| ᠰᠢᠨᠬᠤᠸᠠ ᠬᠤᠷᠢᠶᠠᠨ ᠤ ᠵᠧᠨ᠋ᠸᠧᠠ ᠶᠢᠨ 12 ᠰᠠᠷ᠎ᠠ ᠶᠢᠨ 9 ᠤ ᠡᠳᠦᠷ ᠤᠨ ᠮᠡᠳᠡᠭᠡ ︵ᠰᠤᠷᠪᠤᠯᠵᠢᠯᠠᠭᠴᠢ |
| ᠯᠢᠦ ᠴᠢᠦᠶ︶ | ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ 9 ᠤ ᠡᠳᠦᠷ ᠨᠡᠶᠢᠲᠡᠯᠡᠭᠰᠡᠨ |
| ᠮᠡᠳᠡᠭᠦᠯᠦᠯᠲᠡ ᠠᠴᠠ | ᠦᠵᠡᠪᠡᠯ᠂ ᠥᠩᠭᠡᠷᠡᠭᠰᠡᠨ 20 ᠵᠢᠯ ᠤᠨ ᠪᠦᠬᠦ ᠪᠥᠮᠪᠥᠷᠴᠡᠭ ᠤᠨ ᠠᠷᠪᠠᠨ ᠶᠡᠭᠡ |
| ᠦᠬᠦᠯ ᠤᠨ ᠰᠢᠯᠲᠠᠭᠠᠨ ᠤ ᠳᠤᠮᠳᠠ᠂ | ᠬᠠᠯᠳᠠᠪᠤᠷᠢᠲᠤ ᠪᠤᠰᠤ ᠡᠪᠡᠳᠴᠢᠨ 7 ᠶᠢ ᠡᠵᠡᠯᠡᠵᠦ᠂ ᠵᠢᠷᠦᠬᠡᠨ ᠡᠪᠡᠳᠴᠢᠨ |
| ᠮᠥᠨ ᠯᠡ ︽ᠲᠡᠷᠢᠭᠦᠨ ᠶᠠᠷᠭᠠᠴᠢᠨ︾ ᠤ ᠪᠠᠶᠢᠷᠢ ᠳᠤ | ᠪᠠᠶᠢᠷᠢᠯᠠᠨ᠂ ᠰᠢᠬᠢᠷ ᠰᠢᠵᠢᠩ ᠡᠪᠡᠳᠴᠢᠨ ᠪᠠ ᠮᠡᠨᠡᠭ ᠡᠪᠡᠳᠴᠢᠨ |
| ᠡᠮᠦᠨ᠎ᠡ ᠠᠷᠪᠠ ᠳᠤ ᠣᠷᠣᠪᠠ᠃ | ︽2019 ᠣᠨ ᠤ ᠪᠥᠬᠦ ᠪᠥᠮᠪᠥᠷᠴᠡᠭ ᠤᠨ ᠡᠷᠡᠭᠦᠯ ᠮᠡᠨᠳᠦ ᠶᠢᠨ |
| ᠦᠨᠡᠯᠡᠯᠲᠡ︾ ᠭᠡᠬᠦ ᠡᠨᠡ ᠬᠦ ᠮᠡᠳᠡᠭᠦᠯᠦᠯᠲᠡ ᠨᠢ | 2000 ᠣᠨ ᠠᠴᠠ 2019 ᠣᠨ ᠤ ᠪᠥᠬᠦ ᠪᠥᠮᠪᠥᠷᠴᠡᠭ ᠤᠨ |
| ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢ ᠬᠠᠮᠤᠷᠴᠠᠶ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ |
| ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ ᠣᠳᠣᠬᠠᠨ ᠳᠤ ᠪᠥᠬᠦ ᠳᠡᠯᠡᠬᠡᠶ ᠶᠢᠨ | ᠠᠷᠪᠠᠨ ᠶᠡᠭᠡ ᠦᠬᠦᠯ ᠤᠨ |
| ᠰᠢᠯᠲᠠᠭᠠᠨ ᠤ ᠳᠣᠲᠣᠷ᠎ᠠ 7 ᠶᠢ ᠡᠵᠡᠯᠡᠵᠦ ᠪᠠᠶᠢᠨ᠎ᠠ᠂ ᠡᠭᠦᠨ ᠠᠴᠠ ᠡᠮᠦᠨ᠎ᠡ ᠵᠥᠪᠬᠡᠨ 4 ᠶᠢ ᠡᠵᠡᠯᠡᠵᠦ | ᠪᠠᠶᠢᠵᠠᠢ᠃ |
| ᠡᠭᠦᠨ ᠳᠤ᠂ ᠵᠢᠷᠦᠬᠡᠨ ᠡᠪᠡᠳᠴᠢᠨ ᠨᠢ ᠥᠩᠭᠡᠷᠡᠭᠰᠡᠨ 20 ᠵᠢᠯ ᠳᠤ ᠶᠡᠷᠦ ᠨᠢ ︽ᠲᠡᠷᠢᠭᠦᠨ ᠶᠠᠷᠭᠠᠴᠢᠨ︾ |
| | ᠪᠣᠯᠣᠭᠰᠠᠭᠠᠷ ᠢᠷᠡᠵᠦ᠂ ᠣᠳᠣᠬᠠᠨ ᠳᠤ ᠵᠢᠷᠦᠬᠡᠨ ᠡᠪᠡᠳᠴᠢᠨ ᠢᠶᠠᠷ ᠥᠭᠦᠭᠰᠡᠨ ᠬᠥᠮᠦᠨ ᠤ ᠲᠤᠭ᠎ᠠ ᠨᠢ ᠪᠦᠬᠦ ᠥᠭᠦᠭᠰᠡᠨ | ᠬᠥᠮᠦᠨ ᠤ ᠲᠣᠭᠠᠨ ᠤ 16% ᠶᠢ ᠡᠵᠡᠯᠡᠵᠦ ᠪᠠᠶᠢᠨ᠎ᠠ᠃ 2000 ᠣᠨ ᠠᠴᠠ ᠨᠠᠰᠢ᠂ ᠵᠢᠷᠦᠬᠡᠨ ᠡᠪᠡᠳᠴᠢᠨ ᠢᠶᠠᠷ ᠦᠬᠦᠭᠰᠡᠨ | ᠬᠥᠮᠦᠨ ᠤ ᠲᠤᠭ᠎ᠠ 200 ᠭᠠᠷᠤᠶ ᠲᠦᠮᠡ ᠨᠡᠮᠡᠭᠳᠡᠨ᠂ ᠡᠭᠦᠨ ᠤ ᠳᠣᠲᠣᠷᠠᠬᠢ |
| ᠬᠠᠭᠠᠰ ᠠᠴᠠ ᠳᠡᠭᠡᠭᠰᠢ ᠨᠢ ᠳᠡᠯᠡᠬᠡᠶ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠠᠷᠠᠭᠤᠨ ᠨᠣᠮᠣᠬᠠᠨ ᠳᠠᠯᠠᠶ ᠶᠢᠨ ᠣᠷᠣᠨ ᠳᠤ ᠡᠭᠦᠰᠴᠦ᠂ ᠧᠦ᠋ᠷᠣᠫᠠ ᠲᠢᠪ ᠤᠨ | ᠣᠷᠣᠨ ᠪᠦᠰᠡ ᠶᠢᠨ ᠵᠢᠷᠦᠬᠡᠨ ᠡᠪᠡᠳᠴᠢᠨ ᠡᠭᠦᠰᠬᠦ ᠨᠣᠷᠮ᠎ᠠ ᠨᠢ ᠬᠠᠷᠢᠴᠠᠩᠭᠤᠶ ᠪᠠᠷ ᠳᠣᠷᠣᠭᠰᠢᠯᠠᠵᠠᠶ᠃ | ᠠᠷᠽᠾᠠᠶᠢᠮᠤᠷ ᠡᠪᠡᠳᠴᠢᠨ ᠪᠣᠯᠤᠨ ᠪᠤᠰᠤᠳ ᠬᠡᠯᠪᠡᠷᠢ ᠶᠢᠨ ᠮᠡᠨᠡᠭ ᠡᠪᠡᠳᠴᠢᠨ ᠪᠦᠬᠦ ᠪᠥᠮᠪᠥᠷᠴᠡᠭ ᠤᠨ ᠠᠷᠪᠠᠨ ᠶᠡᠭᠡ | ᠦᠬᠦᠯ ᠤᠨ ᠰᠢᠯᠲᠠᠭᠠᠨ ᠤ ᠡᠩᠨᠡᠭᠡᠨ ᠳᠤ ᠣᠷᠣᠵᠤ᠂ 2019 ᠣᠨ ᠳᠤ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ | ᠪᠠᠶᠢᠭᠤᠯᠤᠯᠲᠠ ᠶᠢᠨ ᠠᠮᠧᠷᠢᠺᠠ ᠲᠢᠪ ᠤᠨ ᠣᠷᠣᠨ ᠪᠦᠰᠡ ᠪᠠ ᠧᠦ᠋ᠷᠣᠫᠠ ᠲᠢᠪ ᠤᠨ ᠣᠷᠣᠨ ᠪᠦᠰᠡ ᠳᠤ ᠴᠥᠮ | ᠭᠤᠷᠪᠠᠳᠤᠭᠠᠷ ᠲᠤ ᠵᠢᠭᠰᠠᠭᠠᠭᠳᠠᠪᠠ᠃ ᠪᠦᠬᠦ ᠳᠡᠯᠡᠬᠡᠶ ᠶᠢᠨ ᠬᠡᠪᠴᠢᠶᠡᠨ ᠳᠤ᠂ ᠡᠨᠡ ᠲᠥᠷᠥᠯ ᠤᠨ ᠡᠪᠡᠳᠴᠢᠨ ᠢᠶᠠᠷ ᠥᠭᠦᠭᠰᠡᠨ | ᠬᠥᠮᠦᠰ ᠤᠨ ᠳᠣᠲᠣᠷ᠎ᠠ ᠡᠮᠡᠭᠲᠡᠶᠢᠴᠦᠳ 65% ᠶᠢ ᠡᠵᠡᠯᠡᠨ᠎ᠡ᠃ | 2000 ᠣᠨ ᠠᠴᠠ 2019 ᠣᠨ ᠪᠣᠯᠲᠠᠯ᠎ᠠ᠂ ᠪᠦᠬᠦ ᠪᠥᠮᠪᠥᠷᠴᠡᠭ ᠤᠨ |
| ᠰᠢᠬᠢᠷ ᠰᠢᠵᠢᠩ ᠡᠪᠡᠳᠴᠢᠨ ᠠᠴᠠ ᠪᠣᠯᠵᠤ | ᠦᠬᠦᠭᠰᠡᠨ ᠬᠦᠮᠦᠨ ᠤ ᠲᠤᠭ᠎ᠠ 70% ᠪᠠᠷ ᠨᠡᠮᠡᠭᠳᠡᠵᠦ᠂ ᠡᠭᠦᠨ ᠤ ᠳᠣᠲᠣᠷ᠎ᠠ ᠰᠢᠬᠢᠷ ᠰᠢᠵᠢᠩ ᠡᠪᠡᠳᠴᠢᠨ ᠢᠶᠠᠷ ᠦᠬᠦᠭᠰᠡᠨ | ᠡᠷᠡᠭᠲᠡᠶ ᠬᠥᠮᠦᠨ ᠤ ᠲᠤᠭ᠎ᠠ 80% ᠪᠠᠷ ᠨᠡᠮᠡᠭᠳᠡᠪᠡ᠃ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ | ᠵᠡᠭᠦᠨ ᠭᠠᠵᠠᠷ ᠤᠨ ᠳᠤᠮᠳᠠᠳᠤ ᠲᠠᠩᠭᠢᠰ ᠤᠨ ᠣᠷᠣᠨ ᠤ ᠰᠢᠬᠢᠷ ᠰᠢᠵᠢᠩ ᠡᠪᠡᠳᠴᠢᠨ ᠢᠶᠠᠷ ᠦᠬᠦᠭᠰᠡᠨ ᠬᠥᠮᠦᠨ ᠤ ᠲᠤᠭ᠎ᠠ ᠨᠢᠭᠡ | ᠲᠠᠬᠢᠨ ᠠᠴᠠ ᠳᠡᠭᠡᠭᠰᠢ ᠨᠡᠮᠡᠭᠳᠡᠵᠦ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠤᠢ ᠪᠦᠬᠦᠢ ᠣᠷᠣᠨ | ᠪᠦᠰᠡ ᠶᠢᠨ ᠳᠣᠲᠣᠷ᠎ᠠ ᠨᠡᠮᠡᠭᠳᠡᠯ ᠨᠢ ᠬᠠᠮᠤᠭ ᠤᠨ ᠶᠡᠭᠡ ᠭᠠᠵᠠᠷ ᠣᠷᠣᠨ ᠪᠣᠯᠣᠨ᠎ᠠ᠃ | ᠮᠡᠳᠡᠭᠦᠯᠦᠯᠲᠡ ᠳᠤ ᠪᠠᠰᠠ ᠣᠯᠵᠤ ᠮᠡᠳᠡᠭᠰᠡᠨ ᠨᠢ᠂ ᠥᠩᠭᠡᠷᠡᠭᠰᠡᠨ 20 ᠵᠢᠯ ᠳᠤ ᠬᠥᠮᠦᠨ ᠲᠥᠷᠥᠯᠬᠢᠲᠡᠨ ᠤ ᠨᠠᠰᠤᠨ | ᠬᠤᠲᠤᠭ ᠤᠷᠲᠤ ᠪᠣᠯᠵᠠᠢ᠃ 2019 ᠣᠨ ᠤ ᠬᠥᠮᠦᠨ ᠲᠥᠷᠥᠯᠬᠢᠲᠡᠨ ᠤ ᠵᠢᠱᠢᠭᠰᠡᠨ ᠨᠠᠰᠤᠨ ᠬᠤᠲᠤᠭ 2000 ᠣᠨ ᠤ ᠬᠢ | ᠲᠠᠢ ᠬᠠᠷᠢᠴᠠᠭᠤᠯᠪᠠᠯ 6 ᠨᠠᠰᠤ ᠭᠠᠷᠤᠢ |
| ᠤᠷᠲᠤᠳᠴᠤ᠂ ᠪᠦᠬᠦ ᠪᠥᠮᠪᠥᠷᠴᠡᠭ ᠤᠨ ᠳᠤᠮᠳᠠᠴᠢ ᠨᠠᠰᠤᠨ ᠬᠤᠲᠤᠭ 2000 ᠣᠨ ᠳᠤ | 67 ᠨᠠᠰᠤ ᠪᠠᠶᠢᠭᠰᠠᠨ ᠠᠴᠠ 2019 ᠣᠨ ᠪᠣᠯᠬᠤ ᠳᠤ 73 ᠨᠠᠰᠤᠨ ᠠᠴᠠ ᠳᠡᠭᠡᠭᠰᠢ ᠪᠤᠯᠵᠤ ᠳᠡᠭᠡᠭᠰᠢᠯᠡᠵᠡᠢ᠃ | ᠡᠭᠦᠨ ᠠᠴᠠ ᠭᠠᠳᠠᠨ᠎ᠠ᠂ ᠵᠡᠮᠳᠡᠭᠴᠦᠳ ᠤᠨ ᠲᠤᠭ᠎ᠠ ᠨᠡᠮᠡᠭᠳᠡᠬᠦ ᠬᠠᠨᠳᠤᠰᠢ ᠲᠠᠢ ᠪᠠᠶᠢᠨ᠎ᠠ᠃ 2000 ᠣᠨ ᠤ ᠬᠢ ᠲᠠᠢ | ᠬᠠᠷᠢᠴᠠᠭᠤᠯᠪᠠᠯ᠂ 2019 ᠣᠨ ᠳᠤ ᠵᠢᠷᠦᠬᠡᠨ ᠡᠪᠡᠳᠴᠢᠨ᠂ ᠰᠢᠬᠢᠷ ᠰᠢᠵᠢᠩ ᠡᠪᠡᠳᠴᠢᠨ᠂ ᠰᠠ ᠡᠪᠡᠳᠴᠢᠨ᠂ ᠠᠭᠤᠰᠬᠢᠨ | ᠥᠮᠡᠨ ᠪᠠ ᠤᠵᠢᠭ ᠴᠢᠨᠠᠷᠲᠠᠶ ᠲᠦᠭᠵᠢᠷᠡᠯ ᠤᠨ ᠴᠢᠨᠠᠷᠲᠠᠶ ᠠᠭᠤᠰᠬᠢᠨ ᠡᠪᠡᠳᠴᠢᠨ ᠵᠡᠷᠭᠡ ᠠᠴᠠ ᠪᠣᠯᠵᠣ ᠡᠷᠡᠭᠦᠯ ᠴᠢᠭᠢᠷᠠᠭ ᠠᠮᠢ | ᠠᠮᠢᠳᠤᠷᠠᠯ ᠢᠶᠠᠨ ᠠᠯᠳᠠᠭᠰᠠᠨ ᠬᠥᠮᠦᠨ ᠤ ᠲᠤᠭ᠎ᠠ 1 ᠳ᠋ᠦᠩᠰᠢᠭᠤᠷ ᠰᠢᠬᠠᠮ ᠪᠣᠯᠵᠠᠢ᠃ | ᠮᠡᠳᠡᠭᠦᠯᠦᠯᠲᠡ ᠳᠤ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠥᠮᠡᠨ ᠡᠪᠡᠳᠴᠢᠨ᠂ ᠰᠢᠬᠢᠷ ᠰᠢᠵᠢᠩ | ᠡᠪᠡᠳᠴᠢᠨ ᠪᠠ ᠤᠵᠢᠭ ᠴᠢᠨᠠᠷᠲᠠᠶ ᠠᠮᠢᠰᠬᠤᠯ ᠤᠨ ᠰᠢᠰᠲ᠋ᠧᠮ ᠤᠨ ᠡᠪᠡᠳᠴᠢᠨ ᠢ ᠰᠡᠷᠭᠡᠶᠢᠯᠡᠬᠦ ᠪᠠ ᠡᠮᠨᠡᠨ ᠵᠠᠰᠠᠬᠤ ᠶᠢ ᠡᠷᠬᠡᠪᠰᠢ | ᠪᠥᠬᠦ ᠳᠡᠯᠡᠬᠡᠶ ᠶᠢᠨ |
| ᠬᠡᠪᠴᠢᠶᠡᠨ ᠳᠤ ᠴᠢᠩᠭᠠᠳᠬᠠᠬᠤ ᠬᠡᠷᠡᠭᠲᠡᠶ ᠭᠡᠵᠦ ᠲᠣᠳᠣᠷᠬᠠᠶ ᠵᠢᠭᠠᠵᠤ ᠭᠠᠷᠭᠠᠪᠠ᠃ ᠳᠡᠯᠡᠬᠡᠶ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠶᠡᠷᠦᠩᠬᠡᠶ ᠠᠵᠢᠯᠯᠠᠭᠴᠢ ᠲᠠᠨᠳᠧᠰᠠᠢ ᠬᠡᠯᠡᠭᠰᠡᠨ ᠨᠢ᠂ ︽ᠬᠠᠯᠳᠠᠪᠤᠷᠢᠲᠤ ᠪᠤᠰᠤ | ᠴᠢᠨᠠᠷᠲᠠᠶ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠣᠨᠣᠰᠢᠯᠠᠬᠤ ᠪᠠ ᠡᠮᠨᠡᠨ ᠵᠠᠰᠠᠬᠤ ᠶᠢ ᠦᠳᠲᠡᠷ ᠲᠦᠷᠭᠡᠨ | ᠴᠢᠩᠭᠠᠳᠬᠠᠬᠤ ᠴᠢᠬᠤᠯᠠᠲᠠᠶ᠂ ᠠᠩᠬ᠎ᠠ ᠵᠡᠷᠭᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ | ᠡᠷᠬᠡ ᠲᠡᠭᠰᠢ ᠪᠠᠷ ᠶᠡᠭᠡ ᠪᠠᠷ ᠰᠠᠶᠢᠵᠢᠷᠠᠭᠤᠯᠬᠤ ᠬᠡᠷᠡᠭᠲᠡᠶ︾ ᠭᠡᠯᠡ᠃ ᠲᠡᠷᠡ᠄ ︽ᠬᠠᠯᠳᠠᠪᠤᠷᠢᠲᠤ ᠪᠤᠰᠤ ᠴᠢᠨᠠᠷᠲᠠᠶ ᠡᠪᠡᠳᠴᠢᠨ ᠢ | ᠡᠰᠡᠷᠭᠦᠴᠡᠬᠦ ᠠᠴᠠ ᠪᠥᠬᠦ ᠳᠡᠯᠡᠬᠡᠶ ᠶᠢᠨ ᠶᠡᠭᠡ ᠲᠠᠬᠤᠯ ᠡᠪᠡᠳᠴᠢᠨ ᠢ ᠬᠠᠮᠢᠶᠠᠷᠬᠤ ᠬᠦᠷᠲᠡᠯ᠎ᠡ᠂ ᠬᠦᠴᠦᠨ ᠲᠤᠷᠪᠢᠯᠢᠭ ᠠᠩᠬᠠᠨ ᠤ | ᠱᠠᠲᠤᠨ ᠤ ᠡᠷᠡᠭᠦᠯ ᠬᠠᠮᠠᠭᠠᠯᠠᠯ ᠡᠷᠡᠭᠦᠯᠵᠢᠯ ᠨᠢ ᠠᠯᠢᠪᠠ ᠪᠦᠬᠦᠨ ᠤ ᠰᠠᠭᠤᠷᠢ ᠪᠣᠯᠬᠤ ᠨᠢ ᠢᠯᠡᠷᠬᠡᠶ︾ ᠭᠡᠵᠡᠢ᠃ | ᠁ |