︽2020 ᠤᠨ ᠤ ᠰᠥᠨᠢᠳ ᠪᠠᠷᠠᠭᠤᠨ ᠬᠤᠰᠢᠭᠤᠨ ᠤ ᠥᠨᠲᠤᠰᠤᠲᠡᠨ ᠤ ᠪᠥᠯᠬᠦᠮᠲᠡᠯ ᠲᠡᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠠᠵᠢᠯ ᠤᠨ ᠲᠦᠰᠦᠯ︾ ᠢ ᠲᠠᠷᠤᠮᠠᠯᠯᠠᠨ ᠲᠠᠷᠬᠠᠭᠠᠬᠤ ᠲᠤᠬᠠᠢ ᠲᠤᠮᠲᠠᠲᠥ ᠤᠯᠤᠰ ᠤᠨ ᠡᠪ ᠬᠠᠮᠲᠥ ᠨᠠᠮ ᠤᠨ ᠰᠥᠨᠢᠳ ᠪᠠᠷᠠᠭᠤᠨ ᠬᠤᠰᠢᠭᠤᠨ ᠤ ᠬᠤᠷᠢᠶᠠᠨ ᠤ ᠠᠯᠪᠠᠨ ᠭᠡᠷ᠂ ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ ᠤᠨ ᠮᠡᠲᠡᠭᠲᠡᠯ
ᠨᠡᠶᠢᠲᠡᠯᠡᠭᠰᠡᠨ ᠴᠠᠭ᠄
2020/12/30
     ᠰᠦᠨᠢᠳ ᠪᠠᠷᠠᠭᠤᠨ ᠨᠠᠮ ᠠᠯᠪᠠᠨ ᠲᠠᠷᠬᠠᠭᠠᠭᠰᠠᠨ ﹇2020﹈ 38 ᠳ᠋ᠣᠭᠠᠷ ᠲᠣᠭᠠᠳᠣ     ︽2020 ᠤᠨ ᠤ ᠰᠥᠨᠢᠳ ᠪᠠᠷᠠᠭᠤᠨ ᠬᠤᠰᠢᠭᠤᠨ ᠤ ᠥᠨᠲᠤᠰᠤᠲᠡᠨ ᠤ ᠪᠥᠯᠬᠦᠮᠲᠡᠯ ᠲᠡᠪᠰᠢᠯᠲᠠ ᠶᠢᠨ        ᠠᠵᠢᠯᠯᠠᠭᠠᠨ ᠤ ᠰᠠᠷ᠎ᠠ ᠶᠢᠨ ᠠᠵᠢᠯ ᠤᠨ ᠲᠦᠰᠦᠯ︾ ᠢ ᠲᠠᠷᠤᠮᠠᠯᠯᠠᠨ ᠲᠠᠷᠬᠠᠭᠠᠬᠤ ᠲᠤᠬᠠᠢ       ᠲᠤᠮᠲᠠᠲᠥ ᠤᠯᠤᠰ ᠤᠨ ᠡᠪ ᠬᠠᠮᠲᠥ ᠨᠠᠮ ᠤᠨ ᠰᠥᠨᠢᠳ ᠪᠠᠷᠠᠭᠤᠨ ᠬᠤᠰᠢᠭᠤᠨ ᠤ ᠬᠤᠷᠢᠶᠠᠨ ᠤ ᠠᠯᠪᠠᠨ ᠭᠡᠷ᠂    ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ ᠤᠨ ᠮᠡᠲᠡᠭᠲᠡᠯᠡᠯ᠎ᠠ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠬᠢᠭᠡᠳ ᠡᠯ᠎ᠠ ᠠᠷᠠᠳ ᠤᠨ ᠪᠥᠯᠬᠦᠮ᠂ ᠠᠵᠤ ᠠᠬᠤᠶᠢᠯᠠᠯ ᠠᠵᠢᠯ ᠥᠢᠯᠡᠰ ᠤᠨ ᠨᠢᠭᠡᠴᠡ᠂ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ᠄      ︽2020 ᠤᠨ ᠤ ᠰᠥᠨᠢᠳ ᠪᠠᠷᠠᠭᠤᠨ ᠬᠤᠰᠢᠭᠤᠨ ᠤ ᠥᠨᠲᠤᠰᠤᠲᠡᠨ ᠤ ᠪᠥᠯᠬᠦᠮᠲᠡᠯ ᠲᠡᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠠᠵᠢᠯ ᠤᠨ ᠲᠦᠰᠦᠯ︾ ᠢ ᠨᠢᠭᠡᠨᠲᠡ ᠬᠤᠰᠢᠭᠤ ᠨᠠᠮ ᠤᠨ  ᠬᠤᠷᠢᠶ᠎ᠠ᠂ ᠠᠷᠠᠳ ᠤᠨ ᠵᠠᠰᠠᠭ ᠤᠨ ᠤᠷᠲᠤᠨ ᠢᠶᠠᠷ ᠵᠦᠪᠰᠢᠶᠡᠷᠡᠭᠦᠯᠦᠭᠡᠳ᠂ ᠲᠠᠨᠠᠷ ᠲᠤ ᠲᠠᠷᠣᠮᠠᠯᠯᠠᠨ ᠲᠠᠷᠬᠠᠭᠠᠯ᠎ᠠ᠂ ᠪᠤᠲᠡᠲᠡᠢ ᠲᠠᠢ ᠪᠠᠨ ᠣᠶᠠᠯᠳᠣᠭᠤᠯᠣᠨ ᠨᠠᠷᠢᠨ ᠬᠢᠨᠠᠮᠠᠭᠠᠢ ᠲᠤᠤᠱᠯᠠᠭᠤᠯᠤᠨ  ᠬᠡᠷᠡᠭᠵᠢᠭᠦᠯᠳᠦᠭᠡᠢ᠃                   ᠲᠤᠮᠲᠠᠲᠥ ᠤᠯᠤᠰ ᠤᠨ ᠡᠪ ᠬᠠᠮᠲᠥ ᠨᠠᠮ ᠤᠨ ᠰᠥᠨᠢᠳ ᠪᠠᠷᠠᠭᠤᠨ ᠬᠤᠰᠢᠭᠤᠨ ᠤ ᠬᠤᠷᠢᠶᠠᠨ ᠤ ᠠᠯᠪᠠᠨ ᠭᠡᠷ       ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠭᠡᠷ                             2020 ᠤᠨ ᠤ 8 ᠰᠠᠷ᠎ᠠ ᠶᠢᠨ 31 ᠤ ᠡᠲᠤᠷ      2020 ᠤᠨ ᠤ ᠰᠥᠨᠢᠳ ᠪᠠᠷᠠᠭᠤᠨ ᠬᠤᠰᠢᠭᠤᠨ ᠤ ᠥᠨᠲᠤᠰᠤᠲᠡᠨ ᠤ ᠪᠥᠯᠬᠦᠮᠲᠡᠯ            ᠲᠡᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠠᠵᠢᠯ ᠤᠨ ᠲᠦᠰᠦᠯ      ᠦᠨᠦ ᠵᠢᠯ ᠤᠨ 9 ᠰᠠᠷ᠎ᠠ ᠪᠤᠯ ᠪᠥᠬᠦ ᠤᠷᠤᠨ ᠤ 37 ᠳᠠᠬᠢ ᠥᠨᠲᠤᠰᠤᠲᠡᠨ ᠤ ᠪᠥᠯᠬᠦᠮᠲᠡᠯ ᠲᠡᠪᠰᠢᠯᠲᠠ  ᠶᠢᠨ ᠠᠵᠢᠯᠯᠠᠭᠠᠨ ᠤ ᠰᠠᠷ᠎ᠠ ᠮᠥᠨ᠃ ᠦᠨᠦ ᠵᠢᠯ ᠤᠨ ᠥᠨᠲᠤᠰᠤᠲᠡᠨ ᠤ ᠪᠥᠯᠬᠦᠮᠲᠡᠯ ᠲᠡᠪᠰᠢᠯᠲᠠ ᠶᠢᠨ ᠠᠵᠢᠯᠯᠠᠭᠠᠨ  ᠤ ᠰᠠᠷ᠎ᠠ ᠶᠢᠨ ᠠᠵᠢᠯ ᠢ ᠰᠠᠶᠢᠲᠤᠷ ᠥᠷᠨᠢᠬᠦᠯᠵᠤ᠂ ᠡᠯ᠎ᠠ ᠥᠨᠲᠤᠰᠤᠲᠡᠨ ᠤ ᠤᠯᠠᠨ ᠲᠥᠮᠡᠨ ᠢ ᠪᠥᠯᠬᠦᠮᠲᠡᠬᠦᠯᠤᠨ᠂ ᠶᠠᠲᠠᠭᠤ ᠶᠢ ᠲᠡᠳᠬᠦᠬᠦ ᠰᠢᠪᠲᠤᠯᠤᠯᠲᠠ ᠶᠢᠨ ᠢᠯᠠᠯᠲᠠ ᠶᠢ ᠤᠯᠵᠤ᠂ ᠪᠥᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠶᠢᠨ ᠲᠥᠯᠤᠭᠡ᠂ ᠮᠠᠨ ᠤ ᠬᠤᠰᠢᠭᠤᠨ ᠤ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠥᠢᠯᠡᠰ ᠤᠨ ᠶᠡᠭᠡ ᠰᠠᠶᠢᠨ ᠪᠠᠶᠢᠲᠠᠯ ᠢ  ᠲᠠᠰᠣᠷᠠᠯᠳᠠ ᠥᠭᠡᠢ ᠪᠠᠭᠢᠵᠢᠬᠦᠯᠬᠦ ᠨᠢ ᠥᠨᠲᠤᠰᠤᠲᠡᠨ ᠤ ᠪᠥᠯᠬᠦᠮᠲᠡᠯ ᠤᠨ ᠤᠭᠢ ᠰᠠᠶᠢᠨ ᠠᠭᠤᠷ ᠠᠮᠢᠰᠬᠤᠯ ᠢ ᠡᠬᠦᠳᠬᠦ ᠳᠤ ᠴᠢᠬᠤᠯᠠ ᠶᠡᠭᠡ ᠠᠴᠢ ᠬᠤᠯᠪᠤᠭᠲᠠᠯ ᠲᠠᠢ ᠶᠤᠮ᠃ ᠦᠨᠦ ᠵᠢᠯ ᠤᠨ ᠥᠨᠲᠤᠰᠤᠲᠡᠨ ᠤ ᠪᠥᠯᠬᠦᠮᠲᠡᠯ ᠲᠡᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠠᠵᠢᠯ ᠢ ᠥᠨᠡᠨᠬᠦ ᠰᠠᠶᠢᠲᠤᠷ ᠬᠢᠬᠦ ᠶᠢᠨ ᠲᠥᠯᠤᠭᠡ᠂ ᠲᠤᠰ ᠠᠵᠢᠯ ᠤᠨ ᠲᠦᠰᠦᠯ ᠢ ᠤᠨᠴᠠᠭᠠᠶᠢᠯᠠᠨ ᠲᠤᠭᠲᠠᠭᠠᠪᠠ᠃      ᠨᠢᠭᠡ᠂ ᠵᠢᠯᠤᠭᠤᠳᠬᠤ ᠥᠵᠡᠯ ᠰᠠᠨᠠᠭ᠎ᠠ      ᠰᠢ ᠶᠢᠨ ᠫᠢᠡᠭ ᠤᠨ ᠰᠢᠨ᠎ᠠ ᠴᠠᠭ ᠥᠶ᠎ᠠ ᠶᠢᠨ ᠲᠤᠮᠲᠠᠲᠥ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠡᠯ ᠰᠠᠨᠠᠭ᠎ᠠ   ᠪᠠᠷ ᠵᠢᠯᠤᠭᠤᠲᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠡᠭ  ᠶᠡᠷᠤᠩᠭᠡᠢ ᠱᠥᠵᠢ ᠶᠢᠨ ᠪᠥᠬᠦ ᠤᠯᠤᠰ ᠤᠨ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠰᠠᠶᠢᠰᠢᠶᠠᠨ ᠬᠥᠬᠢᠬᠦᠯᠬᠦ ᠬᠤᠷᠠᠯ ᠲᠡᠭᠡᠷᠡᠭᠢ ᠴᠢᠬᠤᠯᠠ ᠶᠠᠷᠢᠶ᠎ᠠ ᠪᠠ ᠥᠪᠤᠷ ᠮᠤᠩᠭᠤᠯ ᠳᠠᠬᠢ ᠴᠢᠬᠤᠯᠠ   ᠶᠠᠷᠢᠶ᠎ᠠ᠂ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠥᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠠᠵᠢᠯ ᠤᠨ ᠶᠡᠭᠡ ᠲᠠᠯ᠎ᠠ ᠶᠢᠨ ᠲᠤᠭᠤᠷᠢᠨ ᠳᠤ ᠶᠠᠲᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠲᠠ ᠤᠯᠬᠤ᠂ ᠪᠥᠬᠦ ᠲᠠᠯ᠎ᠠ ᠪᠠᠷ ᠴᠢᠨᠡᠭᠡᠯᠢᠭ ᠨᠠᠶᠢᠭᠡᠮ ᠢ ᠪᠥᠲᠤᠭᠡᠨ ᠪᠠᠶᠢᠭᠤᠯᠬᠤ ᠰᠢᠢᠳᠪᠤᠷᠢᠲᠥ ᠢᠯᠠᠯᠲᠠ ᠳᠤ ᠲᠥᠯᠭᠢᠭᠴᠢ ᠬᠥᠴᠤᠨ ᠪᠤᠯᠵᠤ᠂ ᠥᠨᠲᠤᠰᠤᠲᠡᠨ ᠤ ᠲᠥᠷᠤ ᠶᠢᠨ ᠪᠤᠲᠤᠯᠭ᠎ᠠ᠂ ᠥᠨᠲᠤᠰᠤᠲᠡᠨ ᠤ ᠬᠠᠤᠯᠢ ᠲᠥᠷᠢᠮ ᠢ ᠶᠡᠭᠡᠪᠡᠷ ᠤᠬᠠᠭᠤᠯᠵᠤ᠂ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠬᠥᠮᠤᠵᠢᠯ ᠢ ᠤᠯᠠᠮ ᠨᠢᠭᠡ ᠠᠯᠬᠤᠮ ᠬᠥᠨᠵᠡᠭᠡᠶᠢᠷᠡᠬᠦᠯᠵᠤ᠂ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠡᠬᠦᠲᠤᠨ ᠪᠠᠶᠢᠭᠤᠯᠬᠤ ᠠᠵᠢᠯᠯᠠᠭ᠎ᠠ ᠶᠢ ᠥᠷᠭᠡᠨ ᠲᠡᠯᠭᠡᠷ ᠥᠷᠨᠢᠬᠦᠯᠵᠤ᠂ ᠡᠯ᠎ᠠ ᠥᠨᠲᠤᠰᠤᠲᠡᠨ ᠤ ᠤᠯᠠᠨ ᠲᠥᠮᠡᠨ ᠳᠤ ᠢᠲᠡᠪᠭᠢᠲᠡᠢ ᠪᠠᠷ ᠪᠤᠲᠡᠲᠡᠢ ᠠᠵᠢᠯ ᠬᠢᠵᠤ᠂ ᠬᠥᠴᠢᠷ ᠠᠰᠠᠭᠤᠲᠠᠯ ᠢ ᠨᠢ ᠰᠢᠢᠳᠪᠤᠷᠢᠯᠡᠵᠤ᠂ ᠲᠤᠮᠲᠠᠲᠥ ᠶᠢᠨ ᠥᠨᠲᠤᠰᠤᠲᠡᠨ ᠤ ᠬᠠᠮᠲᠥ ᠶᠢᠨ ᠴᠤᠭᠴᠠ  ᠶᠢᠨ ᠥᠵᠡᠯᠲᠡ ᠶᠢ ᠤᠯᠠᠮ ᠨᠢᠭᠡ ᠠᠯᠬᠤᠮ ᠪᠠᠭᠢᠵᠢᠬᠦᠯᠵᠤ᠂ ᠴᠢᠨᠡᠭᠡᠯᠢᠭ ᠨᠠᠶᠢᠭᠡᠮ ᠢ ᠪᠥᠬᠦ ᠲᠠᠯ᠎ᠠ ᠪᠠᠷ ᠪᠥᠲᠤᠭᠡᠨ ᠪᠠᠶᠢᠭᠤᠯᠬᠤ᠂ ᠡᠭᠡ ᠤᠯᠤᠰ ᠤᠨ ᠤᠮᠠᠷᠠᠲᠥ ᠬᠢᠯᠢ ᠶᠢᠨ ᠠᠮᠤᠷ ᠲᠥᠪᠰᠢᠨ ᠤ ᠬᠠᠯᠬᠠᠪᠴᠢ ᠶᠢ ᠪᠠᠭᠢᠵᠢᠬᠦᠯᠬᠦ ᠳᠤ ᠬᠥᠴᠤᠲᠡᠢ ᠪᠠᠲᠤᠯᠠᠭ᠎ᠠ ᠪᠠ ᠬᠥᠲᠡᠯᠭᠡᠭᠴᠢ ᠬᠥᠴᠤᠨ ᠢ ᠬᠠᠨᠭ᠍ᠭᠠᠬᠤ ᠶᠢᠨ ᠲᠥᠯᠤᠭᠡ ᠶᠤᠮ᠃      ᠬᠤᠶᠠᠷ᠂ ᠠᠵᠢᠯᠯᠠᠭᠠᠨ ᠤ ᠭᠤᠤᠯ ᠰᠡᠲᠤᠪ  ᠪᠠ ᠠᠭᠤᠯᠭ᠎ᠠ      ᠦᠨᠦ ᠵᠢᠯ ᠤᠨ ᠠᠵᠢᠯᠯᠠᠭᠠᠨ ᠤ ᠰᠠᠷ᠎ᠠ ᠶᠢ ︽ᠥᠨᠲᠤᠰᠤᠲᠡᠨ ᠤ ᠪᠥᠯᠬᠦᠮᠲᠡᠯ ᠢᠶᠠᠷ ᠶᠠᠲᠠᠭᠤ ᠠᠴᠠ ᠠᠩᠭᠢᠵᠢᠷᠠᠭᠤᠯᠬᠤ ᠶᠢᠨ ᠲᠥᠯᠬᠢᠴᠡ ᠬᠥᠴᠤᠨ ᠪᠣᠯᠣᠨ ᠡᠯ᠎ᠠ ᠥᠨᠲᠤᠰᠤᠲᠡᠨ ᠤ ᠠᠷᠠᠳ ᠲᠥᠮᠡᠨ ᠬᠠᠮᠲᠥ ᠪᠠᠷ ᠴᠢᠨᠡᠭᠡᠯᠢᠭ ᠨᠠᠶᠢᠭᠡᠮ ᠳᠤ ᠤᠷᠤᠬᠤ︾   ᠪᠠᠷ ᠭᠤᠤᠯ ᠰᠡᠲᠤᠪ ᠪᠣᠯᠭᠠᠵᠣ᠂ ᠲᠤᠤᠷᠠᠭᠢ ᠮᠡᠲᠥ ᠠᠵᠢᠯᠯᠠᠭ᠎ᠠ ᠶᠢ ᠭᠤᠤᠯ ᠥᠷᠨᠢᠬᠦᠯᠬᠦ ᠪᠤᠯᠤᠨ᠎ᠠ᠃      ︵ᠨᠢᠭᠡ︶ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠬᠥᠮᠤᠵᠢᠯ ᠢ ᠬᠥᠨᠵᠡᠭᠡᠶᠢᠷᠡᠬᠦᠯᠵᠤ᠂ ᠭᠡᠷ ᠤᠷᠤᠨ  ᠢᠶᠠᠨ ᠬᠠᠮᠲᠥ ᠪᠠᠷ ᠪᠥᠲᠤᠭᠡᠨ ᠪᠠᠶᠢᠭᠤᠯᠬᠤ ᠥᠵᠡᠯᠲᠡ ᠶᠢ ᠨᠢᠬᠲᠠᠷᠠᠭᠤᠯᠬᠤ ᠬᠡᠷᠡᠭᠳᠠᠢ᠃ ᠡᠯ᠎ᠠ ᠭᠠᠵᠠᠷ᠂ ᠡᠯ᠎ᠠ ᠰᠠᠯᠠᠭ᠎ᠠ ᠮᠥᠴᠢᠷ ᠨᠢ ᠪᠤᠲᠡᠲᠡᠢ ᠲᠠᠢ ᠪᠠᠨ ᠤᠶᠠᠯᠲᠤᠭᠤᠯᠵᠤ᠂ ᠥᠨᠲᠤᠰᠤᠨ ᠱᠠᠲᠤᠨ ᠳᠤ ᠬᠥᠨᠵᠡᠭᠡᠶᠢᠷᠡᠵᠤ᠂ ᠰᠢ  ᠶᠢᠨ ᠫᠢᠡᠭ ᠤᠨ ᠰᠢᠨ᠎ᠠ ᠴᠠᠭ ᠥᠶ᠎ᠠ ᠶᠢᠨ ᠲᠤᠮᠲᠠᠲᠥ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠥᠵᠡᠯ ᠰᠠᠨᠠᠭ᠎ᠠ᠂ ᠰᠢ ᠶᠢᠨ ᠫᠢᠡᠭ ᠶᠡᠷᠤᠩᠭᠡᠢ ᠱᠥᠵᠢ ᠶᠢᠨ ᠥᠨᠲᠤᠰᠤᠲᠡᠨ ᠤ ᠠᠵᠢᠯ ᠤᠨ ᠲᠤᠬᠠᠢ ᠴᠢᠬᠤᠯᠠ ᠤᠨᠤᠯ ᠪᠠ ᠥᠪᠤᠷ ᠮᠤᠩᠭᠤᠯ ᠳᠠᠬᠢ ᠴᠢᠬᠤᠯᠠ ᠶᠠᠷᠢᠶᠠᠨ ᠤ ᠵᠢᠭᠠᠪᠤᠷᠢ ᠶᠢᠨ ᠵᠤᠷᠢᠭ ᠰᠠᠨᠠᠭ᠎ᠠ ᠶᠢ ᠡᠯ᠎ᠠ ᠵᠤᠶᠢᠯ ᠤᠨ ᠭᠡᠯᠪᠡᠷᠢ ᠪᠠᠷ ᠬᠥᠴᠤ ᠪᠠᠨ ᠲᠥᠪᠯᠡᠷᠡᠬᠦᠯᠤᠨ ᠰᠣᠷᠳᠠᠯᠴᠢᠯᠠᠨ ᠤᠬᠠᠭᠤᠯᠵᠤ᠂ ᠨᠠᠮ ᠤᠨ ᠥᠨᠲᠤᠰᠤᠲᠡᠨ ᠤ ᠤᠨᠤᠯ᠂ ᠥᠨᠲᠤᠰᠤᠲᠡᠨ  ᠤ ᠲᠥᠷᠤ ᠶᠢᠨ ᠪᠤᠲᠤᠯᠭ᠎ᠠ ᠪᠠ ᠥᠨᠲᠤᠰᠤᠲᠡᠨ ᠤ ᠬᠠᠤᠯᠢ ᠲᠥᠷᠢᠮ ᠬᠠᠤᠯᠢ ᠴᠠᠭᠠᠵᠠ ᠶᠢ ᠰᠤᠷᠲᠠᠯᠴᠢᠯᠠᠵᠤ᠂ ᠮᠠᠨ ᠤ ᠬᠤᠰᠢᠭᠤᠨ ᠤ ᠪᠠᠨ ᠡᠯ᠎ᠠ ᠥᠨᠲᠤᠰᠤᠲᠡᠨ ᠤ ᠤᠯᠠᠨ ᠲᠥᠮᠡᠨ ᠤ ᠰᠡᠳᠭᠢᠯ ᠨᠢᠭᠡᠲᠤᠨ ᠪᠠᠲᠥ ᠭᠡᠷᠡᠮ ᠮᠡᠲᠥ ᠪᠥᠯᠬᠦᠮᠲᠡᠵᠤ᠂ ᠬᠢᠵᠢᠭ ᠤᠨ ᠪᠠᠶᠢᠲᠠᠯ ᠢ ᠰᠡᠷᠭᠡᠶᠢᠯᠡᠨ ᠬᠤᠷᠢᠭᠯᠠᠵᠤ ᠪᠠᠶᠢᠭ᠎ᠠ ᠪᠤᠲᠡᠲᠥ ᠭᠡᠷᠡᠭ ᠢ ᠤᠬᠠᠭᠤᠯᠤᠨ ᠰᠤᠷᠲᠠᠯᠴᠢᠯᠠᠵᠤ᠂ ᠴᠥᠭᠡᠨ ᠲᠤᠭᠠᠲᠥ ᠥᠨᠲᠤᠰᠤᠲᠡᠨ ᠪᠠ ᠴᠥᠭᠡᠨ ᠲᠤᠭᠠᠲᠥ ᠥᠨᠲᠤᠰᠤᠲᠡᠨ ᠲᠥᠪᠯᠡᠷᠡᠨ ᠰᠠᠭᠤᠭ᠎ᠠ ᠤᠷᠤᠨ ᠤ ᠶᠠᠲᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠ ᠪᠥᠬᠦ ᠲᠠᠯ᠎ᠠ ᠪᠠᠷ ᠴᠢᠨᠡᠭᠡᠯᠢᠭ ᠨᠠᠶᠢᠭᠡᠮ ᠢ ᠪᠥᠲᠤᠭᠡᠨ ᠪᠠᠶᠢᠭᠤᠯᠬᠤ ᠲᠠᠯ᠎ᠠ ᠪᠠᠷ ᠬᠢ ᠤᠯᠤᠭᠰᠠᠨ ᠠᠮᠵᠢᠯᠲᠠ ᠶᠢ ᠤᠬᠠᠭᠤᠯᠤᠨ ᠰᠤᠷᠲᠠᠯᠴᠢᠯᠠᠬᠤ ᠭᠡᠷᠡᠭᠲᠡᠢ᠃ ᠪᠥᠬᠦ ᠤᠯᠤᠰ᠂ ᠪᠥᠬᠦ ᠤᠷᠤᠨ᠂ ᠪᠥᠬᠦ ᠠᠶᠢᠮᠠᠭ᠂ ᠪᠥᠬᠦ ᠬᠤᠰᠢᠭᠤᠨ ᠤ ᠥᠨᠲᠤᠰᠤᠲᠡᠨ ᠤ ᠪᠥᠯᠬᠦᠮᠲᠡᠯ ᠲᠠᠪᠰᠢᠯᠲᠠ  ᠶᠢᠨ ᠵᠢᠱᠢᠶᠡᠴᠢ ᠬᠠᠮᠲᠥ ᠨᠢᠭᠡᠴᠡ ᠪᠠ ᠵᠢᠱᠢᠶᠡᠴᠢ ᠬᠤᠪᠢ ᠬᠥᠮᠤᠨ ᠤ ᠵᠢᠱᠢᠶᠡᠴᠢ ᠦᠢᠯᠡ ᠠᠵᠢᠯᠯᠠᠭ᠎ᠠ ᠪᠠ ᠥᠪᠡᠷᠲᠡᠭᠡᠨ ᠵᠠᠰᠠᠬᠤ ᠤᠷᠤᠨ᠂ ᠠᠶᠢᠮᠠᠭ ᠤᠨ ᠱᠠᠲᠤᠨ ᠤ ᠪᠠ ᠪᠥᠬᠦ ᠬᠤᠰᠢᠭᠤᠨ ᠤ ᠥᠨᠲᠤᠰᠤᠲᠡᠨ ᠤ ᠪᠦᠯᠬᠦᠮᠳᠡᠯ ᠲᠠᠪᠰᠢᠯᠲᠠ ᠶᠢ ᠡᠬᠦᠲᠤᠨ ᠪᠠᠶᠢᠭᠤᠯᠬᠤ ᠵᠢᠱᠢᠶᠡᠴᠢ ᠲᠤᠭᠤᠷᠢᠭ ︵ᠨᠢᠭᠡᠴᠡ︶ ᠤᠨ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠥᠢᠯᠡᠰ ᠲᠤ ᠭᠠᠷᠭᠠᠭᠰᠠᠨ ᠲᠤᠪᠤᠶᠢᠮ᠎ᠠ ᠬᠤᠪᠢ ᠨᠡᠮᠡᠷᠢ ᠶᠢ ᠥᠷᠭᠡᠨ ᠲᠡᠯᠭᠡᠷᠡᠩᠬᠦᠢ ᠪᠠᠷ ᠤᠬᠠᠭᠤᠯᠬᠤ ᠭᠡᠷᠡᠭᠲᠡᠢ᠃ ᠰᠢᠨ᠎ᠠ ᠮᠡᠲᠡᠭᠡ ᠵᠠᠭᠤᠴᠢᠯᠠᠭᠤᠷ ᠢ ᠬᠥᠢᠴᠡᠳ ᠠᠰᠢᠭᠯᠠᠵᠤ᠂ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠰᠠᠶᠢᠨ ᠴᠢᠮᠡᠭᠡ ᠶᠢ ᠴᠠᠭ ᠲᠤᠬᠠᠢ ᠳᠤᠨᠢ ᠲᠠᠮᠵᠢᠭᠤᠯᠵᠤ᠂ ᠡᠯ᠎ᠠ ᠲᠥᠷᠤᠯ ᠤᠨ ᠭᠤᠤᠯ ᠰᠡᠲᠤᠪᠲᠥ ᠠᠵᠢᠯᠯᠠᠭ᠎ᠠ ᠶᠢ ᠠᠰᠢᠭᠯᠠᠵᠤ ᠪᠠᠶᠢᠭᠠᠳ ᠡᠯ᠎ᠠ ᠥᠨᠲᠤᠰᠤᠲᠡᠨ ᠤ ᠬᠠᠷᠢᠯᠴᠠᠭ᠎ᠠ ᠬᠤᠯᠪᠤᠭ᠎ᠠ ᠶᠢ ᠲᠠᠰᠤᠷᠠᠯᠲᠠ ᠥᠭᠡᠢ ᠠᠭᠤᠰᠣᠯᠴᠠᠭᠤᠯᠵᠣ᠂ ᠡᠯ᠎ᠠ ᠥᠨᠲᠤᠰᠤᠲᠡᠨ ᠤ ᠺᠠᠳ᠋ᠷ ᠤᠯᠠᠨ ᠲᠥᠮᠡᠨ ᠤ ᠥᠨᠲᠤᠰᠤᠲᠡᠨ ᠤ ᠪᠥᠯᠬᠦᠮᠲᠡᠯ ᠲᠠᠪᠰᠢᠯᠲᠠ  ᠶᠢᠨ ᠥᠢᠯᠡᠰ ᠲᠤ ᠬᠠᠯᠭᠤᠨ ᠰᠡᠳᠭᠢᠯᠭᠡ ᠪᠠᠷ ᠤᠷᠤᠯᠴᠠᠬᠤ ᠶᠢ ᠤᠷᠮᠠᠰᠢᠭᠤᠯᠵᠤ᠂ ︽ᠭᠤᠷᠪᠠᠨ ᠰᠠᠯᠵᠤ ᠪᠤᠯᠤᠰᠢ ᠥᠭᠡᠢ︾᠂ ︽ᠲᠠᠪᠤᠨ ᠬᠠᠮᠲᠥ ᠶᠢᠨ ᠲᠠᠨᠢᠯᠲᠠ︾ ᠶᠢᠨ ᠥᠵᠡᠯ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠪᠠᠲᠥ ᠪᠠᠭᠢ ᠪᠤᠯᠭᠠᠬᠤ ᠭᠡᠷᠡᠭᠲᠡᠢ᠃          ︵ᠬᠤᠶᠠᠷ︶ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢ ᠡᠬᠦᠲᠤᠨ ᠪᠠᠶᠢᠭᠤᠯᠬᠤ ᠠᠵᠢᠯ ᠢ ᠥᠷᠨᠢᠬᠦᠯᠵᠤ᠂ ᠪᠥᠯᠬᠦᠮᠲᠡᠨ ᠲᠡᠮᠡᠴᠡᠬᠦ ᠬᠠᠮᠲᠤ ᠶᠢᠨ ᠬᠦᠴᠦᠨ ᠢ ᠲᠥᠪᠯᠡᠷᠡᠬᠦᠯᠬᠦ ᠭᠡᠷᠡᠭᠲᠡᠢ᠃ ᠥᠪᠡᠷᠲᠡᠭᠡᠨ ᠵᠠᠰᠠᠬᠤ ᠤᠷᠤᠨ ᠤ ᠨᠠᠮ  ᠤᠨ ᠬᠤᠷᠢᠶᠠᠨ ᠤ ᠠᠯᠪᠠᠨ ᠲᠢᠩᠭᠢᠮ᠂ ᠵᠠᠰᠠᠭ ᠤᠨ ᠤᠷᠲᠤᠨ ᠤ ᠠᠯᠪᠠᠨ ᠲᠢᠩᠭᠢᠮ ᠤᠨ ᠲᠠᠷᠤᠮᠠᠯᠯᠠᠨ ᠲᠠᠷᠬᠠᠭᠠᠭᠰᠠᠨ ︽ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠡᠬᠦᠲᠤᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ ᠣᠳᠠᠭᠠᠨ ᠳᠠᠭᠠᠮᠠᠭᠠᠢ ᠦᠷᠨᠢᠭᠦᠯᠵᠦ᠂ ᠲᠤᠮᠲᠠᠲᠥ ᠶᠢᠨ ᠥᠨᠲᠤᠰᠤᠲᠡᠨ ᠤ ᠬᠠᠮᠲᠥ ᠶᠢᠨ ᠴᠤᠭᠴᠠ  ᠶᠢᠨ ᠥᠵᠡᠯᠲᠡ ᠶᠢ ᠪᠠᠲᠤᠵᠢᠭᠤᠯᠬᠤ ᠲᠤᠬᠠᠢ ᠭᠡᠷᠡᠭᠵᠢᠬᠦᠯᠬᠦ ᠰᠠᠨᠠᠯ︾ ᠢ ᠲᠠᠷᠤᠮᠠᠯᠯᠠᠨ ᠲᠠᠷᠬᠠᠭᠠᠵᠤ᠂ ᠡᠬᠦᠲᠤᠨ ᠪᠠᠶᠢᠭᠤᠯᠬᠤ ᠠᠵᠢᠯ ᠤᠨ ᠵᠢᠯᠤᠭᠤᠲᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠤᠯᠤᠰ ᠤᠨ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠵᠢᠱᠢᠶᠡᠴᠢ ᠬᠤᠰᠢᠭᠤ ᠶᠢ ᠡᠬᠦᠲᠤᠨ ᠪᠠᠶᠢᠭᠤᠯᠬᠤ ᠪᠠᠷ ᠲᠤᠬᠢᠶᠠᠯ ᠪᠤᠯᠭᠠᠵᠤ᠂ ᠡᠬᠦᠲᠤᠨ ᠪᠠᠶᠢᠭᠤᠯᠬᠤ ᠠᠵᠢᠯ ᠤᠨ ᠪᠣᠯᠪᠠᠰᠣᠷᠠᠯ ᠢ ᠥᠷᠨᠢᠬᠦᠯᠬᠦ ᠭᠡᠷᠡᠭᠲᠡᠢ᠃ ᠵᠢᠱᠢᠶᠡᠴᠢ ᠨᠠᠶᠢᠲᠡᠯᠢᠭ ᠢ ᠰᠤᠩᠭᠤᠨ ᠭᠠᠷᠭᠠᠵᠤ᠂ ᠬᠠᠷᠢᠯᠴᠠᠨ ᠲᠤᠭᠤᠷᠢᠨ ᠰᠤᠷᠤᠯᠴᠠᠬᠤ ᠵᠡᠷᠭᠡ ᠠᠵᠢᠯᠯᠠᠭ᠎ᠠ ᠶᠠᠪᠤᠭᠤᠯᠵᠤ᠂ ᠡᠬᠦᠲᠤᠨ ᠪᠠᠶᠢᠭᠤᠯᠬᠤ ᠠᠵᠢᠯ ᠤᠨ ᠬᠠᠮᠲᠥ ᠶᠢᠨ ᠬᠥᠴᠤᠨ ᠢ ᠤᠯᠠᠮ ᠨᠢᠭᠡ ᠠᠯᠬᠤᠮ ᠨᠡᠮᠡᠭᠲᠡᠬᠦᠯᠵᠤ᠂ ᠡᠬᠦᠲᠤᠨ ᠪᠠᠶᠢᠭᠤᠯᠬᠤ ᠠᠵᠢᠯ ᠤᠨ ᠭᠢᠷᠢ ᠲᠥᠪᠰᠢᠨ᠂ ᠥᠷ᠎ᠡ ᠪᠥᠲᠤᠮᠵᠢ ᠶᠢ ᠲᠡᠭᠡᠭᠰᠢᠯᠡᠬᠦᠯᠬᠦ ᠭᠡᠷᠡᠭᠲᠡᠢ᠃ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠬᠥᠮᠤᠵᠢᠯ ᠢ ᠶᠠᠲᠠᠭᠤ ᠬᠥᠴᠢᠷᠲᠡᠯᠲᠡᠢ ᠭᠠᠴᠠᠭ᠎ᠠ ᠲᠤᠰᠬᠤᠨ ᠳᠤ ᠬᠥᠨᠵᠡᠭᠡᠢ ᠥᠷᠨᠢᠬᠦᠯᠬᠦ ᠠᠵᠢᠯᠯᠠᠭ᠎ᠠ ᠶᠢ ᠥᠷᠬᠦᠯᠵᠢᠯᠡᠨ ᠰᠠᠶᠢᠲᠤᠷ ᠬᠢᠵᠤ᠂ ᠡᠯ᠎ᠠ ᠥᠨᠲᠤᠰᠤᠲᠡᠨ ᠤ ᠤᠯᠠᠨ ᠲᠥᠮᠡᠨ ᠤ ᠶᠠᠲᠠᠭᠤ ᠠᠴᠠ ᠠᠩᠭᠢᠵᠢᠷᠠᠬᠤ ᠢᠲᠡᠭᠡᠯ ᠵᠤᠷᠢᠭ ᠢ ᠨᠢ ᠨᠡᠮᠡᠭᠲᠡᠬᠦᠯᠵᠤ᠂ ᠶᠠᠲᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠢᠯᠠᠯᠲᠠ ᠤᠯᠬᠤ ᠳᠤ ᠲᠤᠰᠠᠯᠠᠬᠤ ᠭᠡᠷᠡᠭᠲᠡᠢ᠃ ᠵᠢᠱᠢᠶᠡᠴᠢ ᠨᠢᠭᠡᠴᠡ ᠶᠢᠨ ᠡᠬᠦᠲᠤᠨ ᠪᠠᠶᠢᠭᠤᠯᠤᠯᠲᠠ ᠶᠢᠨ ᠠᠵᠢᠯ ᠤᠨ ᠪᠠᠭᠢᠵᠢᠬᠦᠯᠤᠨ ᠲᠡᠭᠡᠭᠰᠢᠯᠡᠬᠦᠯᠬᠦ ᠶᠢ ᠬᠥᠨᠲᠤᠳᠭᠡᠨ ᠥᠵᠡᠵᠤ᠂ ᠥᠨᠲᠤᠰᠤᠲᠡᠨ ᠤ ᠪᠥᠯᠬᠦᠮᠲᠡᠯ ᠲᠠᠪᠰᠢᠯᠲᠠ ᠶᠢᠨ ᠨᠢᠭᠡᠴᠡ ᠶᠢᠨ ᠲᠠᠭᠤᠷᠢᠶᠠᠯ ᠥᠵᠡᠬᠦᠯᠤᠨ ᠬᠥᠲᠤᠯᠤᠨ ᠲᠠᠭᠠᠭᠤᠯᠬᠤ ᠥᠢᠯᠡᠲᠤᠯ ᠢ ᠬᠥᠢᠴᠡᠳ ᠰᠠᠶᠢᠲᠤᠷ ᠪᠠᠲᠠᠷᠠᠭᠤᠯᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠣᠬᠠᠮᠰᠠᠷ ᠢ ᠣᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠳᠦᠨ ᠪᠠᠶᠢᠭᠤᠯᠬᠤ ᠠᠵᠢᠯ ᠤᠨ ᠨᠡᠶᠢᠳᠡᠯᠢᠭ ᠵᠢᠱᠢᠶᠡᠴᠢ ᠦᠢᠯᠡ ᠠᠵᠢᠯᠯᠠᠭ᠎ᠠ ᠶᠢ ᠣᠬᠠᠭᠤᠯᠬᠤ ᠪᠠ ᠲᠡᠷᠢᠭᠦᠨ ᠤ ᠲᠣᠷᠰᠢᠯᠭ᠎ᠠ ᠶᠢ ᠲᠦᠭᠡᠮᠡᠯᠵᠢᠭᠦᠯᠬᠦ ᠠᠵᠢᠯ ᠢ ᠰᠠᠶᠢᠳᠣᠷ ᠬᠢᠵᠦ᠂ ᠲᠣᠰ ᠭᠠᠵᠠᠷ ᠣᠷᠣᠨ  ᠤ ᠡᠭᠦᠳᠦᠨ ᠪᠠᠶᠢᠭᠤᠯᠬᠤ ᠠᠵᠢᠯ ᠤᠨ ᠲᠦᠷᠦᠯ ᠲᠡᠮᠳᠡᠭ ᠢ ᠡᠭᠦᠳᠦᠨ᠎ᠡ᠃ ᠦᠨᠳᠦᠰᠦᠳᠡᠨ ᠤ ᠪᠦᠯᠬᠦᠮᠳᠡᠯ ᠲᠠᠪᠰᠢᠯᠳᠠ  ᠶᠢᠨ ᠨᠡᠶᠢᠳᠡᠯᠢᠭ ᠵᠢᠱᠢᠶ᠎ᠡ ᠶᠢ ᠢᠳᠡᠪᠬᠢᠳᠠᠢ ᠬᠦᠬᠢᠭᠦᠯᠦᠨ ᠱᠠᠩᠨᠠᠵᠣ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠳᠣ ᠨᠡᠶᠢᠳᠡ ᠪᠣᠯᠣᠨ ᠬᠤᠪᠢ ᠬᠦᠮᠦᠨ ᠤ ᠲᠡᠷᠢᠭᠦᠨ ᠤ ᠦᠢᠯᠡ ᠠᠵᠢᠯᠯᠠᠭ᠎ᠠ ᠶᠢ ᠶᠡᠬᠡᠪᠡᠷ ᠣᠬᠠᠭᠤᠯᠵᠣ ᠂ ᠲᠡᠷᠢᠭᠦᠨ ᠤ ᠨᠡᠶᠢᠳᠡᠯᠢᠭ ᠵᠢᠱᠢᠶ᠎ᠡ ᠠᠴᠠ ᠲᠠᠭᠠᠨ ᠰᠣᠷᠣᠯᠴᠠᠵᠣ᠂ ᠵᠦᠪ ᠡᠨᠧᠷᠬᠢ ᠶᠢ ᠪᠠᠳᠠᠷᠠᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠦᠨ᠎ᠡ᠃      ︵ᠭᠤᠷᠪᠠ︶ ᠪᠦᠬᠦ ᠬᠦᠴᠦ ᠪᠠᠷ ᠢᠶᠠᠨ ᠪᠣᠳᠠᠳᠣ ᠠᠵᠢᠯ ᠬᠢᠵᠦ᠂ ᠬᠦᠴᠢᠷᠳᠡᠯ ᠢ ᠨᠢ ᠰᠢᠢᠳᠪᠦᠷᠢᠯᠡᠨ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠵᠢᠯ ᠳᠤ ᠬᠦᠴᠦᠨ ᠴᠢᠳᠠᠯ ᠢᠶᠠᠨ ᠡᠷᠭᠦᠬᠦ ᠬᠡᠷᠡᠭᠳᠠᠢ᠃ ᠦᠨᠦ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠵᠢᠯ ᠮᠦᠨᠴᠦ ᠡᠴᠦᠰ ᠤᠨ ᠵᠢᠯ ᠪᠣᠯᠣᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠪᠣᠳᠠᠳᠠᠢ ᠲᠠᠢ ᠪᠠᠨ ᠣᠶᠠᠯᠳᠣᠭᠤᠯᠣᠨ᠂ ᠬᠢᠯᠢ ᠬᠢᠵᠠᠭᠠᠷ ᠢᠶᠠᠨ ᠬᠦᠴᠦᠷᠭᠡᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠢᠳᠡᠪᠬᠢᠳᠠᠢ ᠦᠷᠨᠢᠭᠦᠯᠵᠦ᠂ ᠴᠦᠭᠡᠨ ᠲᠣᠭᠠᠳᠣ ᠦᠨᠳᠦᠰᠦᠳᠡᠨ ᠪᠠ ᠴᠦᠭᠡᠨ ᠲᠣᠭᠠᠳᠣ ᠦᠨᠳᠦᠰᠦᠳᠡᠨ ᠲᠦᠪᠯᠡᠷᠡᠨ ᠰᠠᠭᠤᠷᠢᠰᠢᠭᠰᠠᠨ ᠭᠠᠵᠠᠷ ᠣᠷᠣᠨ ᠢ ᠶᠠᠳᠠᠭᠤ ᠠᠴᠠ ᠠᠩᠭᠢᠵᠢᠷᠠᠭᠤᠯᠣᠨ ᠴᠢᠨᠡᠭᠡᠯᠢᠭᠵᠢᠭᠦᠯᠬᠦ ᠠᠯᠬᠤᠮ ᠢ ᠨᠢ ᠲᠦᠷᠭᠡᠳᠭᠡᠨ᠎ᠡ᠃ ᠦᠨᠳᠦᠰᠦᠨ ᠱᠠᠳᠣ ᠪᠣᠯᠣᠨ ᠬᠦᠳᠡᠭᠡ ᠲᠣᠰᠬᠤᠨ ᠮᠠᠯᠵᠢᠬᠤ ᠣᠷᠣᠨ ᠳᠤ ᠬᠦᠨᠵᠡᠭᠡᠶᠢᠷᠡᠨ᠂ ︽ᠵᠢᠷᠭᠤᠭ᠎ᠠ ᠶᠢ ᠪᠠᠳᠣᠯᠠᠬᠤ︾ ︽ᠵᠢᠷᠭᠤᠭ᠎ᠠ ᠶᠢ ᠲᠣᠭᠳᠠᠭᠤᠨ ᠪᠠᠶᠢᠯᠭᠠᠬᠤ︾ ᠠᠵᠢᠯ ᠢ ᠰᠠᠶᠢᠳᠣᠷ ᠬᠢᠵᠦ᠂ ᠦᠨᠳᠦᠰᠦᠳᠡᠨ ᠨᠦᠭᠦᠳ ᠤᠨ ᠣᠯᠠᠨ ᠲᠦᠮᠡᠨ ᠳᠤ ᠪᠣᠳᠠᠳᠠᠢ ᠠᠵᠢᠯ ᠬᠢᠵᠦ᠂ ᠬᠦᠴᠢᠷᠳᠡᠯ ᠢ ᠨᠢ ᠰᠢᠢᠳᠪᠦᠷᠢᠯᠡᠬᠦ ᠠᠵᠢᠯᠯᠠᠭ᠎ᠠ ᠶᠢ ᠢᠳᠡᠪᠬᠢᠳᠠᠢ ᠵᠣᠬᠢᠶᠠᠨ ᠪᠠᠶᠢᠭᠤᠯᠣᠨ ᠦᠷᠨᠢᠭᠦᠯᠵᠦ᠂ ᠣᠨᠴᠠᠭᠠᠶᠢᠯᠠᠨ ᠴᠦᠭᠡᠨ ᠲᠣᠭᠠᠳᠣ ᠦᠨᠳᠦᠰᠦᠳᠡᠨ ᠤ ᠣᠯᠠᠨ ᠲᠦᠮᠡᠨ ᠳᠤ ᠲᠣᠯᠭᠠᠷᠠᠵᠣ ᠪᠠᠶᠢᠭ᠎ᠠ ᠠᠵᠢᠯ ᠣᠯᠭᠤᠯᠳᠠ᠂ ᠰᠣᠷᠭᠠᠨ ᠬᠦᠮᠦᠵᠢᠯ᠂ ᠡᠮ ᠡᠮᠨᠡᠯᠭᠡ ᠵᠡᠷᠭᠡ ᠬᠦᠴᠢᠷ ᠠᠰᠠᠭᠤᠳᠠᠯ ᠢ ᠨᠢ ᠨᠠᠷᠢᠨ ᠬᠢᠨᠠᠮᠠᠭᠠᠢ ᠰᠣᠳᠣᠯᠣᠨ ᠰᠢᠢᠳᠪᠦᠷᠢᠯᠡᠨ᠎ᠡ᠃ ᠬᠤᠳᠠ ᠪᠠᠯᠭᠠᠰᠣᠨ ᠤ ᠴᠦᠭᠡᠨ ᠲᠣᠭᠠᠳᠣ ᠦᠨᠳᠦᠰᠦᠳᠡᠨ ᠤ ᠨᠡᠭᠦᠳᠡᠯ ᠬᠦᠮᠦᠨ ᠠᠮᠠ ᠶᠢᠨ ᠦᠢᠯᠡᠴᠢᠯᠡᠭᠡ ᠬᠠᠮᠢᠶᠠᠷᠣᠯᠳᠠ ᠶᠢᠨ ᠠᠵᠢᠯ ᠢ ᠢᠳᠡᠪᠬᠢᠳᠠᠢ ᠬᠢᠵᠦ᠂ ᠦᠷ᠎ᠡ ᠭᠡᠣᠭᠡᠳ ᠤᠨ ᠰᠣᠷᠭᠠᠭᠤᠯᠢ ᠳᠤ ᠰᠠᠭᠤᠬᠤ᠂ ᠢᠳᠡᠭᠡᠨ ᠣᠮᠳᠠᠭᠠᠨ ᠤ ᠳᠠᠳᠬᠠᠯ᠂ ᠠᠵᠢᠯ ᠣᠯᠭᠤᠯᠳᠠ ᠦᠢᠯᠡᠰ ᠪᠣᠰᠬᠠᠬᠤ ᠵᠡᠷᠭᠡ ᠲᠠᠯ᠎ᠠ ᠳᠤ ᠵᠣᠬᠢᠴᠠᠭᠤᠯᠣᠨ ᠬᠠᠪᠰᠣᠷᠣᠯᠭ᠎ᠠ ᠦᠵᠡᠭᠦᠯᠵᠦ᠂ ᠬᠤᠳᠠ ᠪᠠᠯᠭᠠᠰᠣᠨ ᠤ ᠦᠨᠳᠦᠰᠦᠳᠡᠨ ᠤ ᠪᠦᠯᠬᠦᠮᠳᠡᠯ ᠢ ᠠᠬᠢᠭᠤᠯᠣᠨ᠎ᠠ᠃ ᠦᠨᠳᠦᠰᠦᠳᠡᠨ ᠤ ᠡᠯᠧᠮᠧᠨ᠋ᠲ ᠲᠤ ᠬᠤᠯᠪᠣᠭᠳᠠᠬᠤ ᠵᠦᠷᠢᠴᠡᠯ ᠮᠦᠷᠭᠦᠯᠳᠡᠭᠡᠨ ᠢ ᠪᠠᠶᠢᠴᠠᠭᠠᠨ ᠡᠶᠡᠳᠡᠭᠦᠯᠬᠦ ᠠᠵᠢᠯ ᠢ ᠵᠣᠬᠢᠶᠠᠨ ᠪᠠᠶᠢᠭᠤᠯᠣᠨ ᠦᠷᠨᠢᠭᠦᠯᠵᠦ᠂ ᠰᠠᠶᠢᠳᠣᠷ ᠰᠢᠢᠳᠪᠦᠷᠢᠯᠡᠵᠦ᠂ ᠦᠨᠳᠦᠰᠦᠳᠡᠨ ᠤ ᠪᠦᠯᠬᠦᠮᠳᠡᠯ ᠢ ᠦᠨᠡᠨᠬᠦ ᠬᠠᠮᠠᠭᠠᠯᠠᠨ᠂ ᠨᠡᠶᠢᠭᠡᠮ ᠲᠣᠭᠳᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠪᠠᠳᠣᠯᠠᠬᠤ ᠬᠡᠷᠡᠭᠳᠠᠢ᠃      ᠭᠤᠷᠪᠡ᠂ ᠠᠵᠢᠯ ᠤᠨ ᠱᠠᠭᠠᠷᠳᠠᠯᠭ᠎ᠠ      ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠭᠡᠷᠡᠭᠳᠡᠢ᠃ ᠡᠯ᠎ᠡ ᠭᠠᠵᠡᠷ ᠡᠯ᠎ᠡ ᠰᠠᠯᠠᠭ᠎ᠠ ᠮᠦᠴᠢᠷ ᠦᠨᠳᠤᠰᠤᠳᠠᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ  ᠶᠢ ᠴᠢᠬᠤᠯᠠ ᠠᠵᠢᠯ ᠪᠤᠯᠭᠠᠨ ᠠᠳᠬᠤᠵᠦ᠂ ᠤᠬᠠᠭᠤᠯᠭ᠎ᠠ ᠶᠢᠨ ᠰᠠᠷ᠎ᠡ ᠶᠢᠨ ᠠᠵᠢᠯᠯᠠᠭ᠎ᠠ ᠶᠢᠨ ᠭᠤᠤᠯ ᠰᠡᠳᠤᠪ ᠤᠨ ᠲᠤᠭᠤᠷᠢᠨ ᠳᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠲᠦᠰᠦᠯ ᠲᠤᠭᠳᠠᠭᠠᠬᠤ ᠶᠢᠨ ᠬᠠᠮᠳᠤ᠂ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠦ᠂ ᠡᠬᠦᠷᠭᠡ ᠬᠠᠷᠢᠭᠤᠴᠠᠯᠭ᠎ᠠ ᠲᠤᠳᠤᠷᠬᠠᠢ᠂ ᠪᠠᠶᠢᠷᠢᠯᠠᠭᠤᠯᠤᠯᠳᠠ ᠬᠦᠢᠴᠡᠳ᠂ ᠠᠷᠭ᠎ᠠ ᠪᠡᠷᠢᠯ ᠬᠦᠴᠦᠳᠠᠢ ᠪᠠᠶᠢᠬᠤ ᠶᠢ ᠪᠠᠶᠠᠯᠠᠬᠦᠯᠵᠦ᠂ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ ᠭᠡᠷᠡᠭᠳᠡᠢ᠃      ︵ᠬᠤᠶᠠᠷ︶ ᠨᠠᠷᠢᠯᠢᠭ ᠵᠤᠬᠢᠶᠠᠨ ᠪᠠᠶᠢᠭᠤᠯᠵᠦ᠂ ᠰᠢᠨᠡᠴᠢᠯᠠᠯᠳᠠ ᠶᠢ ᠴᠢᠬᠤᠯᠠᠴᠢᠯᠠᠬᠤ ᠭᠡᠷᠡᠭᠳᠡᠢ᠃ ᠡᠯ᠎ᠡ ᠭᠠᠵᠡᠷ ᠡᠯ᠎ᠡ ᠰᠠᠯᠠᠭ᠎ᠠ ᠮᠦᠴᠢᠷ ᠠᠵᠢᠯᠯᠠᠭᠠᠨ ᠤ ᠰᠠᠷ᠎ᠠ ᠶᠢᠨ ᠭᠤᠤᠯ ᠰᠡᠳᠤᠪ ᠤᠨ ᠲᠤᠭᠤᠷᠢᠨ ᠳᠤ᠂ ᠡᠬᠦᠷᠭᠡ ᠬᠠᠷᠢᠭᠤᠴᠠᠯᠭ᠎ᠠ ᠲᠤᠳᠤᠷᠬᠠᠢ᠂ ᠪᠠᠶᠢᠷᠢᠯᠠᠭᠤᠯᠤᠯᠳᠠ ᠬᠦᠢᠴᠡᠳ᠂ ᠠᠷᠭ᠎ᠠ ᠪᠡᠷᠢᠯ ᠬᠦᠴᠦᠳᠠᠢ ᠪᠠᠶᠢᠬᠤ ᠶᠢ ᠪᠠᠶᠠᠯᠠᠬᠦᠯᠬᠦ ᠭᠡᠷᠡᠭᠳᠡᠢ᠃ ᠰᠢᠨ᠎ᠡ ᠴᠠᠭ ᠦᠶ᠎ᠠ ᠶᠢᠨ ᠱᠠᠭᠠᠷᠳᠠᠯᠭ᠎ᠠ ᠲᠠᠢ ᠵᠤᠬᠢᠴᠠᠭᠤᠯᠵᠦ᠂ ᠠᠵᠢᠯᠯᠠᠭ᠎ᠠ ᠶᠢᠨ ᠠᠷᠭ᠎ᠠ ᠪᠡᠷᠢᠯ ᠢᠶᠠᠨ ᠰᠢᠨᠡᠴᠢᠯᠠᠵᠦ᠂ ︽ᠢᠨᠲ᠋ᠧᠷᠨᠧᠲ ᠰᠦᠯᠵᠢᠶ᠎ᠠ + ᠦᠨᠳᠤᠰᠤᠳᠠᠨ ᠤ ᠪᠦᠯᠬᠦᠮᠳᠠᠯ︾ ᠤᠨ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ ᠬᠠᠮ ᠵᠠᠭᠤᠴᠢᠯᠠᠭᠤᠷ ᠤᠨ ᠴᠠᠭ ᠦᠶ᠎ᠠ ᠶᠢᠨ ᠡᠯ᠎ᠡ ᠵᠦᠢᠯ ᠤᠨ ᠵᠠᠭᠤᠴᠢ ᠶᠢ ᠠᠰᠢᠭᠯᠠᠵᠦ᠂ ᠠᠵᠢᠯᠯᠠᠭᠠᠨ ᠤ ᠰᠠᠷ᠎ᠠ ᠶᠢᠨ ᠨᠡᠶᠢᠬᠡᠮ ᠳᠤ ᠦᠵᠡᠬᠦᠯᠬᠦ ᠨᠦᠯᠦᠬᠡ ᠶᠢ ᠴᠢᠷᠮᠡᠶᠢᠨ ᠦᠷᠭᠡᠳᠭᠡᠵᠦ᠂ ᠦᠨᠳᠤᠰᠤᠳᠠᠨ ᠤ ᠪᠦᠯᠬᠦᠮᠳᠠᠯ ᠲᠡᠪᠰᠢᠯᠳᠠ ᠶᠢᠨ ᠭᠤᠤᠯ ᠬᠦᠭ ᠠᠶᠠᠰ ᠢ ᠬᠠᠩᠬᠢᠨᠠᠭᠤᠯᠬᠤ ᠭᠡᠷᠡᠭᠳᠡᠢ᠃      ︵ᠭᠤᠷᠪᠡ︶ ᠱᠠᠭᠠᠷᠳᠠᠨ ᠪᠠᠶᠢᠴᠠᠭᠠᠵᠦ ᠵᠢᠭᠠᠨ ᠵᠢᠯᠤᠭᠤᠳᠤᠯᠭ᠎ᠠ ᠪᠠᠨ ᠴᠢᠩᠭᠠᠳᠬᠠᠬᠤ ᠭᠡᠷᠡᠭᠳᠡᠢ᠃ ᠬᠤᠰᠢᠭᠤ ᠨᠡᠮ ᠤᠨ ᠬᠤᠷᠢᠶᠠᠨ ᠤ ᠱᠠᠭᠠᠷᠳᠠᠨ ᠪᠠᠶᠢᠴᠠᠭᠠᠬᠤ ᠲᠠᠰᠤᠭ᠂ ᠬᠤᠰᠢᠭᠤ ᠨᠡᠮ ᠤᠨ ᠬᠤᠷᠢᠶᠠᠨ ᠤ ᠤᠬᠠᠭᠤᠯᠬᠤ ᠭᠡᠯᠳᠡᠰ ᠂ ᠬᠤᠰᠢᠭᠤ ᠨᠡᠮ ᠤᠨ ᠬᠤᠷᠢᠶᠠᠨ ᠤ ᠨᠢᠬᠡᠳᠤᠮᠠᠯ ᠹᠷᠤᠨᠲ ᠤᠨ ᠬᠡᠯᠳᠡᠰ᠂ ᠬᠤᠰᠢᠭᠤ ᠦᠨᠳᠤᠰᠤᠳᠠᠨ ᠤ ᠭᠡᠷᠡᠭ ᠡᠷᠬᠢᠯᠡᠬᠦ ᠵᠦᠪᠯᠡᠯ ᠠᠴᠠ ᠡᠯ᠎ᠡ ᠭᠠᠵᠡᠷ ᠡᠯ᠎ᠡ ᠰᠠᠯᠠᠭ᠎ᠠ ᠮᠦᠴᠢᠷ ᠤᠨ ᠤᠬᠠᠭᠤᠯᠭ᠎ᠠ ᠶᠢᠨ ᠰᠡᠷ᠎ᠡ ᠶᠢᠨ ᠠᠵᠢᠯᠯᠠᠭ᠎ᠠ ᠶᠢ ᠲᠤᠭᠳᠠᠮᠠᠯ ᠪᠤᠰᠤ ᠬᠤᠭᠤᠴᠠᠭ᠎ᠠ ᠲᠠᠢ ᠪᠠᠷ ᠱᠠᠭᠠᠷᠳᠠᠨ ᠪᠠᠶᠢᠴᠠᠭᠠᠵᠦ ᠵᠢᠭᠠᠨ ᠵᠢᠯᠤᠭᠤᠳᠴᠦ᠂ ᠠᠵᠢᠯ ᠢᠶᠠᠨ ᠰᠠᠶᠢᠳᠤᠷ ᠦᠷᠨᠢᠬᠦᠯᠦᠭᠰᠡᠨ ᠦᠬᠡᠢ ᠰᠠᠯᠠᠭ᠎ᠠ ᠮᠦᠴᠢᠷ ᠢ ᠵᠡᠷᠯᠡᠨ ᠰᠢᠬᠦᠮᠵᠢᠯᠡᠬᠦ ᠭᠡᠷᠡᠭᠳᠡᠢ᠃      ᠡᠯ᠎ᠡ ᠭᠠᠵᠡᠷ ᠡᠯ᠎ᠡ ᠰᠠᠯᠠᠭ᠎ᠠ ᠮᠦᠴᠢᠷ ᠡᠷᠭᠡᠪᠰᠢ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠲᠤᠮᠳᠠᠬᠢ ᠰᠠᠶᠢᠨ ᠲᠤᠷᠰᠢᠯᠭ᠎ᠠ ᠪᠡ ᠠᠷᠭ᠎ᠠ ᠬᠢᠳᠡᠯ ᠤᠳ ᠢ ᠨᠡᠷᠢᠨ ᠬᠢᠨᠠᠮᠠᠭᠠᠢ ᠳ᠋ᠦᠩᠨᠡᠵᠦ᠂ ᠠᠵᠢᠯᠯᠠᠭ᠎ᠠ ᠶᠢ ᠦᠷᠨᠢᠬᠦᠯᠦᠭᠰᠡᠨ ᠪᠠᠶᠢᠳᠠᠯ ᠢᠶᠠᠨ ᠴᠠᠭ ᠲᠤᠬᠠᠢ ᠳᠤᠨᠢ ᠲᠡᠭᠡᠭᠰᠢ ᠮᠡᠳᠡᠬᠦᠯᠬᠦ ᠭᠡᠷᠡᠭᠳᠡᠢ᠃ ᠡᠬᠦᠨ ᠤ ᠬᠠᠮᠳᠤ᠂ 10 ᠰᠠᠷ᠎ᠠ ᠶᠢᠨ 1 ᠤ ᠡᠳᠤᠷ ᠠᠴᠠ ᠡᠮᠤᠨ᠎ᠡ ᠤᠬᠠᠭᠤᠯᠭ᠎ᠠ ᠶᠢᠨ ᠰᠡᠷ᠎ᠡ ᠶᠢᠨ ᠠᠵᠢᠯ ᠢᠶᠠᠨ ᠳ᠋ᠦᠩᠨᠡᠭᠡᠳ ᠬᠤᠰᠢᠭᠤ ᠦᠨᠳᠤᠰᠤᠳᠠᠨ ᠤ ᠭᠡᠷᠡᠭ ᠡᠷᠬᠢᠯᠡᠬᠦ ᠵᠦᠪᠯᠡᠯ ᠤᠨ 232 ᠠᠯᠪᠡᠨ ᠭᠡᠷ ᠲᠤ ᠮᠡᠳᠡᠬᠦᠯᠬᠦ ᠭᠡᠷᠡᠭᠳᠡᠢ᠃ ᠡᠯᠧᠺᠲᠷᠤᠨ ᠰᠢᠤᠳᠠᠨ ᠬᠠᠶ᠋ᠢᠭ᠄ sntyqmzj@163.com
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号