ᠪᠦᠬᠦ ᠪᠥᠮᠪᠥᠷᠴᠡᠭ ᠤᠨ ᠠᠷᠪᠠᠨ ᠶᠡᠭᠡ ᠦᠬᠦᠯ ᠤᠨ ᠰᠢᠯᠲᠠᠭᠠᠨ ᠳᠤ ᠵᠢᠷᠦᠬᠡᠨ ᠡᠪᠡᠳᠴᠢᠨ ᠮᠥᠨ ᠯᠡ ︽ᠲᠡᠷᠢᠭᠦᠨ ᠶᠠᠷᠭᠠᠴᠢᠨ︾  ᠪᠣᠯᠵᠤ ᠪᠠᠶᠢᠨ᠎ᠠ
ᠨᠡᠶᠢᠲᠡᠯᠡᠭᠰᠡᠨ ᠴᠠᠭ᠄
2020/12/20
        ᠰᠢᠨᠬᠤᠸᠠ ᠬᠤᠷᠢᠶᠠᠨ ᠤ ᠵᠧᠨ᠋ᠸᠧᠠ ᠶᠢᠨ 12 ᠰᠠᠷ᠎ᠠ ᠶᠢᠨ 9᠎ ᠤ ᠡᠳᠦᠷ ᠤᠨ ᠮᠡᠳᠡᠭᠡ ︵ᠰᠤᠷᠪᠤᠯᠵᠢᠯᠠᠭᠴᠢ
ᠯᠢᠦ ᠴᠢᠦᠶ︶ᠳᠡᠯᠡᠬᠡᠶ ᠶᠢᠨ ᠡᠷᠡᠭᠦᠯ  ᠬᠠᠮᠠᠭᠠᠯᠠᠯ ᠤᠨ  ᠵᠣᠬᠢᠶᠠᠨ  ᠪᠠᠶᠢᠭᠤᠯᠤᠯᠲᠠ ᠶᠢᠨ  9᠎ ᠤ  ᠡᠳᠦᠷ  ᠨᠡᠶᠢᠲᠡᠯᠡᠭᠰᠡᠨ
 ᠮᠡᠳᠡᠭᠦᠯᠦᠯᠲᠡ  ᠎ ᠠᠴᠠᠦᠵᠡᠪᠡᠯ᠂ ᠥᠩᠭᠡᠷᠡᠭᠰᠡᠨ 20 ᠵᠢᠯ ᠤᠨ  ᠪᠦᠬᠦ  ᠪᠥᠮᠪᠥᠷᠴᠡᠭ ᠤᠨ  ᠠᠷᠪᠠᠨ  ᠶᠡᠭᠡ  
ᠦᠬᠦᠯ ᠤᠨ  ᠰᠢᠯᠲᠠᠭᠠᠨ ᠤ  ᠳᠤᠮᠳᠠ᠂ᠬᠠᠯᠳᠠᠪᠤᠷᠢᠲᠤ ᠪᠤᠰᠤ ᠡᠪᠡᠳᠴᠢᠨ 7᠎ ᠶᠢ ᠡᠵᠡᠯᠡᠵᠦ᠂ ᠵᠢᠷᠦᠬᠡᠨ ᠡᠪᠡᠳᠴᠢᠨ
ᠮᠥᠨ ᠯᠡ ︽ᠲᠡᠷᠢᠭᠦᠨ ᠶᠠᠷᠭᠠᠴᠢᠨ︾᠎ ᠤ  ᠪᠠᠶᠢᠷᠢ ᠳᠤᠪᠠᠶᠢᠷᠢᠯᠠᠨ᠂ ᠰᠢᠬᠢᠷ ᠰᠢᠵᠢᠩ ᠡᠪᠡᠳᠴᠢᠨ ᠪᠠ ᠮᠡᠨᠡᠭ ᠡᠪᠡᠳᠴᠢᠨ
ᠡᠮᠦᠨ᠎ᠡ ᠠᠷᠪᠠ ᠳᠤ ᠣᠷᠣᠪᠠ᠃        ︽2019 ᠣᠨ ᠤ ᠪᠥᠬᠦ ᠪᠥᠮᠪᠥᠷᠴᠡᠭ ᠤᠨ ᠡᠷᠡᠭᠦᠯ ᠮᠡᠨᠳᠦ ᠶᠢᠨ
ᠦᠨᠡᠯᠡᠯᠲᠡ︾ ᠭᠡᠬᠦ  ᠡᠨᠡ  ᠬᠦ  ᠮᠡᠳᠡᠭᠦᠯᠦᠯᠲᠡ ᠨᠢ2000 ᠣᠨ ᠠᠴᠠ 2019 ᠣᠨ ᠤ ᠪᠥᠬᠦ ᠪᠥᠮᠪᠥᠷᠴᠡᠭ ᠤᠨ  
ᠡᠷᠡᠭᠦᠯ  ᠮᠡᠨᠳᠦ ᠶᠢᠨ  ᠲᠤᠭ᠎ᠠ  ᠪᠠᠷᠢᠮᠲᠠ ᠶᠢ  ᠬᠠᠮᠤᠷᠴᠠᠶ᠃ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂
ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ ᠣᠳᠣᠬᠠᠨ ᠳᠤ  ᠪᠥᠬᠦ  ᠳᠡᠯᠡᠬᠡᠶ ᠶᠢᠨᠠᠷᠪᠠᠨ ᠶᠡᠭᠡ ᠦᠬᠦᠯ ᠤᠨ
ᠰᠢᠯᠲᠠᠭᠠᠨ ᠤ ᠳᠣᠲᠣᠷ᠎ᠠ 7᠎ ᠶᠢ ᠡᠵᠡᠯᠡᠵᠦ ᠪᠠᠶᠢᠨ᠎ᠠ᠂ ᠡᠭᠦᠨ ᠠᠴᠠ ᠡᠮᠦᠨ᠎ᠡ ᠵᠥᠪᠬᠡᠨ 4᠎ ᠶᠢ ᠡᠵᠡᠯᠡᠵᠦᠪᠠᠶᠢᠵᠠᠢ᠃  
ᠡᠭᠦᠨ ᠳᠤ᠂  ᠵᠢᠷᠦᠬᠡᠨ  ᠡᠪᠡᠳᠴᠢᠨ ᠨᠢ  ᠥᠩᠭᠡᠷᠡᠭᠰᠡᠨ  20  ᠵᠢᠯ ᠳᠤ  ᠶᠡᠷᠦ ᠨᠢ  ︽ᠲᠡᠷᠢᠭᠦᠨ  ᠶᠠᠷᠭᠠᠴᠢᠨ︾
ᠪᠣᠯᠣᠭᠰᠠᠭᠠᠷ ᠢᠷᠡᠵᠦ᠂ ᠣᠳᠣᠬᠠᠨ ᠳᠤ ᠵᠢᠷᠦᠬᠡᠨ  ᠡᠪᠡᠳᠴᠢᠨ ᠢᠶᠠᠷ  ᠥᠭᠦᠭᠰᠡᠨ  ᠬᠥᠮᠦᠨ ᠤ  ᠲᠤᠭ᠎ᠠ ᠨᠢ  ᠪᠦᠬᠦ  ᠥᠭᠦᠭᠰᠡᠨᠬᠥᠮᠦᠨ ᠤ ᠲᠣᠭᠠᠨ ᠤ 16%᠎ ᠶᠢ ᠡᠵᠡᠯᠡᠵᠦ ᠪᠠᠶᠢᠨ᠎ᠠ᠃ 2000 ᠣᠨ ᠠᠴᠠ ᠨᠠᠰᠢ᠂ ᠵᠢᠷᠦᠬᠡᠨ ᠡᠪᠡᠳᠴᠢᠨ ᠢᠶᠠᠷ  ᠦᠬᠦᠭᠰᠡᠨᠬᠥᠮᠦᠨ ᠤ ᠲᠤᠭ᠎ᠠ 200 ᠭᠠᠷᠤᠶ ᠲᠦᠮᠡ ᠨᠡᠮᠡᠭᠳᠡᠨ᠂ ᠡᠭᠦᠨ ᠤ ᠳᠣᠲᠣᠷᠠᠬᠢ
ᠬᠠᠭᠠᠰ ᠠᠴᠠ ᠳᠡᠭᠡᠭᠰᠢ ᠨᠢ ᠳᠡᠯᠡᠬᠡᠶ ᠶᠢᠨ  ᠡᠷᠡᠭᠦᠯᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠠᠷᠠᠭᠤᠨ ᠨᠣᠮᠣᠬᠠᠨ ᠳᠠᠯᠠᠶ ᠶᠢᠨ ᠣᠷᠣᠨ ᠳᠤ ᠡᠭᠦᠰᠴᠦ᠂  ᠧᠦ᠋ᠷᠣᠫᠠ  ᠲᠢᠪ ᠤᠨᠣᠷᠣᠨ ᠪᠦᠰᠡ ᠶᠢᠨ ᠵᠢᠷᠦᠬᠡᠨ ᠡᠪᠡᠳᠴᠢᠨ ᠡᠭᠦᠰᠬᠦ ᠨᠣᠷᠮ᠎ᠠ ᠨᠢ ᠬᠠᠷᠢᠴᠠᠩᠭᠤᠶ ᠪᠠᠷ ᠳᠣᠷᠣᠭᠰᠢᠯᠠᠵᠠᠶ᠃        ᠠᠷᠽᠾᠠᠶᠢᠮᠤᠷ ᠡᠪᠡᠳᠴᠢᠨ ᠪᠣᠯᠤᠨ ᠪᠤᠰᠤᠳ ᠬᠡᠯᠪᠡᠷᠢ ᠶᠢᠨ ᠮᠡᠨᠡᠭ ᠡᠪᠡᠳᠴᠢᠨ ᠪᠦᠬᠦ ᠪᠥᠮᠪᠥᠷᠴᠡᠭ ᠤᠨ  ᠠᠷᠪᠠᠨ  ᠶᠡᠭᠡᠦᠬᠦᠯ ᠤᠨ ᠰᠢᠯᠲᠠᠭᠠᠨ ᠤ ᠡᠩᠨᠡᠭᠡᠨ ᠳᠤ ᠣᠷᠣᠵᠤ᠂ 2019  ᠣᠨ ᠳᠤ  ᠳᠡᠯᠡᠬᠡᠶ ᠶᠢᠨ  ᠡᠷᠡᠭᠦᠯ  ᠬᠠᠮᠠᠭᠠᠯᠠᠯ ᠤᠨ  ᠵᠣᠬᠢᠶᠠᠨᠪᠠᠶᠢᠭᠤᠯᠤᠯᠲᠠ ᠶᠢᠨ  ᠠᠮᠧᠷᠢᠺᠠ  ᠲᠢᠪ ᠤᠨ  ᠣᠷᠣᠨ  ᠪᠦᠰᠡ  ᠪᠠ  ᠧᠦ᠋ᠷᠣᠫᠠ  ᠲᠢᠪ ᠤᠨ  ᠣᠷᠣᠨ   ᠪᠦᠰᠡ ᠳᠤ   ᠴᠥᠮᠭᠤᠷᠪᠠᠳᠤᠭᠠᠷ ᠲᠤ ᠵᠢᠭᠰᠠᠭᠠᠭᠳᠠᠪᠠ᠃ ᠪᠦᠬᠦ ᠳᠡᠯᠡᠬᠡᠶ ᠶᠢᠨ ᠬᠡᠪᠴᠢᠶᠡᠨ ᠳᠤ᠂ ᠡᠨᠡ ᠲᠥᠷᠥᠯ ᠤᠨ  ᠡᠪᠡᠳᠴᠢᠨ ᠢᠶᠠᠷ  ᠥᠭᠦᠭᠰᠡᠨᠬᠥᠮᠦᠰ ᠤᠨ ᠳᠣᠲᠣᠷ᠎ᠠ ᠡᠮᠡᠭᠲᠡᠶᠢᠴᠦᠳ 65%᠎ ᠶᠢ ᠡᠵᠡᠯᠡᠨ᠎ᠡ᠃        2000 ᠣᠨ ᠠᠴᠠ 2019 ᠣᠨ ᠪᠣᠯᠲᠠᠯ᠎ᠠ᠂ ᠪᠦᠬᠦ ᠪᠥᠮᠪᠥᠷᠴᠡᠭ ᠤᠨ
ᠰᠢᠬᠢᠷ ᠰᠢᠵᠢᠩ ᠡᠪᠡᠳᠴᠢᠨ ᠠᠴᠠ ᠪᠣᠯᠵᠤᠦᠬᠦᠭᠰᠡᠨ ᠬᠦᠮᠦᠨ ᠤ ᠲᠤᠭ᠎ᠠ 70%᠎ ᠪᠠᠷ ᠨᠡᠮᠡᠭᠳᠡᠵᠦ᠂ ᠡᠭᠦᠨ ᠤ ᠳᠣᠲᠣᠷ᠎ᠠ ᠰᠢᠬᠢᠷ ᠰᠢᠵᠢᠩ  ᠡᠪᠡᠳᠴᠢᠨ ᠢᠶᠠᠷ  ᠦᠬᠦᠭᠰᠡᠨᠡᠷᠡᠭᠲᠡᠶ ᠬᠥᠮᠦᠨ ᠤ ᠲᠤᠭ᠎ᠠ 80%᠎ ᠪᠠᠷ ᠨᠡᠮᠡᠭᠳᠡᠪᠡ᠃ ᠳᠡᠯᠡᠬᠡᠶ ᠶᠢᠨ ᠡᠷᠡᠭᠦᠯ  ᠬᠠᠮᠠᠭᠠᠯᠠᠯ ᠤᠨ  ᠵᠣᠬᠢᠶᠠᠨ  ᠪᠠᠶᠢᠭᠤᠯᠤᠯᠲᠠ ᠶᠢᠨᠵᠡᠭᠦᠨ ᠭᠠᠵᠠᠷ ᠤᠨ ᠳᠤᠮᠳᠠᠳᠤ ᠲᠠᠩᠭᠢᠰ ᠤᠨ ᠣᠷᠣᠨ ᠤ ᠰᠢᠬᠢᠷ ᠰᠢᠵᠢᠩ ᠡᠪᠡᠳᠴᠢᠨ ᠢᠶᠠᠷ ᠦᠬᠦᠭᠰᠡᠨ ᠬᠥᠮᠦᠨ ᠤ ᠲᠤᠭ᠎ᠠ  ᠨᠢᠭᠡᠲᠠᠬᠢᠨ ᠠᠴᠠ ᠳᠡᠭᠡᠭᠰᠢ ᠨᠡᠮᠡᠭᠳᠡᠵᠦ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠤᠢ ᠪᠦᠬᠦᠢ  ᠣᠷᠣᠨᠪᠦᠰᠡ ᠶᠢᠨ ᠳᠣᠲᠣᠷ᠎ᠠ ᠨᠡᠮᠡᠭᠳᠡᠯ ᠨᠢ ᠬᠠᠮᠤᠭ ᠤᠨ ᠶᠡᠭᠡ ᠭᠠᠵᠠᠷ ᠣᠷᠣᠨ ᠪᠣᠯᠣᠨ᠎ᠠ᠃        ᠮᠡᠳᠡᠭᠦᠯᠦᠯᠲᠡ ᠳᠤ ᠪᠠᠰᠠ ᠣᠯᠵᠤ ᠮᠡᠳᠡᠭᠰᠡᠨ ᠨᠢ᠂ ᠥᠩᠭᠡᠷᠡᠭᠰᠡᠨ 20 ᠵᠢᠯ ᠳᠤ ᠬᠥᠮᠦᠨ ᠲᠥᠷᠥᠯᠬᠢᠲᠡᠨ ᠤ  ᠨᠠᠰᠤᠨᠬᠤᠲᠤᠭ ᠤᠷᠲᠤ ᠪᠣᠯᠵᠠᠢ᠃ 2019 ᠣᠨ ᠤ ᠬᠥᠮᠦᠨ ᠲᠥᠷᠥᠯᠬᠢᠲᠡᠨ ᠤ ᠵᠢᠱᠢᠭᠰᠡᠨ ᠨᠠᠰᠤᠨ ᠬᠤᠲᠤᠭ 2000 ᠣᠨ ᠤ ᠬᠢ᠎ ᠲᠠᠢ ᠬᠠᠷᠢᠴᠠᠭᠤᠯᠪᠠᠯ 6 ᠨᠠᠰᠤ ᠭᠠᠷᠤᠢ
ᠤᠷᠲᠤᠳᠴᠤ᠂ ᠪᠦᠬᠦ ᠪᠥᠮᠪᠥᠷᠴᠡᠭ ᠤᠨ ᠳᠤᠮᠳᠠᠴᠢ ᠨᠠᠰᠤᠨ ᠬᠤᠲᠤᠭ 2000 ᠣᠨ ᠳᠤ67 ᠨᠠᠰᠤ ᠪᠠᠶᠢᠭᠰᠠᠨ ᠠᠴᠠ 2019 ᠣᠨ ᠪᠣᠯᠬᠤ ᠳᠤ 73 ᠨᠠᠰᠤᠨ ᠠᠴᠠ ᠳᠡᠭᠡᠭᠰᠢ ᠪᠤᠯᠵᠤ ᠳᠡᠭᠡᠭᠰᠢᠯᠡᠵᠡᠢ᠃        ᠡᠭᠦᠨ ᠠᠴᠠ ᠭᠠᠳᠠᠨ᠎ᠠ᠂ ᠵᠡᠮᠳᠡᠭᠴᠦᠳ ᠤᠨ ᠲᠤᠭ᠎ᠠ ᠨᠡᠮᠡᠭᠳᠡᠬᠦ ᠬᠠᠨᠳᠤᠰᠢ ᠲᠠᠢ ᠪᠠᠶᠢᠨ᠎ᠠ᠃ 2000 ᠣᠨ ᠤ ᠬᠢ ᠲᠠᠢᠬᠠᠷᠢᠴᠠᠭᠤᠯᠪᠠᠯ᠂ 2019 ᠣᠨ ᠳᠤ ᠵᠢᠷᠦᠬᠡᠨ ᠡᠪᠡᠳᠴᠢᠨ᠂ ᠰᠢᠬᠢᠷ ᠰᠢᠵᠢᠩ ᠡᠪᠡᠳᠴᠢᠨ᠂  ᠰᠠ  ᠡᠪᠡᠳᠴᠢᠨ᠂  ᠠᠭᠤᠰᠬᠢᠨᠥᠮᠡᠨ ᠪᠠ ᠤᠵᠢᠭ ᠴᠢᠨᠠᠷᠲᠠᠶ ᠲᠦᠭᠵᠢᠷᠡᠯ ᠤᠨ ᠴᠢᠨᠠᠷᠲᠠᠶ ᠠᠭᠤᠰᠬᠢᠨ ᠡᠪᠡᠳᠴᠢᠨ ᠵᠡᠷᠭᠡ ᠠᠴᠠ ᠪᠣᠯᠵᠣ ᠡᠷᠡᠭᠦᠯ ᠴᠢᠭᠢᠷᠠᠭ  ᠠᠮᠢᠠᠮᠢᠳᠤᠷᠠᠯ ᠢᠶᠠᠨ ᠠᠯᠳᠠᠭᠰᠠᠨ ᠬᠥᠮᠦᠨ ᠤ ᠲᠤᠭ᠎ᠠ 1 ᠳ᠋ᠦᠩᠰᠢᠭᠤᠷ ᠰᠢᠬᠠᠮ ᠪᠣᠯᠵᠠᠢ᠃         ᠮᠡᠳᠡᠭᠦᠯᠦᠯᠲᠡ ᠳᠤ᠂  ᠵᠢᠷᠦᠬᠡ  ᠴᠢᠰᠤᠨ  ᠰᠤᠳᠠᠯ ᠤᠨ  ᠡᠪᠡᠳᠴᠢᠨ᠂  ᠥᠮᠡᠨ  ᠡᠪᠡᠳᠴᠢᠨ᠂   ᠰᠢᠬᠢᠷ   ᠰᠢᠵᠢᠩᠡᠪᠡᠳᠴᠢᠨ ᠪᠠ ᠤᠵᠢᠭ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠢ ᠰᠡᠷᠭᠡᠶᠢᠯᠡᠬᠦ ᠪᠠ ᠡᠮᠨᠡᠨ  ᠵᠠᠰᠠᠬᠤ ᠶᠢ  ᠡᠷᠬᠡᠪᠰᠢᠪᠥᠬᠦ ᠳᠡᠯᠡᠬᠡᠶ ᠶᠢᠨ
ᠬᠡᠪᠴᠢᠶᠡᠨ ᠳᠤ ᠴᠢᠩᠭᠠᠳᠬᠠᠬᠤ ᠬᠡᠷᠡᠭᠲᠡᠶ ᠭᠡᠵᠦ ᠲᠣᠳᠣᠷᠬᠠᠶ ᠵᠢᠭᠠᠵᠤ  ᠭᠠᠷᠭᠠᠪᠠ᠃  ᠳᠡᠯᠡᠬᠡᠶ ᠶᠢᠨ  ᠡᠷᠡᠭᠦᠯᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶ  ᠠᠵᠢᠯᠯᠠᠭᠴᠢ  ᠲᠠᠨᠳᠧᠰᠠᠢ  ᠬᠡᠯᠡᠭᠰᠡᠨ ᠨᠢ᠂  ︽ᠬᠠᠯᠳᠠᠪᠤᠷᠢᠲᠤ  ᠪᠤᠰᠤᠴᠢᠨᠠᠷᠲᠠᠶ ᠡᠪᠡᠳᠴᠢᠨ ᠡᠮᠭᠡᠭ ᠢ ᠤᠷᠢᠳᠴᠢᠯᠠᠨ  ᠰᠡᠷᠭᠡᠶᠢᠯᠡᠬᠦ᠂  ᠣᠨᠣᠰᠢᠯᠠᠬᠤ  ᠪᠠ  ᠡᠮᠨᠡᠨ  ᠵᠠᠰᠠᠬᠤ ᠶᠢ  ᠦᠳᠲᠡᠷ  ᠲᠦᠷᠭᠡᠨᠴᠢᠩᠭᠠᠳᠬᠠᠬᠤ ᠴᠢᠬᠤᠯᠠᠲᠠᠶ᠂ ᠠᠩᠬ᠎ᠠ ᠵᠡᠷᠭᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷᠡᠷᠬᠡ ᠲᠡᠭᠰᠢ ᠪᠠᠷ ᠶᠡᠭᠡ ᠪᠠᠷ ᠰᠠᠶᠢᠵᠢᠷᠠᠭᠤᠯᠬᠤ ᠬᠡᠷᠡᠭᠲᠡᠶ︾ ᠭᠡᠯ᠎ᠡ᠃ ᠲᠡᠷᠡ᠄ ︽ᠬᠠᠯᠳᠠᠪᠤᠷᠢᠲᠤ  ᠪᠤᠰᠤ  ᠴᠢᠨᠠᠷᠲᠠᠶ  ᠡᠪᠡᠳᠴᠢᠨ ᠢᠡᠰᠡᠷᠭᠦᠴᠡᠬᠦ ᠠᠴᠠ ᠪᠥᠬᠦ ᠳᠡᠯᠡᠬᠡᠶ ᠶᠢᠨ ᠶᠡᠭᠡ ᠲᠠᠬᠤᠯ ᠡᠪᠡᠳᠴᠢᠨ ᠢ ᠬᠠᠮᠢᠶᠠᠷᠬᠤ ᠬᠦᠷᠲᠡᠯ᠎ᠡ᠂ ᠬᠦᠴᠦᠨ  ᠲᠤᠷᠪᠢᠯᠢᠭ  ᠠᠩᠬᠠᠨ ᠤᠱᠠᠲᠤᠨ ᠤ ᠡᠷᠡᠭᠦᠯ ᠬᠠᠮᠠᠭᠠᠯᠠᠯ ᠡᠷᠡᠭᠦᠯᠵᠢᠯ ᠨᠢ ᠠᠯᠢᠪᠠ ᠪᠦᠬᠦᠨ ᠤ ᠰᠠᠭᠤᠷᠢ ᠪᠣᠯᠬᠤ ᠨᠢ ᠢᠯᠡᠷᠬᠡᠶ︾ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号