤᠷᠰᠤᠨ  ᠲᠤᠯᠤᠬᠴᠢ  ᠪᠠ  ᠬᠦᠬᠦᠷᠭᠡ  ᠮᠠᠶ᠋ᠢᠭ   ᠤᠨ ᠲᠤᠯᠤᠬᠴᠢ ᠲᠠᠯᠪᠢᠬᠤ ᠡᠰᠡᠬᠦ ᠶᠢ ᠪᠦᠬᠦ ᠲᠠᠯ᠎ᠠ ᠪᠠᠷ ᠪᠣᠳᠣᠯᠬᠢᠯᠠᠳᠠᠬ᠄         1 . ᠲᠢᠲᠢᠮᠯᠢᠭ ᠯᠤᠬᠰᠢᠭᠤᠨ ᠰᠤᠳᠠᠯ ᠢ ᠰᠡᠭᠦᠳᠡᠷᠯᠡᠬᠦ ᠳᠤ  ᠡᠪᠡᠳᠴᠢᠲᠡᠨ ᠤ ᠲᠢᠲᠢᠮᠯᠢᠭ ᠯᠤᠬᠰᠢᠭᠤᠨ  ᠰᠤᠳᠠᠯ ᠨᠢ‌‍ᠲ᠋ᠦ᠋ᠢᠯ ᠤᠨ ᠬᠦᠨᠳᠦ ᠭᠡᠴᠡᠭᠦᠦ ᠨᠠᠷᠢᠰᠤᠬᠰᠠᠨ᠂ ᠳᠠᠷᠤᠢ ᠳ᠋ᠢᠶᠠᠮᠧᠲᠷ ᠨᠢ 2 . 5 ᠮᠢᠯᠢᠮᠧᠲᠷ ᠤᠨ ᠲᠢᠲᠢᠮᠯᠢᠭ  ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 90 % ᠠᠴᠠ ᠬᠡᠲᠦᠷᠡᠭᠰᠡᠨ ᠪᠠᠶᠢᠪᠠᠯ᠂ ᠥᠴᠦᠬᠡᠨ ᠴᠦ ᠲᠠᠲᠠᠭᠠᠯᠵᠠᠯ ᠦᠭᠡᠢ ᠪᠠᠷ ᠲᠤᠯᠤᠬᠴᠢ ᠲᠠᠯᠪᠢᠵᠦ ᠪᠣᠯᠤᠨ᠎ᠠ᠃         2 . ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 50 % ᠠᠴᠠ ᠳᠣᠷᠤᠬᠰᠢ  ᠪᠠᠶᠢᠬᠤ ᠳᠤ ᠬᠦᠷᠪᠡᠯ᠂ ᠡᠪᠡᠳᠴᠢᠲᠡᠨ ᠳᠤ ᠤᠨᠴᠠ ᠢᠯᠡᠷᠬᠡᠢ ᠰᠢᠨᠵᠢ ᠢᠯᠡᠷᠡᠯ ᠭᠠᠷᠳᠠᠭ ᠦᠭᠡᠢ᠂ ᠡᠨᠡ ᠦᠶ᠎ᠡ ᠳᠤ ᠶᠡᠷᠦ ᠳᠡᠭᠡᠨ ᠲᠤᠯᠤᠬᠴᠢ ᠲᠠᠯᠪᠢᠬᠤ ᠴᠢᠬᠤᠯᠠ ᠦᠭᠡᠢ᠂ ᠭᠡᠪᠡᠴᠦ ᠨᠠᠷᠢᠰᠤᠯ ᠤᠨ ᠬᠤᠪᠢᠷᠠᠯᠲᠠ ᠶᠢᠨ ᠪᠠᠶᠢᠳᠠᠯ ᠢ ᠪᠠᠶᠢᠡᠭᠭᠤ ᠠᠵᠢᠬᠯᠠᠬᠤ ᠬᠡᠷᠡᠭᠳᠡᠢ᠃        3 . ᠲᠢᠲᠢᠮᠯᠢᠭ ᠯᠤᠬᠰᠢᠭᠤᠨ ᠰᠤᠳᠠᠯ ᠤᠨ ᠨᠠᠷᠢᠰᠤᠯ ᠤᠨ ᠬᠡᠮᠵᠢᠶ᠎ᠡ ᠨᠢ 70 % ᠣᠷᠴᠢᠮ ᠪᠠᠶᠢᠬᠤ ᠳᠤ ᠬᠦᠷᠪᠡᠯ᠂ ᠡᠪᠡᠳᠴᠢᠲᠡᠨ ᠤ ᠵᠢᠷᠦᠬᠡᠨ ᠪᠤᠯᠴᠢᠩ ᠤᠨ ᠴᠢᠰᠤ ᠳᠤᠲᠠᠬᠤ ᠪᠠᠶᠢᠳᠠᠯ ᠢ ᠰᠠᠶᠢᠳᠤᠷ ᠤᠶᠢᠯᠠᠭᠠᠬᠤ ᠬᠡᠷᠡᠭᠲᠡᠢ᠃ ᠴᠢᠰᠤᠨ ᠰᠤᠳᠠᠯ ᠤᠨ ᠶᠡᠭᠡ ᠪᠠᠭ᠎ᠠ ᠵᠢᠴᠢ ᠡᠪᠡᠳᠴᠢᠨ ᠤ ᠪᠠᠶᠢᠳᠠᠯ ᠤᠨ ᠬᠤᠪᠢᠷᠠᠯᠲᠠ ᠲᠠᠢ ᠤᠶᠠᠯᠳᠤᠭᠤᠯᠤᠨ ᠡᠮᠨᠡᠬᠦ ᠬᠡᠷᠡᠭᠳᠡᠢ᠂ ᠬᠡᠷᠪᠡ ᠡᠪᠡᠳᠴᠢᠲᠡᠨ ᠳᠤ ᠦᠷᠭᠦᠯᠵᠢ ᠵᠢᠷᠦᠬᠡ ᠪᠠᠵᠠᠯᠠᠨ ᠡᠪᠡᠳᠬᠦ ᠰᠢᠨᠵᠢ ᠢᠯᠡᠷᠡᠯ ᠭᠠᠷᠬᠤ ᠦᠶ᠎ᠡ ᠳᠤ᠂ ᠵᠢᠷᠦᠬᠡᠨ ᠤ ᠯᠤᠭᠰᠢᠯᠲᠠ ᠶᠢᠨ ᠵᠢᠷᠤᠭ ᠬᠢᠬᠦ᠂ ᠬᠥᠳᠡᠯᠭᠡᠭᠡᠨ ᠤ ᠳᠠᠭᠠᠭᠠᠴᠠ ᠶᠢᠨ  ᠲᠤᠷᠰᠢᠯᠲᠠ ᠬᠢᠬᠦ ᠪᠤᠶᠤ ᠲᠢᠲᠢᠮᠯᠢᠭ ᠯᠤᠬᠰᠢᠭᠤᠨ ᠰᠤᠳᠠᠯ ᠢ ᠨᠢ ᠰᠡᠭᠦᠳᠡᠷᠯᠡᠬᠦ ᠳᠡᠭᠡᠨ ᠳᠠᠮᠵᠢᠭᠤᠯᠬᠤ ᠭᠤᠤᠷᠰᠤᠨ ᠳᠣᠲᠣᠷᠠᠬᠢ ᠳᠠᠷᠤᠯᠲᠠ ᠶᠢᠨ ᠬᠤᠪᠢᠷᠠᠯᠲᠠ ᠵᠡᠷᠭᠡ ᠶᠢ ᠰᠢᠭᠤᠳ ᠬᠡᠮᠵᠢᠬᠦ ᠳᠤ ᠬᠦᠷᠪᠡᠯ᠂ ᠴᠦᠮ ᠢᠯᠡᠷᠬᠡᠢ ᠵᠢᠷᠦᠬᠡᠨ ᠪᠤᠯᠴᠢᠩ ᠤᠨ ᠴᠢᠰᠤ ᠳᠤᠲᠠᠬᠤ ᠪᠠᠶᠢᠳᠠᠯ ᠲᠠᠢ ᠪᠠᠶᠢᠳᠠᠭ᠂ ᠡᠨᠡ ᠦᠶ᠎ᠡ ᠳᠤ ᠲᠤᠯᠤᠬᠴᠢ ᠲᠠᠯᠪᠢᠪᠡᠯ ᠵᠤᠬᠢᠨ᠎ᠡ᠃        4 . ᠴᠢᠰᠤᠨ ᠰᠤᠳᠠᠯ ᠲᠦᠭᠵᠢᠷᠡᠬᠦ ᠨᠢ ᠭᠤᠷᠪᠠᠨ ᠰᠠᠯᠪᠤᠷᠢ ᠰᠤᠳᠠᠯ ︵ᠡᠮᠦᠨ᠎ᠡ ᠲᠠᠯ᠎ᠠ ᠶᠢᠨ ᠪᠠᠭᠤᠬᠤ ᠰᠠᠯᠪᠤᠷᠢ ᠰᠤᠳᠠᠯ᠂ ᠡᠷᠭᠢᠯᠳᠤᠬᠦ ᠰᠠᠯᠪᠤᠷᠢ ᠰᠤᠳᠠᠯ ᠪᠠ ᠪᠠᠷᠠᠭᠤᠨ ᠲᠢᠲᠢᠮ︶ ᠤᠨ ᠤᠶᠢᠷᠠᠯᠴᠠᠭ᠎ᠠ ᠳᠤᠮᠳᠠ ᠬᠡᠰᠡᠭ ᠢᠶᠠᠷ ᠡᠪᠡᠳᠴᠢᠨ ᠡᠭᠦᠰᠳᠡᠭ᠂ ᠬᠤᠶᠢᠰᠢᠳᠠ ᠶᠢᠨ  ᠨᠥᠯᠥᠭᠡᠯᠠᠯ ᠤᠨ  ᠬᠡᠪᠴᠢᠶ᠎ᠡ ᠨᠢ  ᠨᠡᠯᠢᠶᠡᠳ ᠶᠡᠭᠡ ᠤᠴᠢᠷ ᠠᠴᠠ ᠲᠤᠯᠤᠬᠴᠢ ᠲᠠᠯᠪᠢᠬᠤ ᠶᠢ ᠪᠣᠳᠣᠯᠬᠢᠯᠠᠬᠤ ᠬᠡᠷᠡᠭᠲᠡᠢ᠃                        
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号