ᠰᠦᠨᠢᠳ ᠪᠠᠷᠠᠭᠤᠨ ᠵᠠᠰᠠᠭ ᠠᠯᠪᠠᠨ ᠲᠠᠷᠬᠠᠭᠠᠭᠰᠠᠨ ﹇2020﹈ 39 ᠳ᠋ᠣᠭᠡᠷ ᠲᠣᠭᠠᠳᠣ | ︽ᠰᠦᠨᠢᠳ ᠪᠠᠷᠠᠭᠤᠨ ᠬᠤᠰᠢᠭᠤᠨ ᠤ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ ᠣᠯᠠᠮ ᠨᠢᠭᠡ | ᠠᠯᠬᠤᠮ ᠴᠢᠩᠭᠠᠳᠬᠠᠨ ᠲᠦᠷᠢᠮᠵᠢᠭᠦᠯᠬᠦ ᠲᠣᠬᠠᠢ ᠵᠢᠯᠣᠭᠤᠳᠬᠤ ᠰᠠᠨᠠᠯ︾ ᠢ ᠲᠠᠷᠣᠮᠠᠯᠯᠠᠨ ᠲᠠᠷᠬᠠᠭᠠᠬᠤ | ᠲᠣᠬᠠᠢ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ᠄ | ᠲᠣᠣᠷ᠎ᠠ ︽ᠰᠦᠨᠢᠳ ᠪᠠᠷᠠᠭᠤᠨ ᠬᠤᠰᠢᠭᠤᠨ ᠤ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ | ᠣᠯᠠᠮ ᠨᠢᠭᠡ ᠠᠯᠬᠤᠮ ᠴᠢᠩᠭᠠᠳᠬᠠᠨ ᠲᠦᠷᠢᠮᠵᠢᠭᠦᠯᠬᠦ ᠲᠣᠬᠠᠢ ᠵᠢᠯᠣᠭᠤᠳᠬᠤ ᠰᠠᠨᠠᠯ︾ ᠢ ᠲᠠᠨᠠᠷ ᠲᠤ ᠲᠠᠷᠣᠮᠠᠯᠯᠠᠨ | ᠲᠠᠷᠬᠠᠭᠠᠯ᠎ᠠ᠂ ᠪᠣᠳᠠᠳᠠᠢ ᠲᠠᠢ ᠪᠠᠨ ᠣᠶᠠᠯᠳᠣᠭᠤᠯᠣᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠣᠨ ᠬᠡᠷᠡᠭᠵᠢᠭᠦᠯᠳᠦᠭᠡᠢ᠃ | | ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 8 ᠰᠠᠷ᠎ᠠ ᠶᠢᠨ 3 ᠤ ᠡᠳᠦᠷ | | | | | ᠰᠦᠨᠢᠳ ᠪᠠᠷᠠᠭᠤᠨ ᠬᠤᠰᠢᠭᠤᠨ ᠤ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ | ᠣᠯᠠᠮ ᠨᠢᠭᠡ ᠠᠯᠬᠤᠮ ᠴᠢᠩᠭᠠᠳᠬᠠᠨ ᠲᠦᠷᠢᠮᠵᠢᠭᠦᠯᠬᠦ ᠲᠣᠬᠠᠢ ᠵᠢᠯᠣᠭᠤᠳᠬᠤ ᠰᠠᠨᠠᠯ | ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠭᠢᠮ ᠤᠨ ᠰᠣᠮᠣ ᠰᠢᠶᠠᠩ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ ᠣᠯᠠᠮ ᠨᠢᠭᠡ ᠠᠯᠬᠤᠮ | ᠴᠢᠩᠭᠠᠳᠬᠠᠨ ᠲᠦᠷᠢᠮᠵᠢᠭᠦᠯᠬᠦ ᠲᠣᠬᠠᠢ ᠰᠠᠨᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2020﹈ 11 | ᠳ᠋ᠣᠭᠡᠷ ᠲᠣᠭᠠᠳᠣ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠳᠠᠢ ᠲᠠᠢ ᠪᠠᠨ | ᠣᠶᠠᠯᠳᠣᠭᠤᠯᠵᠣ᠂ ᠣᠨᠴᠠᠭᠠᠶᠢᠯᠠᠨ ᠲᠣᠰ ᠵᠢᠯᠣᠭᠤᠳᠬᠤ ᠰᠠᠨᠠᠯ ᠢ ᠲᠣᠭᠳᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠰᠢ ᠶᠢᠨ ᠫᠢᠩ ᠶᠡᠷᠦᠩᠭᠡᠢ ᠱᠦᠵᠢ ᠶᠢᠨ ᠲᠤᠭ᠎ᠠ ᠪᠦᠷᠢᠳᠭᠡᠯ ᠤᠨ | ᠠᠵᠢᠯ ᠤᠨ ᠲᠣᠬᠠᠢ ᠴᠢᠬᠤᠯᠠ ᠶᠡᠷᠢᠶᠡᠨ ᠤ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠵᠢᠴᠢ ᠨᠠᠮ ᠤᠨ | ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶᠠᠨ ᠤ ᠲᠤᠭ᠎ᠠ ᠪᠦᠷᠢᠳᠭᠡᠯ ᠤᠨ ᠬᠠᠮᠢᠶᠠᠷᠣᠯᠳᠠ ᠶᠢᠨ | ᠪᠠᠶᠢᠭᠤᠯᠣᠯ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢᠨ ᠦᠨᠡᠨ | ᠪᠣᠳᠠᠳᠣ ᠴᠢᠨᠠᠷ ᠢ ᠳᠡᠭᠡᠭᠰᠢᠯᠡᠭᠦᠯᠬᠦ ᠲᠣᠬᠠᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠢ | ᠲᠣᠣᠱᠯᠠᠭᠤᠯᠵᠣ᠂ ᠪᠦᠬᠦ ᠬᠤᠰᠢᠭᠤᠨ ᠤ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ | ᠲᠦᠷᠢᠮᠵᠢᠭᠰᠡᠨ ᠪᠠᠶᠢᠭᠤᠯᠣᠯᠳᠠ ᠶᠢ ᠠᠬᠢᠭᠤᠯᠵᠣ᠂ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠳᠣᠮᠳᠠ | ᠣᠷᠣᠰᠢᠵᠣ ᠪᠠᠶᠢᠭ᠎ᠠ ᠪᠠᠭᠤᠷᠠᠢ ᠭᠤᠭᠴᠤᠭ᠎ᠠ ᠪᠣᠯᠣᠨ ᠲᠣᠪᠣᠶᠢᠮ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ | ᠲᠤᠭ᠎ᠠ ᠪᠠᠷᠢᠮᠳᠠ ᠶᠢ ᠡᠬᠢ ᠡᠭᠦᠰᠦᠯ ᠠᠴᠠ ᠨᠢ ᠪᠦᠷᠢᠳᠭᠡᠬᠦ ᠶᠠᠰᠣ ᠴᠢᠨᠠᠷ ᠢ ᠳᠡᠭᠡᠭᠰᠢᠯᠡᠭᠦᠯᠵᠦ᠂ ᠪᠦᠬᠦ ᠬᠤᠰᠢᠭᠤᠨ ᠤ | ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠴᠠᠭ ᠲᠣᠬᠠᠢ ᠳᠤᠨᠢ ᠪᠦᠬᠦ ᠲᠠᠯ᠎ᠠ ᠶᠢᠨ ᠲᠤᠭ᠎ᠠ ᠪᠦᠷᠢᠳᠭᠡᠯ | ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃ | ᠬᠤᠶᠠᠷ᠂ ᠶᠡᠷᠦᠩᠭᠡᠢ ᠬᠠᠷᠠᠯᠳᠠ | 2020 ᠣᠨ ᠠᠴᠠ ᠡᠬᠢᠯᠡᠨ᠂ ᠪᠦᠬᠦ ᠬᠤᠰᠢᠭᠤᠨ ᠤ ᠬᠡᠪᠴᠢᠶᠡᠨ ᠳᠤ ᠬᠤᠶᠠᠷ ᠵᠢᠯ ᠤᠨ ᠬᠤᠭᠤᠴᠠᠭ᠎ᠠ ᠲᠠᠢ | ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠠᠵᠢᠯᠯᠠᠭ᠎ᠠ ᠶᠢ | ᠦᠷᠨᠢᠭᠦᠯᠵᠦ᠂ ᠭᠠᠵᠠᠷ ᠣᠷᠣᠨ ᠳᠤᠨᠢ ᠲᠣᠬᠢᠷᠠᠭᠤᠯᠣᠨ᠂ ᠬᠠᠮᠳᠣᠪᠡᠷ ᠬᠦᠳᠡᠯᠦᠯᠴᠡᠨ᠂ ᠨᠢᠭᠡᠳᠦᠯᠳᠠᠢ ᠪᠠᠷᠢᠮᠵᠢᠶ᠎ᠠ ᠲᠠᠢ | ᠂ ᠲᠦᠷᠢᠮᠵᠢᠭᠰᠡᠨ ᠡᠮᠬᠢ ᠳᠠᠷᠠᠭᠠᠯᠠᠯ ᠲᠠᠢ ᠪᠠᠶᠢᠬᠤ ᠵᠠᠷᠴᠢᠮ ᠶᠣᠰᠣᠭᠠᠷ᠂ ᠰᠣᠮᠣ ᠪᠠᠯᠭᠠᠰᠣᠨ ᠤ ᠲᠤᠭ᠎ᠠ ᠪᠦᠷᠢᠳᠭᠡᠯ | ᠤᠨ ᠠᠵᠢᠯ ᠤᠨ ︽ᠨᠠᠢᠮᠠ ᠶᠢ ᠪᠦᠷᠢᠳᠦᠭᠦᠯᠵᠦ᠂ ᠨᠠᠢᠮᠠ ᠶᠢ ᠲᠦᠷᠢᠮᠵᠢᠭᠦᠯᠬᠦ︾ ︵ᠣᠷᠣᠨ ᠲᠤᠭ᠎ᠠ᠂ ᠠᠵᠢᠯᠳᠠᠨ᠂ | ᠵᠠᠷᠣᠳᠠᠯ᠂ ᠲᠠᠯᠠᠪᠣᠷ᠂ ᠲᠦᠬᠦᠭᠡᠷᠦᠮᠵᠢ᠂ ᠲᠣᠣᠷ ᠰᠦᠯᠵᠢᠶ᠎ᠡ᠂ ᠲᠦᠷᠢᠮ ᠲᠣᠭᠳᠠᠭᠠᠯ᠂ ᠪᠣᠯᠪᠠᠰᠣᠷᠠᠯ ᠲᠠᠢ ᠪᠠᠶᠢᠬᠤ ᠶᠢ | ᠪᠦᠷᠢᠳᠦᠭᠦᠯᠵᠦ᠂ ᠲᠤᠭ᠎ᠠ ᠪᠦᠷᠢᠳᠭᠡᠯ ᠤᠨ ᠬᠠᠮᠢᠶᠠᠷᠣᠯᠳᠠ ᠶᠢᠨ ᠲᠦᠷᠢᠮᠵᠢᠭᠰᠡᠨ᠂ ᠲᠤᠭ᠎ᠠ ᠪᠦᠷᠢᠳᠭᠡᠯ ᠤᠨ | ᠠᠵᠢᠯᠳᠠᠨ ᠲᠣᠰᠬᠠᠶᠢᠵᠢᠭᠰᠠᠨ᠂ ᠲᠤᠭ᠎ᠠ ᠪᠦᠷᠢᠳᠭᠡᠯ ᠤᠨ ᠮᠡᠳᠡᠭᠦᠯᠦᠯᠳᠡ ᠶᠢᠨ ᠬᠦᠰᠦᠨᠦᠭᠲᠦ ᠪᠠᠷᠢᠮᠵᠢᠶᠠᠵᠢᠭᠰᠠᠨ᠂ | ᠲᠤᠭ᠎ᠠ ᠪᠦᠷᠢᠳᠭᠡᠯ ᠤᠨ ᠳᠠᠩᠰᠠ ᠡᠪᠬᠡᠮᠡᠯ ᠡᠯᠧᠺᠲᠷᠣᠨᠴᠢᠯᠠᠭᠰᠠᠨ᠂ ᠲᠤᠭ᠎ᠠ ᠪᠦᠷᠢᠳᠭᠡᠯ ᠤᠨ ᠪᠢᠴᠢᠭ ᠮᠠᠲ᠋ᠧᠷᠢᠶᠠᠯ ᠢ | ᠳᠠᠩᠰᠠᠯᠠᠭᠰᠠᠨ᠂ ᠲᠤᠭ᠎ᠠ ᠪᠦᠷᠢᠳᠭᠡᠯ ᠤᠨ ᠠᠵᠢᠯ ᠬᠠᠣᠯᠢᠵᠢᠭᠰᠠᠨ᠂ ᠲᠤᠭ᠎ᠠ ᠪᠦᠷᠢᠳᠭᠡᠯ ᠤᠨ ᠮᠡᠳᠡᠭᠡ ᠵᠠᠩᠭᠢ ᠲᠣᠣᠷ | ᠰᠦᠯᠵᠢᠶᠡᠵᠢᠭᠰᠡᠨ᠂ ᠲᠤᠭ᠎ᠠ ᠪᠦᠷᠢᠳᠭᠡᠯ ᠤᠨ ᠣᠬᠠᠭᠤᠯᠭ᠎ᠠ ᠶᠢ ᠪᠠᠶᠢᠩᠭᠤᠴᠢᠯᠠᠭᠰᠠᠨ︶ ᠢᠶᠠᠷ ᠬᠠᠷᠠᠯᠳᠠ ᠪᠣᠯᠭᠠᠵᠣ᠂ | ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠰᠠᠭᠤᠷᠢ ᠪᠦᠲᠦᠭᠡᠨ ᠪᠠᠶᠢᠭᠤᠯᠣᠯᠳᠠ ᠵᠢᠨᠠᠬᠢᠴᠠ ᠶᠢ ᠲᠦᠷᠭᠡᠳᠭᠡᠵᠦ᠂ | ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ ᠬᠠᠮᠢᠶᠠᠷᠣᠯᠳᠠ ᠶᠢ ᠲᠦᠷᠢᠮᠵᠢᠭᠦᠯᠵᠦ᠂ ᠡᠬᠢ | ᠡᠭᠦᠰᠦᠯ ᠤᠨ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢᠨ ᠶᠠᠰᠣ ᠴᠢᠨᠠᠷ ᠢ ᠳᠡᠭᠡᠭᠰᠢᠯᠡᠭᠦᠯᠵᠦ᠂ ᠪᠦᠬᠦ ᠬᠤᠰᠢᠭᠤᠨ | ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠲᠤᠭ᠎ᠠ ᠪᠦᠷᠢᠳᠭᠡᠯ ᠤᠨ ᠲᠣᠯᠭᠠᠭᠤᠷᠢ ᠬᠦᠴᠦᠨ ᠢ | ᠬᠠᠩᠭᠠᠨ᠎ᠠ᠃ | ᠭᠤᠷᠪᠠ᠂ ᠠᠵᠢᠯ ᠤᠨ ᠡᠭᠦᠷᠭᠡ | ︵ᠨᠢᠭᠡ︶ ᠲᠤᠭ᠎ᠠ ᠪᠦᠷᠢᠳᠭᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ᠂ | ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ ᠬᠦᠴᠦᠨ ᠢ ᠴᠢᠩᠭᠠᠳᠬᠠᠨ᠎ᠠ᠃ | 1. ᠡᠭᠦᠷᠭᠡ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠎ᠠ᠃ ᠡᠯ᠎ᠡ ᠰᠣᠮᠣ ᠪᠠᠯᠭᠠᠰᠣᠨ ᠤ ᠵᠠᠰᠠᠭ ᠤᠨ | ᠣᠷᠳᠣᠨ ᠪᠣᠯ ᠲᠤᠭ᠎ᠠ ᠪᠦᠷᠢᠳᠭᠡᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ | ᠪᠠᠶᠢᠵᠣ᠂ ᠬᠠᠷᠢᠶ᠎ᠠ ᠣᠷᠣᠨ ᠲᠣᠳᠣᠷᠠᠬᠢ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢᠨ | ᠠᠵᠢᠯ ᠢ ᠨᠢᠭᠡᠳᠦᠯᠳᠠᠢ ᠲᠦᠯᠦᠪᠯᠡᠬᠦ ᠶᠢ ᠬᠠᠷᠢᠭᠤᠴᠠᠵᠣ᠂ ᠲᠣᠰ ᠱᠠᠳᠣᠨ ᠤ ᠪᠠᠨ ᠲᠦᠷᠢᠮᠵᠢᠭᠰᠡᠨ ᠪᠠᠶᠢᠭᠤᠯᠣᠯᠳᠠ | ᠶᠢᠨ ᠶᠠᠰᠣ ᠴᠢᠨᠠᠷ ᠤᠨ ᠶᠡᠷᠦᠩᠭᠡᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠰᠣᠮᠣ ᠪᠠᠯᠭᠠᠰᠣᠨ ᠤ ᠵᠠᠰᠠᠭ ᠤᠨ | ᠣᠷᠳᠣᠨ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢ ᠴᠢᠬᠤᠯᠠ ᠵᠦᠪᠯᠡᠬᠦ ᠵᠦᠢᠯ ᠳᠡᠭᠡᠨ | ᠣᠷᠣᠭᠤᠯᠵᠣ᠂ ᠲᠦᠷᠢᠮᠵᠢᠭᠰᠡᠨ ᠪᠠᠶᠢᠭᠤᠯᠣᠯᠳᠠ ᠳᠣᠮᠳᠠ ᠣᠷᠣᠰᠢᠵᠣ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ | ᠨᠢᠭᠡᠳᠦᠯᠳᠠᠢ ᠵᠣᠬᠢᠴᠠᠭᠤᠯᠣᠨ ᠰᠢᠢᠳᠪᠦᠷᠢᠯᠡᠨ᠎ᠡ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤᠨ ᠰᠠᠭᠤᠭᠠᠯᠢ | ᠠᠷᠠᠳ ᠤᠨ ᠵᠦᠪᠯᠡᠯ ᠤᠨ ᠲᠤᠭ᠎ᠠ ᠪᠦᠷᠢᠳᠭᠡᠯ ᠤᠨ ᠲᠦᠷᠢᠮ ᠲᠣᠭᠳᠠᠭᠠᠯ ᠶᠣᠰᠣᠭᠠᠷ ᠲᠤᠭ᠎ᠠ ᠪᠠᠷᠢᠮᠳᠠ ᠶᠢ | ᠪᠠᠶᠢᠴᠠᠭᠠᠨ ᠴᠣᠭᠯᠠᠭᠤᠯᠬᠤ ᠶᠢ ᠨᠢ ᠵᠢᠯᠣᠭᠤᠳᠣᠨ᠎ᠠ᠃ ᠬᠦᠮᠦᠨ ᠠᠮᠠ᠂ ᠲᠠᠷᠢᠶᠠᠯᠠᠩ ᠮᠠᠯ ᠠᠵᠣ ᠠᠬᠤᠢ᠂ ᠠᠵᠣ | ᠠᠬᠤᠢ ᠵᠡᠷᠭᠡ ᠴᠢᠬᠤᠯᠠ ᠶᠡᠭᠡ ᠣᠯᠣᠰ ᠤᠨ ᠪᠠᠶᠢᠳᠠᠯ ᠣᠯᠣᠰ ᠤᠨ ᠬᠦᠴᠦᠨ ᠤ ᠨᠡᠶᠢᠳᠡᠮ ᠪᠠᠶᠢᠴᠠᠭᠠᠯᠳᠠ ᠪᠣᠯᠣᠨ | ᠳᠡᠭᠡᠲᠦ ᠱᠠᠳᠣᠨ ᠤ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠠᠴᠠ ᠪᠠᠶᠢᠷᠢᠯᠠᠭᠤᠯᠣᠭᠰᠠᠨ ᠡᠯ᠎ᠡ ᠲᠦᠷᠦᠯ ᠤᠨ | ᠪᠦᠷᠢᠳᠭᠡᠨ ᠪᠠᠶᠢᠴᠠᠭᠠᠬᠤ ᠡᠭᠦᠷᠭᠡ ᠶᠢ ᠪᠡᠶᠡᠯᠡᠭᠦᠯᠵᠦ᠂ ᠬᠦᠳᠡᠭᠡ ᠲᠣᠰᠬᠤᠨ ᠤ ᠺᠠᠷᠲ ᠢ ᠲᠠᠭᠯᠠᠨ ᠮᠡᠳᠡᠭᠦᠯᠬᠦ᠂ | ᠲᠠᠷᠢᠶᠠᠯᠠᠩ᠂ ᠣᠢ ᠰᠢᠭᠤᠢ᠂ ᠮᠠᠯᠵᠢᠯ᠂ ᠵᠢᠭᠠᠰᠣᠨ ᠠᠵᠣ ᠠᠬᠤᠢ ᠶᠢᠨ ᠲᠤᠭ᠎ᠠ ᠪᠦᠷᠢᠳᠭᠡᠯ᠂ ᠮᠠᠯ ᠠᠵᠣ ᠠᠬᠤᠢ | ᠶᠢᠨ ᠪᠠᠶᠢᠴᠠᠭᠠᠯᠳᠠ᠂ ᠦᠨᠳᠦᠰᠦᠨ ᠨᠢᠭᠡᠴᠡ ᠶᠢᠨ ᠨᠡᠷᠡᠰ ᠤᠨ ᠬᠦᠮᠦᠷᠭᠡ ᠶᠢᠨ ᠬᠠᠮᠠᠭᠠᠯᠠᠯᠳᠠ ᠵᠡᠷᠭᠡ ᠶᠢ ᠪᠠᠭᠳᠠᠭᠠᠨ᠎ᠠ᠃ | ᠪᠦᠷᠢᠳᠭᠡᠭᠰᠡᠨ ᠲᠤᠭ᠎ᠠ ᠪᠠᠷᠢᠮᠳᠠ ᠶᠢ ᠭᠠᠳᠠᠭᠰᠢ ᠬᠠᠩᠭᠠᠬᠤ ᠪᠠ ᠬᠡᠷᠡᠭᠯᠡᠬᠦ ᠳᠤ ᠳᠡᠭᠡᠲᠦ ᠱᠠᠳᠣᠨ ᠤ ᠲᠤᠭ᠎ᠠ | ᠪᠦᠷᠢᠳᠭᠡᠯ ᠤᠨ ᠰᠠᠯᠠᠭ᠎ᠠ ᠮᠦᠴᠢᠷ ᠤᠨ ᠬᠠᠷᠭᠤᠭᠤᠯᠣᠨ ᠲᠣᠭᠳᠠᠭᠠᠭᠰᠠᠨ ᠲᠤᠭ᠎ᠠ ᠪᠠᠷᠢᠮᠳᠠ ᠪᠠᠷ ᠪᠠᠷᠢᠮᠵᠢᠶ᠎ᠠ ᠪᠣᠯᠭᠠᠨ᠎ᠠ | ᠃ | 2᠂ ᠡᠭᠦᠷᠭᠡ ᠲᠣᠰᠢᠶᠠᠯ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠡᠯ᠎ᠡ ᠰᠣᠮᠣ ᠪᠠᠯᠭᠠᠰᠣᠨ ᠤ | ᠵᠠᠰᠠᠭ ᠤᠨ ᠣᠷᠳᠣᠨ ᠬᠠᠣᠯᠢ ᠶᠣᠰᠣᠭᠠᠷ ᠡᠭᠦᠷᠭᠡ ᠲᠣᠰᠢᠶᠠᠯ ᠢᠶᠠᠨ ᠭᠦᠢᠴᠡᠳᠭᠡᠵᠦ᠂ ᠲᠤᠭ᠎ᠠ ᠪᠦᠷᠢᠳᠭᠡᠯ ᠤᠨ ᠠᠵᠢᠯ | ᠤᠨ ᠪᠠᠶᠢᠷᠢ ᠶᠢ ᠲᠣᠬᠢᠷᠠᠭᠤᠯᠵᠣ᠂ ᠲᠤᠭ᠎ᠠ ᠪᠦᠷᠢᠳᠭᠡᠯ ᠤᠨ ᠠᠵᠢᠯ ᠢ ᠬᠤᠪᠢᠳᠠᠨ ᠬᠠᠮᠢᠶᠠᠷᠬᠤ ᠣᠳᠣᠷᠢᠳᠣᠯᠭ᠎ᠠ ᠶᠢ | ᠲᠣᠳᠣᠷᠬᠠᠶᠢᠯᠠᠵᠣ᠂ ᠲᠤᠭ᠎ᠠ ᠪᠦᠷᠢᠳᠭᠡᠯ ᠤᠨ ᠠᠵᠢᠯ ᠡᠭᠦᠷᠭᠡ ᠳᠤ ᠨᠡᠶᠢᠴᠡᠬᠦ ᠲᠣᠰᠬᠠᠢ ᠪᠣᠶᠣ ᠬᠠᠪᠰᠣᠷᠭᠠᠭᠰᠠᠨ | ᠲᠤᠭ᠎ᠠ ᠪᠦᠷᠢᠳᠭᠡᠯ ᠤᠨ ᠠᠵᠢᠯ ᠤᠨ ᠠᠵᠢᠯᠳᠠᠨ ᠢ ᠲᠣᠬᠢᠷᠠᠭᠤᠯᠣᠨ᠎ᠠ᠃ ᠲᠤᠭ᠎ᠠ ᠪᠦᠷᠢᠳᠭᠡᠯ ᠤᠨ ᠠᠵᠢᠯᠳᠠᠨ ᠵᠣᠬᠢᠬᠤ | ᠬᠡᠮᠵᠢᠶ᠎ᠡ ᠪᠠᠷ ᠲᠣᠭᠳᠠᠪᠣᠷᠢᠳᠠᠢ ᠪᠠᠶᠢᠬᠤ ᠶᠢ ᠪᠠᠳᠣᠯᠠᠵᠣ᠂ ᠲᠤᠭ᠎ᠠ ᠪᠦᠷᠢᠳᠭᠡᠯ ᠤᠨ ᠠᠵᠢᠯ ᠢ ᠭᠡᠪ ᠤᠨ ᠪᠠᠶᠢᠳᠠᠯ ᠢᠶᠠᠷ | ᠦᠷᠨᠢᠭᠦᠯᠬᠦ ᠶᠢ ᠪᠠᠳᠣᠯᠠᠬᠤ ᠬᠡᠷᠡᠭᠳᠠᠢ᠃ ᠡᠯ᠎ᠡ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠤᠨ ᠠᠵᠢᠯᠳᠠᠨ | ᠬᠤᠪᠢᠷᠠᠯᠳᠠ ᠭᠠᠷᠴᠣ ᠲᠣᠬᠢᠷᠠᠭᠤᠯᠣᠯᠳᠠ ᠬᠢᠬᠦ ᠦᠶᠡᠰ ᠲᠤ᠂ ᠬᠤᠰᠢᠭᠤ ᠲᠤᠭ᠎ᠠ ᠪᠦᠷᠢᠳᠭᠡᠯ ᠤᠨ ᠲᠣᠪᠴᠢᠶᠠᠨ ᠤ | ᠵᠦᠪᠰᠢᠶᠡᠷᠡᠯ ᠢ ᠣᠯᠣᠭᠰᠠᠨ ᠤ ᠳᠠᠷᠠᠭ᠎ᠠ ᠳᠠᠩᠰᠠᠯᠠᠭᠤᠯᠣᠨ᠎ᠠ᠃ ᠬᠤᠰᠢᠭᠤ ᠲᠤᠭ᠎ᠠ ᠪᠦᠷᠢᠳᠭᠡᠯ ᠤᠨ ᠲᠣᠪᠴᠢᠶ᠎ᠠ | ᠱᠠᠭᠠᠷᠳᠠᠯᠭ᠎ᠠ ᠶᠣᠰᠣᠭᠠᠷ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠤᠨ ᠠᠵᠢᠯᠳᠠᠨ ᠤ ᠡᠯᠧᠺᠲᠷᠣᠨ | ᠮᠡᠳᠡᠭᠡ ᠵᠠᠩᠭᠢ ᠶᠢᠨ ᠬᠦᠮᠦᠷᠭᠡ ᠶᠢ ᠴᠠᠭ ᠲᠣᠬᠠᠢ ᠳᠤᠨᠢ ᠬᠠᠮᠠᠭᠠᠯᠠᠨ ᠰᠢᠨᠡᠴᠢᠯᠡᠬᠦ ᠬᠡᠷᠡᠭᠳᠠᠢ᠃ | 3. ᠠᠵᠢᠯᠳᠠᠨ ᠤ ᠭᠡᠪ ᠪᠣᠯᠪᠠᠰᠣᠷᠠᠯ ᠢ ᠳᠡᠭᠡᠭᠰᠢᠯᠡᠭᠦᠯᠦᠨ᠎ᠡ᠃ ᠬᠤᠰᠢᠭᠤ ᠲᠤᠭ᠎ᠠ ᠪᠦᠷᠢᠳᠭᠡᠯ ᠤᠨ ᠲᠣᠪᠴᠢᠶ᠎ᠠ | ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯᠳᠠᠳ ᠲᠤ ᠲᠤᠭ᠎ᠠ ᠪᠦᠷᠢᠳᠭᠡᠯ ᠤᠨ ᠰᠢᠨ᠎ᠡ ᠮᠡᠳᠡᠯᠭᠡ᠂ | ᠰᠢᠨ᠎ᠡ ᠮᠡᠷᠭᠡᠵᠢᠯ᠂ ᠲᠤᠭ᠎ᠠ ᠪᠦᠷᠢᠳᠭᠡᠯ ᠤᠨ ᠬᠠᠣᠯᠢ ᠴᠠᠭᠠᠵᠠ ᠬᠠᠣᠯᠢ ᠲᠦᠷᠢᠮ ᠪᠣᠯᠣᠨ ᠠᠵᠢᠯ ᠮᠡᠷᠭᠡᠵᠢᠯ ᠤᠨ | ᠶᠣᠰᠣ ᠰᠣᠷᠳᠠᠬᠤᠨ ᠤ ᠲᠣᠬᠠᠢ ᠪᠣᠯᠪᠠᠰᠣᠷᠠᠯ ᠬᠦᠮᠦᠵᠢᠯ ᠬᠦᠷᠳᠡᠭᠡᠬᠦ ᠬᠦᠴᠦᠨ ᠢᠶᠠᠨ ᠨᠡᠮᠡᠭᠳᠡᠭᠦᠯᠵᠦ᠂ ᠦᠨᠳᠦᠰᠦᠨ | ᠱᠠᠳᠣᠨ ᠤ ᠲᠤᠭ᠎ᠠ ᠪᠦᠷᠢᠳᠭᠡᠯ ᠤᠨ ᠪᠣᠯᠪᠠᠰᠣᠷᠠᠯ ᠢ ᠣᠨ ᠤ ᠪᠣᠯᠪᠠᠰᠣᠷᠠᠯ ᠤᠨ ᠲᠦᠯᠦᠪᠯᠡᠭᠡ ᠳᠤ ᠣᠷᠣᠭᠤᠯᠵᠣ᠂ | ᠲᠤᠭ᠎ᠠ ᠪᠦᠷᠢᠳᠭᠡᠯ ᠤᠨ ᠲᠣᠬᠠᠶᠢᠯᠠᠭᠰᠠᠨ ᠠᠵᠢᠯ ᠤᠨ ᠲᠣᠰᠬᠠᠢ ᠰᠡᠳᠦᠪᠳᠦ ᠪᠣᠯᠪᠠᠰᠣᠷᠠᠯ᠂ ᠬᠤᠷᠠᠯ ᠢᠶᠠᠷ ᠪᠣᠯᠪᠠᠰᠣᠷᠠᠯ | ᠢ ᠣᠷᠣᠯᠠᠭᠤᠯᠬᠤ᠂ ᠰᠣᠷᠣᠯᠴᠠᠵᠣ ᠰᠣᠯᠢᠯᠴᠠᠬᠤ ᠵᠡᠷᠭᠡ ᠣᠯᠠᠨ ᠬᠡᠯᠪᠡᠷᠢ ᠮᠠᠶ᠋ᠢᠭ ᠢᠶᠠᠷ ᠪᠣᠯᠪᠠᠰᠣᠷᠠᠯ ᠦᠷᠨᠢᠭᠦᠯᠵᠦ᠂ | ᠲᠤᠭ᠎ᠠ ᠪᠦᠷᠢᠳᠭᠡᠯ ᠤᠨ ᠠᠵᠢᠯᠳᠠᠨ ᠤ ᠲᠣᠬᠠᠶᠢᠯᠠᠭᠰᠠᠨ ᠠᠵᠢᠯ ᠤᠨ ᠬᠡᠪ ᠪᠣᠯᠪᠠᠰᠣᠷᠠᠯ ᠪᠣᠯᠣᠨ ᠠᠵᠢᠯ ᠮᠡᠷᠭᠡᠵᠢᠯ ᠤᠨ | ᠶᠣᠰᠣ ᠰᠣᠷᠳᠠᠬᠤᠨ ᠤ ᠬᠢᠷᠢ ᠲᠦᠪᠰᠢᠨ ᠢ ᠲᠠᠰᠣᠷᠠᠯᠳᠠ ᠦᠭᠡᠢ ᠳᠡᠭᠡᠭᠰᠢᠯᠡᠭᠦᠯᠵᠦ᠂ ᠲᠣᠬᠠᠶᠢᠯᠠᠭᠰᠠᠨ ᠠᠵᠢᠯ ᠳᠠᠭᠠᠨ | ᠴᠠᠭᠠᠷᠠᠭᠰᠠᠨ᠂ ᠣᠪᠣᠷ ᠰᠣᠷᠳᠠᠯ ᠯᠠᠪᠳᠠᠭᠤᠨ ᠪᠠᠳᠣᠳᠠᠢ᠂ ᠲᠤᠭ᠎ᠠ ᠪᠦᠷᠢᠳᠭᠡᠯ ᠤᠨ ᠦᠭᠡᠷᠡᠴᠢᠯᠡᠯᠳᠡ ᠪᠣᠯᠣᠨ | ᠬᠦᠭᠵᠢᠯᠳᠡ ᠶᠢᠨ ᠱᠠᠭᠠᠷᠳᠠᠯᠭ᠎ᠠ ᠳᠤ ᠨᠡᠶᠢᠴᠡᠬᠦ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠺᠠᠳ᠋ᠷ ᠤᠨ | ᠡᠩᠨᠡᠭᠡ ᠶᠢ ᠴᠢᠷᠮᠠᠶᠢᠨ ᠡᠭᠦᠳᠦᠨ᠎ᠡ᠃ | ︵ᠬᠤᠶᠠᠷ︶ ᠲᠤᠭ᠎ᠠ ᠪᠦᠷᠢᠳᠭᠡᠯ ᠤᠨ ᠠᠵᠢᠯ ᠤᠨ ᠨᠦᠬᠦᠴᠡᠯ ᠢ ᠰᠠᠶᠢᠵᠢᠷᠠᠭᠤᠯᠣᠨ᠎ᠠ᠃ | 1. ᠲᠤᠭ᠎ᠠ ᠪᠦᠷᠢᠳᠭᠡᠯ ᠤᠨ ᠠᠵᠢᠯ ᠤᠨ ᠵᠠᠷᠣᠳᠠᠯ ᠢ ᠪᠠᠳᠣᠯᠠᠨ᠎ᠠ᠃ ᠦᠨᠳᠦᠰᠦᠨ ᠱᠠᠳᠣᠨ ᠤ ᠲᠤᠭ᠎ᠠ | ᠪᠦᠷᠢᠳᠭᠡᠯ ᠤᠨ ᠠᠵᠢᠯ ᠳᠠᠬᠢ ᠣᠷᠣᠭᠤᠯᠣᠯᠳᠠ ᠶᠢ ᠨᠡᠮᠡᠭᠳᠡᠭᠦᠯᠵᠦ᠂ ᠲᠤᠭ᠎ᠠ ᠪᠦᠷᠢᠳᠭᠡᠯ ᠤᠨ ᠠᠵᠢᠯ ᠤᠨ ᠵᠠᠷᠣᠳᠠᠯ ᠢ | ᠣᠨ ᠤ ᠡᠳ᠋ ᠤᠨ ᠵᠠᠰᠠᠭ ᠤᠨ ᠲᠦᠰᠦᠪ ᠲᠤ ᠣᠷᠣᠭᠤᠯᠵᠣ᠂ ᠲᠤᠭ᠎ᠠ ᠪᠦᠷᠢᠳᠭᠡᠯ ᠤᠨ ᠠᠵᠢᠯ ᠤᠨ ᠵᠠᠷᠣᠳᠠᠯ ᠢ | ᠪᠠᠳᠣᠯᠠᠬᠤ ᠣᠷᠳᠣ ᠬᠤᠭᠤᠴᠠᠭᠠᠨ ᠤ ᠪᠦᠲᠦᠮᠵᠢᠳᠠᠢ ᠵᠣᠬᠢᠴᠠᠮᠵᠢ ᠶᠢ ᠪᠠᠶᠢᠭᠤᠯᠵᠣ᠂ ᠡᠳᠦᠷ ᠲᠣᠳᠣᠮ ᠤᠨ ᠲᠤᠭ᠎ᠠ | ᠪᠦᠷᠢᠳᠭᠡᠯ ᠤᠨ ᠠᠵᠢᠯ ᠦᠷᠨᠢᠭᠦᠯᠬᠦ ᠪᠣᠯᠣᠨ ᠡᠯ᠎ᠡ ᠲᠦᠷᠦᠯ ᠤᠨ ᠨᠡᠶᠢᠳᠡᠮ ᠪᠠᠶᠢᠴᠠᠭᠠᠯᠳᠠ ᠳᠤ ᠬᠡᠷᠡᠭᠰᠡᠬᠦ ᠵᠠᠷᠣᠳᠠᠯ ᠢ | ᠪᠠᠳᠣᠯᠠᠨ᠎ᠠ᠃ | 2. ᠲᠤᠭ᠎ᠠ ᠪᠦᠷᠢᠳᠭᠡᠯ ᠤᠨ ᠠᠵᠢᠯ ᠤᠨ ᠠᠯᠪᠠᠯᠠᠬᠤ ᠨᠦᠬᠦᠴᠡᠯ ᠢ ᠰᠠᠶᠢᠵᠢᠷᠠᠭᠤᠯᠣᠨ᠎ᠠ᠃ ᠡᠯ᠎ᠡ ᠰᠣᠮᠣ | ᠪᠠᠯᠭᠠᠰᠣ ᠲᠤᠭ᠎ᠠ ᠪᠦᠷᠢᠳᠭᠡᠯ ᠤᠨ ᠠᠵᠢᠯ ᠤᠨ ᠠᠵᠢᠯᠳᠠᠳ ᠲᠤ ᠪᠠᠷᠢᠮᠵᠢᠶᠠᠨ ᠳᠤ ᠨᠡᠶᠢᠴᠡᠭᠰᠡᠨ᠂ ᠲᠣᠭᠳᠠᠮᠠᠯ ᠠᠯᠪᠠᠨ | ᠭᠡᠷ ᠲᠣᠬᠢᠷᠠᠭᠤᠯᠣᠨ ᠦᠭᠴᠦ᠂ ᠲᠤᠭ᠎ᠠ ᠪᠦᠷᠢᠳᠭᠡᠯ ᠤᠨ ᠲᠣᠳᠣᠭᠠᠳᠣ ᠰᠦᠯᠵᠢᠶ᠎ᠡ ᠶᠢ ᠵᠠᠯᠭᠠᠭᠰᠠᠨ ᠲᠣᠰᠬᠠᠢ | ᠺᠣᠮᠫᠢᠦ᠋ᠲ᠋ᠧᠷ᠂ ᠲᠠᠷᠣᠮᠠᠯᠯᠠᠬᠤ ᠮᠠᠰᠢᠨ ᠲᠦᠬᠦᠭᠡᠷᠦᠮᠵᠢ ᠪᠣᠯᠣᠨ ᠲᠤᠭ᠎ᠠ ᠪᠦᠷᠢᠳᠭᠡᠯ ᠤᠨ ᠪᠢᠴᠢᠭ ᠮᠠᠲ᠋ᠧᠷᠢᠶᠠᠯ ᠢ | ᠬᠠᠳᠠᠭᠠᠯᠠᠬᠤ ᠳᠠᠩᠰᠠ ᠡᠪᠬᠡᠮᠡᠯ ᠤᠨ ᠠᠪᠳᠠᠷ᠎ᠠ ᠵᠡᠷᠭᠡ ᠶᠢ ᠪᠦᠷᠢᠳᠦᠭᠦᠯᠦᠨ ᠦᠭᠴᠦ᠂ ᠲᠤᠭ᠎ᠠ ᠪᠦᠷᠢᠳᠭᠡᠯ ᠤᠨ | ᠲᠣᠬᠠᠶᠢᠯᠠᠭᠰᠠᠨ ᠠᠵᠢᠯ ᠤᠨ ᠱᠠᠭᠠᠷᠳᠠᠯᠭ᠎ᠠ ᠶᠢ ᠬᠠᠩᠭᠠᠬᠤ ᠬᠡᠷᠡᠭᠳᠠᠢ᠃ ᠲᠣᠭᠳᠠᠮᠠᠯ ᠬᠦᠷᠦᠩᠭᠡ ᠶᠢᠨ ᠬᠡᠷᠡᠭᠯᠡᠯᠳᠡ | ᠪᠣᠯᠣᠨ ᠬᠠᠮᠢᠶᠠᠷᠣᠯᠳᠠ ᠶᠢ ᠴᠢᠩᠭᠠᠳᠬᠠᠵᠣ᠂ ᠲᠣᠭᠳᠠᠮᠠᠯ ᠬᠦᠷᠦᠩᠭᠡ ᠶᠢᠨ ᠬᠠᠮᠢᠶᠠᠷᠣᠯᠳᠠ ᠶᠢᠨ ᠳᠠᠩᠰᠠ ᠶᠢ | ᠪᠠᠶᠢᠭᠤᠯᠵᠣ᠂ ᠲᠤᠭ᠎ᠠ ᠪᠦᠷᠢᠳᠭᠡᠯ ᠤᠨ ᠠᠵᠢᠯ ᠤᠨ ᠠᠯᠪᠠᠯᠠᠬᠤ ᠲᠦᠬᠦᠭᠡᠷᠦᠮᠵᠢ ᠶᠢᠨ ᠡᠳᠦᠷ ᠲᠣᠳᠣᠮ ᠤᠨ | ᠬᠠᠮᠠᠭᠠᠯᠠᠯᠳᠠ ᠶᠢ ᠰᠠᠶᠢᠳᠣᠷ ᠬᠢᠵᠦ᠂ ᠲᠣᠭᠳᠠᠮᠠᠯ ᠬᠦᠷᠦᠩᠭᠡ ᠶᠢᠨ ᠬᠡᠷᠡᠭᠯᠡᠯᠳᠡ ᠶᠢᠨ ᠬᠤᠭᠤᠴᠠᠭ᠎ᠠ ᠶᠢ ᠴᠢᠷᠮᠠᠶᠢᠨ | ᠣᠷᠳᠣᠳᠬᠠᠵᠣ᠂ ᠲᠣᠭᠳᠠᠮᠠᠯ ᠬᠦᠷᠦᠩᠭᠡ ᠶᠢᠨ ᠬᠡᠷᠡᠭᠯᠡᠯᠳᠡ ᠶᠢᠨ ᠬᠤᠭᠤᠴᠠᠭ᠎ᠠ ᠠᠴᠠ ᠭᠡᠳᠦᠷᠡᠭᠰᠡᠨ ᠮᠦᠷᠳᠡᠭᠡᠨ | ᠦᠨᠡᠨᠬᠦ ᠬᠡᠷᠡᠭᠯᠡᠵᠦ ᠳᠠᠶᠢᠯᠬᠦ ᠪᠠᠨ ᠪᠣᠯᠢᠭᠰᠠᠨ ᠲᠦᠬᠦᠭᠡᠷᠦᠮᠵᠢ ᠶᠢ ᠴᠠᠭ ᠲᠣᠬᠠᠢ ᠳᠤᠨᠢ ᠰᠢᠨᠡᠴᠢᠯᠡᠵᠦ᠂ ᠲᠣᠨᠤᠭ | ᠲᠦᠬᠦᠭᠡᠷᠦᠮᠵᠢ ᠪᠦᠷᠢᠨ ᠬᠦᠢᠴᠡᠳ ᠪᠣᠰᠣ ᠬᠠᠭᠤᠴᠢᠷᠠᠵᠣ ᠡᠪᠳᠡᠷᠡᠭᠰᠡᠨ ᠠᠴᠠ ᠪᠣᠯᠵᠣ ᠲᠤᠭ᠎ᠠ ᠪᠦᠷᠢᠳᠭᠡᠯ ᠤᠨ | ᠠᠵᠢᠯ ᠤᠨ ᠭᠡᠪ ᠤᠨ ᠠᠵᠢᠯᠯᠠᠭ᠎ᠠ ᠶᠢ ᠨᠦᠯᠦᠭᠡᠯᠡᠬᠦ ᠠᠴᠠ ᠵᠠᠶᠢᠯᠠᠰᠬᠢᠬᠤ ᠬᠡᠷᠡᠭᠳᠠᠢ᠃ | 3. ᠲᠤᠭ᠎ᠠ ᠪᠦᠷᠢᠳᠭᠡᠯ ᠤᠨ ᠮᠡᠳᠡᠭᠡ ᠵᠠᠩᠭᠢᠴᠢᠯᠠᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠣᠮᠣ | ᠪᠠᠯᠭᠠᠰᠣᠨ ᠤ ᠲᠤᠭ᠎ᠠ ᠪᠦᠷᠢᠳᠭᠡᠯ ᠤᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠣᠯᠳᠠ ᠶᠢ ᠵᠠᠰᠠᠭ ᠤᠨ ᠣᠷᠳᠣᠨ ᠤ | ᠡᠯᠧᠺᠲᠷᠣᠨ ᠵᠠᠰᠠᠭ ᠤᠨ ᠶᠠᠪᠣᠳᠠᠯ ᠤᠨ ᠪᠠᠶᠢᠭᠤᠯᠣᠯᠳᠠ ᠶᠢᠨ ᠲᠦᠷᠦᠯ ᠵᠦᠢᠯ ᠳᠤ ᠣᠷᠣᠭᠤᠯᠵᠣ᠂ ᠵᠡᠷᠭᠡᠪᠡᠷ | ᠲᠦᠯᠦᠪᠵᠢᠭᠦᠯᠦᠨ ᠵᠡᠷᠭᠡᠪᠡᠷ ᠪᠠᠶᠢᠭᠤᠯᠵᠣ᠂ ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ᠂ | ᠰᠣᠮᠣ ᠪᠠᠯᠭᠠᠰᠣ ᠳᠦᠷᠪᠡᠨ ᠱᠠᠳᠣᠨ ᠤ ᠲᠤᠭ᠎ᠠ ᠪᠦᠷᠢᠳᠭᠡᠯ ᠤᠨ ᠲᠣᠰᠬᠠᠢ ᠰᠦᠯᠵᠢᠶᠡᠨ ᠤ ᠠᠵᠢᠯᠯᠠᠭ᠎ᠠ ᠰᠠᠭᠠᠳ | ᠦᠭᠡᠢ ᠨᠡᠪᠳᠡᠷᠡᠬᠦ ᠶᠢ ᠪᠠᠳᠣᠯᠠᠨ᠎ᠠ᠃ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢᠨ ᠠᠮᠣᠷ ᠲᠦᠪᠰᠢᠨ ᠤ | ᠬᠠᠮᠢᠶᠠᠷᠣᠯᠳᠠ ᠶᠢ ᠴᠢᠩᠭᠠᠳᠬᠠᠵᠣ᠂ ᠲᠣᠣᠷ ᠰᠦᠯᠵᠢᠶᠡᠨ ᠤ ᠠᠮᠣᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠶᠢ ᠲᠣᠭᠳᠠᠭᠠᠵᠣ᠂ ᠲᠤᠭ᠎ᠠ ᠪᠦᠷᠢᠳᠭᠡᠯ ᠤᠨ ᠲᠣᠰᠬᠠᠢ ᠰᠦᠯᠵᠢᠶ᠎ᠡ ᠪᠣᠯᠣᠨ ᠢᠨᠲ᠋ᠧᠷᠨ᠋ᠲ ᠰᠦᠯᠵᠢᠶ᠎ᠡ ᠶᠢ | ᠲᠣᠰᠠᠭᠠᠷᠯᠠᠵᠣ᠂ ᠨᠢᠭᠡ ᠯᠡ ᠺᠣᠮᠫᠢᠦ᠋ᠲ᠋ᠧᠷ ᠢᠶᠠᠷ ᠢᠨᠲ᠋ᠧᠷᠨ᠋ᠲ ᠰᠦᠯᠵᠢᠶ᠎ᠡ ᠪᠣᠯᠣᠨ ᠲᠤᠭ᠎ᠠ ᠪᠦᠷᠢᠳᠭᠡᠯ ᠤᠨ ᠲᠣᠰᠬᠠᠢ | ᠰᠦᠯᠵᠢᠶ᠎ᠡ ᠶᠢ ᠰᠣᠯᠢᠪᠴᠠᠭᠤᠯᠣᠨ ᠬᠡᠷᠡᠭᠯᠡᠬᠦ ᠶᠢ ᠴᠢᠩᠭ᠎ᠠ ᠬᠤᠷᠢᠭᠯᠠᠵᠣ᠂ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ᠂ | ᠲᠤᠭ᠎ᠠ ᠪᠦᠷᠢᠳᠭᠡᠯ ᠤᠨ ᠪᠢᠴᠢᠭ ᠮᠠᠲ᠋ᠧᠷᠢᠶᠠᠯ ᠢ ᠬᠡᠬᠡᠭᠳᠡᠭᠦᠯᠬᠦ ᠪᠠ ᠨᠢᠭᠤᠴᠠ ᠶᠢ ᠵᠠᠳᠠᠷᠠᠭᠤᠯᠬᠤ ᠦᠭᠡᠢ ᠪᠠᠶᠢᠬᠤ ᠶᠢ | ᠪᠠᠳᠣᠯᠠᠬᠤ ᠬᠡᠷᠡᠭᠳᠠᠢ᠃ | ︵ᠭᠤᠷᠪᠠ︶ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢ ᠠᠬᠢᠭᠤᠯᠣᠨ᠎ᠠ᠃ | 1. ᠲᠤᠭ᠎ᠠ ᠪᠦᠷᠢᠳᠭᠡᠯ ᠤᠨ ᠲᠦᠷᠢᠮᠵᠢᠭᠰᠡᠨ ᠪᠠᠶᠢᠭᠤᠯᠣᠯᠳᠠ ᠶᠢ ᠠᠭᠢᠭᠤᠯᠣᠨ᠎ᠠ᠃ ᠣᠳᠣᠷᠢᠳᠬᠤ | ᠳᠣᠭᠤᠶᠢᠯᠠᠩ ᠤᠨ ᠠᠯᠪᠠᠨ ᠭᠡᠷ ᠠᠴᠠ ᠡᠯ᠎ᠡ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠤᠨ ᠪᠠᠶᠢᠷᠢ ᠶᠢᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠲᠤᠭ᠎ᠠ ᠪᠠᠷᠢᠮᠳᠠ ᠶᠢ ᠰᠢᠢᠳᠪᠦᠷᠢᠯᠡᠬᠦ᠂ ᠪᠢᠴᠢᠭ ᠮᠠᠲ᠋ᠧᠷᠢᠶᠠᠯ ᠢ | ᠬᠠᠮᠢᠶᠠᠷᠬᠤ ᠵᠡᠷᠭᠡ ᠠᠵᠢᠯ ᠢ ᠵᠢᠯᠣᠭᠤᠳᠣᠨ ᠱᠠᠭᠠᠷᠳᠠᠵᠣ᠂ ᠡᠯ᠎ᠡ ᠰᠣᠮᠣ ᠪᠠᠯᠭᠠᠰᠣ ᠨᠢ ᠪᠦᠬᠦ ᠣᠷᠣᠨ ᠤ ᠨᠢᠭᠡᠳᠦᠯᠳᠠᠢ | ᠲᠦᠷᠢᠮᠵᠢᠯ ᠤᠨ ᠱᠠᠭᠠᠷᠳᠠᠯᠭ᠎ᠠ ᠶᠣᠰᠣᠭᠠᠷ᠂ ᠲᠤᠭ᠎ᠠ ᠪᠦᠷᠢᠳᠭᠡᠯ ᠤᠨ ᠣᠭ ᠲᠡᠮᠳᠡᠭᠯᠡᠯ᠂ ᠪᠢᠴᠢᠭ ᠤᠨ ᠬᠡᠯᠪᠡᠷᠢ ᠶᠢᠨ | ᠳᠠᠩᠰᠠ ᠪᠣᠯᠣᠨ ᠡᠯᠧᠺᠲᠷᠣᠨ ᠳᠠᠩᠰᠠ ᠶᠢ ᠪᠠᠶᠢᠭᠤᠯᠵᠣ᠂ ᠲᠤᠭ᠎ᠠ ᠪᠦᠷᠢᠳᠭᠡᠯ ᠨᠢ ᠪᠠᠷᠢᠮᠳᠠ ᠲᠠᠢ ᠪᠠᠶᠢᠬᠤ ᠶᠢ | ᠪᠠᠳᠣᠯᠠᠬᠤ ᠬᠡᠷᠡᠭᠳᠠᠢ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤᠨ ᠰᠠᠭᠤᠭᠠᠯᠢ ᠠᠷᠠᠳ ᠤᠨ ᠵᠦᠪᠯᠡᠯ ᠤᠨ | ᠡᠯ᠎ᠡ ᠲᠦᠷᠦᠯ ᠤᠨ ᠲᠤᠭ᠎ᠠ ᠪᠦᠷᠢᠳᠭᠡᠯ ᠤᠨ ᠮᠡᠳᠡᠭᠦᠯᠦᠯᠳᠡ ᠶᠢᠨ ᠬᠦᠰᠦᠨᠦᠭᠲᠦ ᠶᠢ ᠴᠠᠭ ᠲᠣᠬᠠᠢ ᠳᠤᠨᠢ | ᠴᠣᠭᠯᠠᠭᠤᠯᠬᠤ ᠶᠢᠨ ᠬᠠᠮᠳᠣ ᠰᠠᠶᠢᠳᠣᠷ ᠬᠠᠮᠠᠭᠠᠯᠠᠵᠣ᠂ ᠲᠤᠭ᠎ᠠ ᠪᠦᠷᠢᠳᠭᠡᠯ ᠤᠨ ᠪᠢᠴᠢᠭ ᠮᠠᠲ᠋ᠧᠷᠢᠶᠠᠯ ᠢ ᠲᠦᠷᠦᠯ | ᠬᠤᠪᠢᠶᠠᠨ ᠬᠠᠮᠢᠶᠠᠷᠴᠣ᠂ ᠲᠡᠪᠳᠡᠷᠯᠡᠨ ᠬᠠᠳᠠᠵᠣ᠂ ᠰᠠᠶᠢᠳᠣᠷ ᠬᠠᠮᠠᠭᠠᠯᠠᠬᠤ ᠬᠡᠷᠡᠭᠳᠠᠢ᠃ ᠣᠭ ᠪᠢᠴᠢᠭ ᠮᠠᠲ᠋ᠧᠷᠢᠶᠠᠯ ᠢ | ᠬᠠᠳᠠᠭᠠᠯᠠᠬᠤ ᠬᠤᠭᠤᠴᠠᠭ᠎ᠠ ᠶᠢ 2 ᠵᠢᠯ ᠠᠴᠠ ᠲᠣᠷᠣᠭᠰᠢ ᠪᠠᠶᠢᠯᠭᠠᠵᠣ ᠪᠣᠯᠬᠤ ᠦᠭᠡᠢ᠂ ᠬᠤᠷᠢᠶᠠᠩᠭᠤᠶᠢᠯᠠᠭᠰᠠᠨ | ᠪᠢᠴᠢᠭ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ 10 ᠵᠢᠯ ᠠᠴᠠ ᠲᠣᠷᠣᠭᠰᠢ ᠪᠠᠶᠢᠯᠭᠠᠵᠣ ᠪᠣᠯᠬᠤ ᠦᠭᠡᠢ᠂ | ᠬᠤᠷᠢᠶᠠᠩᠭᠤᠶᠢᠯᠠᠭᠰᠠᠨ ᠴᠢᠬᠤᠯᠠ ᠪᠢᠴᠢᠭ ᠮᠠᠲ᠋ᠧᠷᠢᠶᠠᠯ ᠢ ᠦᠨᠢ ᠡᠭᠦᠷᠢᠳᠡ ᠬᠠᠳᠠᠭᠠᠯᠠᠬᠤ ᠬᠡᠷᠡᠭᠳᠠᠢ᠃ | 2. ᠲᠤᠭ᠎ᠠ ᠪᠦᠷᠢᠳᠭᠡᠯ ᠤᠨ ᠠᠵᠢᠯ ᠢ ᠬᠠᠣᠯᠢ ᠶᠣᠰᠣᠭᠠᠷ ᠭᠦᠢᠴᠡᠳᠭᠡᠬᠦ ᠡᠷᠴᠢᠮ ᠢ ᠨᠡᠮᠡᠭᠳᠡᠭᠦᠯᠦᠨ᠎ᠡ᠃ ᠡᠯ᠎ᠡ | ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠤᠨ ᠠᠵᠢᠯᠳᠠᠨ ᠲᠤᠭ᠎ᠠ ᠪᠦᠷᠢᠳᠭᠡᠯ ᠪᠠᠶᠢᠴᠠᠭᠠᠯᠳᠠ ᠶᠢᠨ | ᠲᠦᠷᠢᠮ ᠲᠣᠭᠳᠠᠭᠠᠯ ᠶᠣᠰᠣᠭᠠᠷ ᠲᠤᠭ᠎ᠠ ᠪᠦᠷᠢᠳᠭᠡᠯ ᠤᠨ ᠪᠠᠶᠢᠴᠠᠭᠠᠯᠳᠠ ᠶᠢ ᠵᠣᠬᠢᠶᠠᠨ ᠪᠠᠶᠢᠭᠤᠯᠣᠨ ᠬᠡᠷᠡᠭᠵᠢᠭᠦᠯᠵᠦ᠂ | ᠲᠤᠭ᠎ᠠ ᠪᠦᠷᠢᠳᠭᠡᠯ ᠤᠨ ᠮᠡᠳᠡᠭᠦᠯᠦᠯᠳᠡ ᠶᠢᠨ ᠬᠦᠰᠦᠨᠦᠭᠲᠦ ᠳᠤ ᠲᠣᠭᠳᠠᠭᠠᠭᠰᠠᠨ ᠲᠤᠭ᠎ᠠ ᠪᠦᠷᠢᠳᠭᠡᠯ ᠤᠨ ᠬᠦᠷᠢᠶ᠎ᠡ | ᠬᠡᠪᠴᠢᠶ᠎ᠡ᠂ ᠪᠣᠳᠣᠬᠤ ᠠᠷᠭ᠎ᠠ᠂ ᠪᠣᠳᠣᠬᠤ ᠨᠢᠭᠡᠴᠢ ᠵᠡᠷᠭᠡ ᠭᠦᠢᠴᠡᠳᠭᠡᠯ ᠲᠤᠭ᠎ᠠ ᠶᠢᠨ ᠭᠤᠣᠯ ᠡᠯᠧᠮᠧᠨ᠋ᠲ ᠶᠣᠰᠣᠭᠠᠷ | ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢ ᠪᠦᠷᠢᠳᠭᠡᠵᠦ᠂ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠵᠣ᠂ | ᠡᠭᠦᠨ ᠤ ᠬᠠᠮᠳᠣ ᠲᠣᠭᠳᠠᠭᠰᠠᠨ ᠴᠠᠭ ᠪᠣᠯᠣᠨ ᠠᠷᠭ᠎ᠠ ᠵᠠᠮ ᠢᠶᠠᠷ ᠮᠡᠳᠡᠭᠦᠯᠦᠨ ᠬᠦᠷᠭᠡᠨ᠎ᠡ᠃ ︽ᠪᠦᠬᠦᠳᠡ | ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠲᠤᠭ᠎ᠠ ᠪᠦᠷᠢᠳᠭᠡᠯ ᠤᠨ ᠬᠠᠣᠯᠢ︾ ᠵᠡᠷᠭᠡ ᠬᠠᠮᠢᠶ᠎ᠠ ᠪᠦᠬᠦᠢ ᠬᠠᠣᠯᠢ | ᠴᠠᠭᠠᠵᠠ ᠬᠠᠣᠯᠢ ᠲᠦᠷᠢᠮ ᠤᠨ ᠪᠣᠯᠪᠠᠰᠣᠷᠠᠯ ᠳᠤ ᠢᠳᠡᠪᠬᠢᠳᠠᠢ ᠣᠷᠣᠯᠴᠠᠵᠣ᠂ ᠳᠡᠭᠡᠲᠦ ᠱᠠᠳᠣᠨ ᠤ ᠲᠤᠭ᠎ᠠ | ᠪᠦᠷᠢᠳᠭᠡᠯ ᠤᠨ ᠰᠠᠯᠠᠭ᠎ᠠ ᠮᠦᠴᠢᠷ ᠠᠴᠠ ᠦᠷᠨᠢᠭᠦᠯᠦᠭᠰᠡᠨ ᠲᠤᠭ᠎ᠠ ᠪᠦᠷᠢᠳᠭᠡᠯ ᠤᠨ ᠬᠠᠣᠯᠢ ᠬᠡᠷᠡᠭᠵᠢᠭᠦᠯᠦᠨ | ᠪᠠᠶᠢᠴᠠᠭᠠᠬᠤ ᠠᠵᠢᠯ ᠲᠠᠢ ᠢᠳᠡᠪᠬᠢᠳᠠᠢ ᠬᠠᠮᠵᠢᠯᠴᠠᠨ ᠬᠠᠪᠰᠣᠷᠣᠯᠴᠠᠵᠣ᠂ ᠲᠤᠭ᠎ᠠ ᠪᠦᠷᠢᠳᠭᠡᠯ ᠤᠨ ᠠᠵᠢᠯ ᠤᠨ | ᠬᠠᠣᠯᠢ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠢᠯᠡᠷᠡᠭᠦᠯᠪᠡᠯ ᠴᠠᠭ ᠲᠣᠬᠠᠢ ᠳᠤᠨᠢ ᠳᠡᠭᠡᠭᠰᠢ ᠮᠡᠳᠡᠭᠦᠯᠵᠦ᠂ | ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠠᠴᠠ ᠠᠰᠠᠭᠤᠳᠠᠯ ᠤᠨ ᠰᠦᠪᠡᠭᠴᠢ ᠶᠢ ᠦᠨᠳᠦᠰᠦᠯᠡᠨ ᠬᠠᠣᠯᠢ ᠲᠦᠷᠢᠮ | ᠶᠣᠰᠣᠭᠠᠷ ᠪᠠᠶᠢᠴᠠᠭᠠᠨ ᠰᠢᠳᠭᠡᠬᠦ ᠶᠢᠨ ᠬᠠᠮᠳᠣ ︽ᠲᠤᠭ᠎ᠠ ᠪᠦᠷᠢᠳᠭᠡᠯ ᠤᠨ ᠬᠠᠣᠯᠢ ᠰᠠᠬᠢᠯᠭ᠎ᠠ ᠶᠢ ᠵᠦᠷᠢᠴᠡᠭᠰᠡᠨ | ᠬᠠᠷᠢᠭᠤᠴᠠᠯᠭᠠᠳᠠᠨ ᠢ ᠰᠢᠳᠭᠡᠨ ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾ ᠶᠣᠰᠣᠭᠠᠷ ᠬᠠᠮᠢᠶ᠎ᠠ ᠪᠦᠬᠦᠢ ᠰᠠᠯᠠᠭ᠎ᠠ | ᠮᠦᠴᠢᠷ ᠲᠤ ᠰᠢᠯᠵᠢᠭᠦᠯᠦᠨ ᠦᠭᠴᠦ ᠰᠢᠢᠳᠪᠦᠷᠢᠯᠡᠭᠦᠯᠦᠨ᠎ᠡ᠃ ᠡᠯ᠎ᠡ ᠰᠣᠮᠣ ᠪᠠᠯᠭᠠᠰᠣ ᠢᠯᠡᠴᠢᠯᠡᠨ ᠮᠡᠳᠡᠭᠦᠯᠬᠦ ᠠᠷᠭ᠎ᠠ | ᠵᠠᠮ ᠢ ᠰᠢᠯᠣᠭᠤᠳᠬᠠᠵᠣ᠂ ᠲᠤᠭ᠎ᠠ ᠪᠦᠷᠢᠳᠭᠡᠯ ᠤᠨ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠲᠦᠷᠢᠮ ᠪᠠ ᠠᠵᠢᠯ | ᠤᠨ ᠲᠦᠷᠢᠮ ᠲᠣᠭᠳᠠᠭᠠᠯ ᠶᠣᠰᠣᠭᠠᠷ᠂ ᠠᠯᠪᠠᠨ ᠤ ᠰᠦᠯᠵᠢᠶᠡᠨ ᠲᠠᠪᠴᠠᠩ ᠳᠡᠭᠡᠷ᠎ᠡ ᠢᠯᠡᠴᠢᠯᠡᠨ ᠮᠡᠳᠡᠭᠦᠯᠬᠦ ᠣᠳᠠᠰᠣ᠂ | ᠢᠮᠧᠯ ᠵᠡᠷᠭᠡ ᠶᠢ ᠨᠡᠶᠢᠳᠡᠯᠡᠵᠦ᠂ ᠣᠯᠠᠨ ᠲᠦᠮᠡᠨ ᠳᠤ ᠲᠦᠰᠢᠭᠯᠡᠨ ᠠᠰᠠᠭᠤᠳᠠᠯ ᠤᠨ ᠰᠦᠪᠡᠭᠴᠢ ᠶᠢ ᠢᠯᠡᠷᠡᠭᠦᠯᠵᠦ᠂ | ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠨᠠᠷᠢᠨ ᠬᠢᠨᠠᠮᠠᠭᠠᠢ ᠳᠠᠩᠰᠠᠯᠠᠵᠣ᠂ ᠬᠠᠷᠭᠤᠭᠤᠯᠬᠤ ᠪᠠ ᠳᠡᠭᠡᠭᠰᠢ ᠮᠡᠳᠡᠭᠦᠯᠬᠦ | ᠬᠡᠷᠡᠭᠳᠠᠢ᠃ | ᠳᠦᠷᠪᠡ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ 2020 ᠣᠨ ᠤ 6 ᠳ᠋ᠣᠭᠠᠷ ᠰᠠᠷ᠎ᠠ — — 12 ᠳ᠋ᠣᠭᠠᠷ ᠰᠠᠷ᠎ᠠ ᠬᠦᠷᠳᠡᠯ᠎ᠡ ᠪᠦᠬᠦᠯᠢ ᠴᠣᠭᠴᠠ | ᠪᠠᠷ ᠠᠬᠢᠭᠤᠯᠬᠤ ᠰᠠᠷ᠎ᠠ᠃ | 1. ᠠᠵᠢᠯ ᠤᠨ ᠪᠠᠶᠢᠭᠤᠯᠣᠮᠵᠢ ᠶᠢ ᠪᠠᠶᠢᠭᠤᠯᠣᠨ᠎ᠠ᠃ ᠪᠦᠬᠦ ᠬᠤᠰᠢᠭᠤᠨ ᠤ ᠦᠨᠳᠦᠰᠦᠨ ᠱᠠᠳᠣᠨ ᠤ ᠲᠤᠭ᠎ᠠ | ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠣᠳᠣᠷᠢᠳᠬᠤ ᠳᠣᠭᠤᠶᠢᠯᠠᠩ ᠢ ᠪᠠᠶᠢᠭᠤᠯᠵᠣ᠂ | ᠣᠳᠣᠷᠢᠳᠬᠤ ᠳᠣᠭᠤᠶᠢᠯᠠᠩ ᠤᠨ ᠠᠯᠪᠠᠨ ᠭᠡᠷ ᠲᠣᠬᠢᠷᠠᠭᠤᠯᠣᠨ᠂ ᠠᠬᠢᠭᠤᠯᠣᠯᠳᠠ ᠶᠢᠨ ᠠᠵᠢᠯ ᠳᠣᠮᠳᠠᠬᠢ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠵᠦ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠣᠰ ᠲᠣᠰ ᠤᠨ ᠡᠭᠦᠷᠭᠡ ᠲᠣᠰᠢᠶᠠᠯ ᠶᠣᠰᠣᠭᠠᠷ᠂ | ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠵᠢᠯᠴᠠᠨ ᠬᠠᠪᠰᠣᠷᠣᠯᠴᠠᠵᠣ᠂ ᠦᠨᠳᠦᠰᠦᠨ ᠱᠠᠳᠣᠨ ᠤ ᠲᠤᠭ᠎ᠠ ᠪᠦᠷᠢᠳᠭᠡᠯ | ᠤᠨ ᠲᠦᠷᠢᠮᠵᠢᠭᠰᠡᠨ ᠪᠠᠶᠢᠭᠤᠯᠣᠯᠳᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠳᠣᠷ ᠬᠢᠬᠦ ᠬᠡᠷᠡᠭᠳᠠᠢ᠃ | 2. ᠣᠬᠠᠭᠤᠯᠬᠤ᠂ ᠪᠠᠶᠢᠳᠠᠯ ᠣᠶᠢᠯᠠᠭᠠᠬᠤ ᠠᠵᠢᠯ ᠢ ᠦᠷᠨᠢᠭᠦᠯᠦᠨ᠎ᠡ᠃ 2020 ᠣᠨ ᠤ 6 ᠰᠠᠷ᠎ᠠ ᠶᠢᠨ | ᠰᠡᠭᠦᠯᠴᠢ ᠠᠴᠠ ᠡᠮᠦᠨ᠎ᠡ᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠭᠢᠮ ᠤᠨ ᠰᠣᠮᠣ ᠰᠢᠶᠠᠩ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ ᠣᠯᠠᠮ ᠨᠢᠭᠡ | ᠠᠯᠬᠤᠮ ᠴᠢᠩᠭᠠᠳᠬᠠᠨ ᠲᠦᠷᠢᠮᠵᠢᠭᠦᠯᠬᠦ ᠠᠵᠢᠯ ᠤᠨ ᠲᠣᠬᠠᠢ ᠰᠠᠨᠠᠯ︾ ᠢ ᠣᠯᠠᠮᠵᠢᠯᠠᠨ ᠰᠣᠷᠣᠯᠴᠠᠵᠣ᠂ ᠣᠳᠣᠷᠢᠳᠬᠤ | ᠳᠣᠭᠤᠶᠢᠯᠠᠩ ᠤᠨ ᠠᠯᠪᠠᠨ ᠭᠡᠷ ︽ᠨᠠᠢᠮᠠ ᠶᠢ ᠪᠦᠷᠢᠳᠦᠭᠦᠯᠵᠦ᠂ ᠨᠠᠢᠮᠠ ᠶᠢ ᠲᠦᠷᠢᠮᠵᠢᠭᠦᠯᠬᠦ︾ ᠪᠠᠷᠢᠮᠵᠢᠶ᠎ᠠ ᠶᠣᠰᠣᠭᠠᠷ | ᠡᠯ᠎ᠡ ᠰᠣᠮᠣ ᠪᠠᠯᠭᠠᠰᠣᠨ ᠤ ᠦᠨᠳᠦᠰᠦᠨ ᠪᠠᠶᠢᠳᠠᠯ ᠢ ᠪᠠᠶᠢᠴᠠᠭᠠᠨ ᠣᠶᠢᠯᠠᠭᠠᠵᠣ᠂ ᠪᠠᠶᠢᠴᠠᠭᠠᠨ ᠣᠶᠢᠯᠠᠭᠠᠭᠰᠠᠨ | ᠪᠠᠶᠢᠳᠠᠯ ᠢᠶᠠᠨ ᠦᠨᠳᠦᠰᠦᠯᠡᠨ ᠬᠠᠨᠳᠣᠯᠭᠠᠳᠣ ᠴᠢᠨᠠᠷᠳᠠᠢ ᠪᠠᠷ ᠠᠷᠭ᠎ᠠ ᠬᠡᠮᠵᠢᠶ᠎ᠡ ᠪᠠ ᠰᠠᠨᠠᠭᠤᠯᠭ᠎ᠠ ᠳᠣᠷᠠᠳᠣᠨ᠎ᠠ᠃ | ︵ᠬᠤᠶᠠᠷ︶ 2021 ᠣᠨ ᠤ 1 ᠳ᠋ᠣᠭᠡᠷ ᠰᠠᠷ᠎ᠠ — — 6 ᠳ᠋ᠣᠭᠠᠷ ᠰᠠᠷ᠎ᠠ ᠬᠦᠷᠳᠡᠯ᠎ᠡ ᠭᠤᠣᠯᠳᠠᠯᠭ᠎ᠠ ᠲᠠᠢ | ᠰᠢᠪᠳᠣᠯᠣᠯᠳᠠ ᠬᠢᠬᠦ ᠰᠠᠷ᠎ᠠ᠃ | ᠣᠳᠣᠷᠢᠳᠬᠤ ᠳᠣᠭᠤᠶᠢᠯᠠᠩ ᠤᠨ ᠠᠯᠪᠠᠨ ᠭᠡᠷ ᠵᠢᠱᠢᠶ᠎ᠡ ᠦᠵᠡᠭᠦᠯᠬᠦ ᠨᠢᠭᠡᠴᠡ ᠶᠢᠨ ᠠᠷᠭ᠎ᠠ ᠲᠣᠷᠰᠢᠯᠭ᠎ᠠ ᠶᠢ | ᠣᠯᠠᠨ ᠬᠡᠯᠪᠡᠷᠢ ᠮᠠᠶ᠋ᠢᠭ ᠢᠶᠠᠷ ᠣᠬᠠᠭᠤᠯᠣᠨ ᠲᠦᠭᠡᠮᠡᠯᠵᠢᠭᠦᠯᠵᠦ᠂ ᠲᠦᠷᠢᠮᠵᠢᠭᠰᠡᠨ ᠪᠠᠶᠢᠭᠤᠯᠣᠯᠳᠠ ᠶᠢ ᠪᠦᠬᠦ ᠲᠠᠯ᠎ᠠ | ᠪᠠᠷ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠦ᠂ ᠪᠠᠷᠢᠮᠵᠢᠶᠠᠨ ᠳᠤ ᠬᠦᠷᠬᠦ ᠨᠣᠷᠮ᠎ᠠ ᠪᠠᠷ | ᠲᠣᠣᠷ᠎ᠠ ᠰᠣᠮᠣ ᠪᠠᠯᠭᠠᠰᠣᠨ ᠳᠤ ᠬᠠᠨᠳᠣᠭᠤᠯᠣᠨ ᠱᠠᠭᠠᠷᠳᠠᠨ ᠵᠢᠯᠣᠭᠤᠳᠴᠣ᠂ ᠪᠦᠲᠦᠮᠵᠢᠳᠠᠢ ᠠᠷᠭ᠎ᠠ ᠬᠡᠮᠵᠢᠶ᠎ᠡ ᠪᠠᠷ | ᠲᠦᠷᠢᠮᠵᠢᠭᠰᠡᠨ ᠪᠠᠶᠢᠭᠤᠯᠣᠯᠳᠠ ᠶᠢ ᠨᠦᠯᠦᠭᠡᠯᠡᠬᠦ ᠪᠠᠭᠤᠷᠠᠢ ᠲᠠᠯ᠎ᠠ ᠶᠢ ᠨᠦᠬᠦᠪᠦᠷᠢᠯᠡᠵᠦ᠂ ᠦᠨᠳᠦᠰᠦᠨ ᠱᠠᠳᠣᠨ ᠤ | ᠨᠢᠭᠡᠴᠡ ᠶᠢᠨ ᠨᠠᠶᠢᠳᠠᠪᠣᠷᠢᠵᠢᠭᠤᠯᠣᠯᠳᠠ ᠶᠢ ᠴᠢᠩᠭ᠎ᠠ ᠠᠳᠬᠤᠬᠤ ᠶᠢ ᠠᠬᠢᠭᠤᠯᠵᠣ᠂ ᠲᠦᠷᠢᠮᠵᠢᠭᠰᠡᠨ ᠪᠠᠶᠢᠭᠤᠯᠣᠯᠳᠠ | ᠶᠢᠨ ᠪᠠᠷᠢᠮᠵᠢᠶᠠᠨ ᠳᠤ ᠬᠦᠷᠭᠡᠨ᠎ᠡ᠃ | ︵ᠭᠤᠷᠪᠠ︶ 2021 ᠣᠨ ᠤ 6 ᠳ᠋ᠣᠭᠠᠷ ᠰᠠᠷ᠎ᠠ — — 12 ᠳ᠋ᠣᠭᠠᠷ ᠰᠠᠷ᠎ᠠ ᠬᠦᠷᠳᠡᠯ᠎ᠡ ᠦᠷ᠎ᠡ | ᠪᠦᠲᠦᠮᠵᠢ ᠪᠠᠨ ᠪᠠᠳᠣᠳᠬᠠᠬᠤ ᠰᠠᠷ᠎ᠠ᠃ | ᠣᠳᠣᠷᠢᠳᠬᠤ ᠳᠣᠭᠤᠶᠢᠯᠠᠩ ᠤᠨ ᠠᠯᠪᠠᠨ ᠭᠡᠷ ᠠᠴᠠ ᠨᠢᠭᠡᠨᠳᠡ ᠪᠠᠷᠢᠮᠵᠢᠶᠠᠨ ᠳᠤ ᠬᠦᠷᠦᠭᠰᠡᠨ ᠰᠣᠮᠣ ᠪᠠᠯᠭᠠᠰᠣ | ᠶᠢ ᠰᠣᠭᠤᠴᠢᠨ ᠪᠠᠶᠢᠴᠠᠭᠠᠵᠣ᠂ ᠰᠣᠭᠤᠴᠢᠨ ᠪᠠᠶᠢᠴᠠᠭᠠᠯᠳᠠ ᠳᠤ ᠠᠵᠢᠯ ᠤᠨ ᠠᠬᠢᠴᠠ ᠣᠳᠠᠭᠠᠰᠢᠷᠠᠵᠣ ᠪᠠᠶᠢᠭ᠎ᠠ | ᠨᠢᠭᠡᠴᠡ ᠶᠢ ᠢᠯᠡᠷᠡᠭᠦᠯᠪᠡᠯ ᠵᠠᠰᠠᠨ ᠰᠠᠶᠢᠵᠢᠷᠠᠭᠤᠯᠬᠤ ᠱᠠᠭᠠᠷᠳᠠᠯᠭ᠎ᠠ ᠲᠣᠷᠠᠳᠣᠨ᠎ᠠ᠃ ᠡᠭᠦᠨ ᠤ ᠬᠠᠮᠳᠣ᠂ ︽ᠨᠠᠢᠮᠠ ᠶᠢ | ᠪᠦᠷᠢᠳᠦᠭᠦᠯᠵᠦ᠂ ᠨᠠᠢᠮᠠ ᠶᠢ ᠲᠦᠷᠢᠮᠵᠢᠭᠦᠯᠬᠦ︾ ᠲᠦᠷᠢᠮᠵᠢᠭᠰᠡᠨ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠦᠭᠡᠳᠦᠢ | ᠰᠣᠮᠣ ᠪᠠᠯᠭᠠᠰᠣ ᠶᠢ ᠦᠷᠭᠦᠯᠵᠢᠯᠡᠨ ᠬᠢᠨᠠᠨ ᠵᠢᠯᠣᠭᠤᠳᠴᠣ᠂ ᠠᠵᠢᠯ ᠤᠨ ᠠᠬᠢᠴᠠ ᠪᠠᠨ ᠲᠦᠷᠭᠡᠳᠭᠡᠬᠦ ᠶᠢ | ᠱᠠᠭᠠᠷᠳᠠᠵᠣ᠂ ᠪᠠᠳᠣᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠦᠷᠢᠮᠵᠢᠭᠰᠡᠨ ᠪᠠᠶᠢᠭᠤᠯᠣᠯᠳᠠ ᠶᠢᠨ | ᠬᠠᠷᠠᠯᠳᠠ ᠶᠢᠨ ᠱᠠᠭᠠᠷᠳᠠᠯᠭ᠎ᠠ ᠶᠢ ᠪᠡᠶᠡᠯᠡᠭᠦᠯᠬᠦ ᠶᠢ ᠪᠠᠳᠣᠯᠠᠨ᠎ᠠ᠃ | ᠲᠠᠪᠤ᠂ ᠪᠠᠳᠣᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ᠃ ᠣᠳᠣᠷᠢᠳᠬᠤ | ᠳᠣᠭᠤᠶᠢᠯᠠᠩ ᠤᠨ ᠪᠦᠷᠢᠯᠳᠦᠭᠦᠨ ᠨᠢᠭᠡᠴᠡ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢᠨ | ᠠᠬᠢᠭᠤᠯᠣᠯᠳᠠ ᠨᠠᠶᠢᠳᠠᠪᠣᠷᠢᠵᠢᠭᠤᠯᠣᠯᠳᠠ ᠶᠢ ᠴᠢᠩᠭᠠᠳᠬᠠᠵᠣ᠂ ᠣᠳᠣᠷᠢᠳᠬᠤ ᠳᠣᠭᠤᠶᠢᠯᠠᠩ ᠤᠨ ᠠᠯᠪᠠᠨ ᠭᠡᠷ | ᠲᠣᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠣᠯᠣᠨ ᠪᠦᠲᠦᠮᠵᠢᠳᠠᠢ ᠵᠣᠯᠭᠠᠭᠤᠯᠬᠤ ᠠᠵᠢᠯ ᠢ ᠰᠠᠶᠢᠳᠣᠷ ᠬᠢᠵᠦ᠂ | ᠡᠯ᠎ᠡ ᠰᠣᠮᠣ ᠪᠠᠯᠭᠠᠰᠣᠨ ᠤ ᠵᠠᠰᠠᠭ ᠤᠨ ᠣᠷᠳᠣᠨ ᠬᠠᠷᠢᠶ᠎ᠠ ᠣᠷᠣᠨ ᠤ ᠪᠠᠨ ᠦᠨᠳᠦᠰᠦᠨ ᠱᠠᠳᠣᠨ ᠤ ᠲᠤᠭ᠎ᠠ | ᠪᠦᠷᠢᠳᠭᠡᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠠᠵᠢᠯ ᠢ ᠨᠢᠭᠡᠳᠦᠯᠳᠠᠢ ᠲᠦᠯᠦᠪᠯᠡᠵᠦ᠂ ᠵᠠᠰᠠᠭ ᠤᠨ ᠣᠷᠳᠣᠨ | ᠣᠳᠣᠷᠢᠳᠣᠭᠰᠠᠨ᠂ ᠡᠯ᠎ᠡ ᠲᠠᠯ᠎ᠠ ᠢᠳᠡᠪᠬᠢᠳᠠᠢ ᠣᠷᠣᠯᠴᠠᠭᠰᠠᠨ ᠠᠵᠢᠯ ᠤᠨ ᠪᠠᠶᠢᠳᠠᠯ ᠢ ᠪᠦᠷᠢᠯᠳᠦᠭᠦᠯᠦᠨ᠎ᠡ᠃ | ︵ᠬᠤᠶᠠᠷ︶ ᠱᠠᠩᠨᠠᠬᠤ ᠰᠢᠳᠭᠡᠬᠦ ᠲᠦᠷᠢᠮ ᠢ ᠪᠠᠶᠢᠭᠤᠯᠣᠨ᠎ᠠ᠃ ᠣᠳᠣᠷᠢᠳᠬᠤ ᠳᠣᠭᠤᠶᠢᠯᠠᠩ ᠤᠨ ᠠᠯᠪᠠᠨ | ᠭᠡᠷ ᠣᠬᠠᠭᠤᠯᠭ᠎ᠠ ᠬᠢᠬᠦ ᠪᠠ ᠨᠡᠶᠢᠳᠡᠯᠢᠭ ᠵᠢᠱᠢᠶ᠎ᠡ ᠶᠢ ᠰᠣᠩᠭᠤᠬᠤ ᠠᠵᠢᠯ ᠤᠨ ᠬᠦᠴᠦᠨ ᠢᠶᠠᠨ ᠨᠡᠮᠡᠭᠳᠡᠭᠦᠯᠵᠦ᠂ ᠰᠣᠮᠣ | ᠰᠢᠶᠠᠩ ᠪᠠᠯᠭᠠᠰᠣᠨ ᠤ ᠠᠵᠢᠯ ᠳᠠᠭᠠᠨ ᠭᠠᠷᠮᠠᠭᠠᠢ᠂ ᠦᠷ᠎ᠡ ᠪᠦᠲᠦᠮᠵᠢ ᠳᠣᠪᠣᠶᠢᠮ᠎ᠠ ᠲᠤᠭ᠎ᠠ ᠪᠦᠷᠢᠳᠭᠡᠯ ᠤᠨ ᠠᠵᠢᠯ | ᠤᠨ ᠠᠵᠢᠯᠳᠠᠨ ᠢ ᠡᠯ᠎ᠡ ᠲᠦᠷᠦᠯ ᠤᠨ ᠮᠡᠳᠡᠭᠡ ᠵᠠᠭᠤᠴᠢᠯᠠᠭᠤᠷ᠂ ᠲᠠᠪᠴᠠᠩ ᠢᠶᠠᠷ ᠳᠠᠮᠵᠢᠭᠤᠯᠣᠨ ᠴᠠᠭ ᠲᠣᠬᠠᠢ ᠳᠤᠨᠢ | ᠣᠬᠠᠭᠤᠯᠣᠨ ᠮᠡᠳᠡᠭᠡᠯᠡᠨ᠎ᠡ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠭᠢᠮ ᠤᠨ ᠰᠣᠮᠣ ᠰᠢᠶᠠᠩ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ ᠣᠯᠠᠮ ᠨᠢᠭᠡ | ᠠᠯᠬᠤᠮ ᠴᠢᠩᠭᠠᠳᠬᠠᠨ ᠲᠦᠷᠢᠮᠵᠢᠭᠦᠯᠬᠦ ᠲᠣᠬᠠᠢ ᠰᠠᠨᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2020﹈ | 11 ᠳ᠋ᠣᠭᠡᠷ ᠲᠣᠭᠠᠳᠣ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠭ᠎ᠠ ᠪᠦᠷᠢᠳᠭᠡᠯ ᠤᠨ | ᠠᠵᠢᠯ ᠢ 20 ᠵᠢᠯ ᠠᠴᠠ ᠳᠡᠭᠡᠭᠰᠢ ᠬᠢᠭᠰᠡᠨ ᠲᠤᠭ᠎ᠠ ᠪᠦᠷᠢᠳᠭᠡᠯ ᠤᠨ ᠠᠵᠢᠯᠳᠠᠨ ᠳᠤ ᠢᠷᠠᠭᠤ ᠠᠯᠳᠠᠷ ᠤᠨ ᠦᠨᠡᠮᠯᠡᠯ | ᠣᠯᠭᠤᠵᠣ᠂ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ | ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠦᠨ᠎ᠡ᠃ ᠡᠭᠦᠨ ᠤ ᠬᠠᠮᠳᠣ᠂ ᠨᠡᠶᠢᠳᠡᠯᠡᠬᠦ | ᠲᠦᠷᠢᠮ ᠢ ᠪᠠᠶᠢᠭᠤᠯᠵᠣ᠂ ᠲᠦᠷᠢᠮᠵᠢᠭᠰᠡᠨ ᠪᠠᠶᠢᠭᠤᠯᠣᠯᠳᠠ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ ᠲᠣᠬᠢᠷᠠᠮᠵᠢ | ᠦᠭᠡᠢ᠂ ᠠᠬᠢᠴᠠ ᠣᠳᠠᠭᠠᠨ᠂ ᠪᠠᠷᠢᠮᠵᠢᠶᠠᠨ ᠳᠤ ᠬᠦᠷᠬᠦ ᠨᠣᠷᠮ᠎ᠠ ᠲᠣᠣᠷ᠎ᠠ ᠪᠠᠶᠢᠭ᠎ᠠ ᠰᠣᠮᠣ ᠪᠠᠯᠭᠠᠰᠣ ᠶᠢ ᠨᠡᠶᠢᠳᠡᠯᠡᠨ᠎ᠡ | ᠃ | ︵ᠭᠤᠷᠪᠠ︶ ᠱᠠᠭᠠᠷᠳᠠᠯᠭ᠎ᠠ ᠵᠢᠯᠣᠭᠤᠳᠣᠯᠭ᠎ᠠ ᠪᠠᠨ ᠴᠢᠩᠭᠠᠳᠬᠠᠨ᠎ᠠ᠃ ︽ᠨᠠᠢᠮᠠ ᠶᠢ ᠪᠦᠷᠢᠳᠦᠭᠦᠯᠵᠦ᠂ ᠨᠠᠢᠮᠠ | ᠶᠢ ᠲᠦᠷᠢᠮᠵᠢᠭᠦᠯᠬᠦ︾ ᠲᠦᠷᠢᠮᠵᠢᠭᠰᠡᠨ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠦᠭᠰᠡᠨ ᠰᠣᠮᠣ ᠪᠠᠯᠭᠠᠰᠣᠨ ᠤ | ᠦᠷ᠎ᠡ ᠪᠦᠲᠦᠮᠵᠢ ᠶᠢ ᠣᠯᠠᠮ ᠨᠢᠭᠡ ᠠᠯᠬᠤᠨ ᠪᠠᠳᠣᠳᠬᠠᠬᠤ ᠬᠡᠷᠡᠭᠳᠠᠢ᠃ ᠣᠳᠣᠷᠢᠳᠬᠤ ᠳᠣᠭᠤᠶᠢᠯᠠᠩ ᠤᠨ ᠠᠯᠪᠠᠨ | ᠭᠡᠷ ᠠᠴᠠ ᠪᠠᠷᠢᠮᠵᠢᠶᠠᠨ ᠳᠤ ᠬᠦᠷᠦᠭᠰᠡᠨ ᠦᠭᠡᠢ ᠰᠣᠮᠣ ᠪᠠᠯᠭᠠᠰᠣ ᠶᠢ ᠴᠢᠩᠭ᠎ᠠ ᠱᠠᠭᠠᠷᠳᠠᠨ᠂ ᠠᠵᠢᠯ ᠢᠶᠠᠨ | ᠠᠬᠢᠭᠤᠯᠣᠭᠰᠠᠨ ᠪᠠᠶᠢᠳᠠᠯ ᠢ ᠨᠢ ᠣᠶᠢᠯᠠᠭᠠᠵᠣ᠂ ᠣᠷᠣᠰᠢᠵᠣ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠨᠢ ᠡᠷᠢᠵᠦ | ᠭᠠᠷᠭᠠᠨ᠂ ᠠᠰᠠᠭᠤᠳᠠᠯ ᠤᠨ ᠨᠠᠷᠢᠨ ᠳᠠᠩᠰᠠ ᠶᠢ ᠪᠠᠶᠢᠭᠤᠯᠵᠣ᠂ ᠲᠦᠷᠢᠮᠵᠢᠭᠰᠡᠨ ᠪᠠᠶᠢᠭᠤᠯᠣᠯᠳᠠ ᠶᠢ ᠪᠠᠷᠢᠮᠵᠢᠶᠠᠨ ᠳᠤ | ᠬᠦᠷᠭᠡᠬᠦ ᠠᠵᠢᠯ ᠢ ᠲᠣᠭᠳᠠᠭᠰᠠᠨ ᠴᠠᠭ ᠲᠠᠭᠠᠨ ᠪᠡᠶᠡᠯᠡᠭᠦᠯᠬᠦ ᠬᠡᠷᠡᠭᠳᠠᠢ᠃ | | | | |