︽ᠰᠦᠨᠢᠳ ᠪᠠᠷᠠᠭᠤᠨ ᠬᠤᠰᠢᠭᠤᠨ ᠤ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠨ ᠲᠦᠷᠢᠮᠵᠢᠭᠦᠯᠬᠦ ᠲᠣᠬᠠᠢ ᠵᠢᠯᠣᠭᠤᠳᠬᠤ ᠰᠠᠨᠠᠯ︾ ᠢ ᠲᠠᠷᠣᠮᠠᠯᠯᠠᠨ ᠲᠠᠷᠬᠠᠭᠠᠬᠤ ᠲᠣᠬᠠᠢ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/12/30
     ᠰᠦᠨᠢᠳ ᠪᠠᠷᠠᠭᠤᠨ ᠵᠠᠰᠠᠭ ᠠᠯᠪᠠᠨ ᠲᠠᠷᠬᠠᠭᠠᠭᠰᠠᠨ ﹇2020﹈ 39 ᠳ᠋ᠣᠭᠡᠷ ᠲᠣᠭᠠᠳᠣ     ︽ᠰᠦᠨᠢᠳ ᠪᠠᠷᠠᠭᠤᠨ ᠬᠤᠰᠢᠭᠤᠨ ᠤ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ ᠣᠯᠠᠮ ᠨᠢᠭᠡ     ᠠᠯᠬᠤᠮ ᠴᠢᠩᠭᠠᠳᠬᠠᠨ ᠲᠦᠷᠢᠮᠵᠢᠭᠦᠯᠬᠦ ᠲᠣᠬᠠᠢ ᠵᠢᠯᠣᠭᠤᠳᠬᠤ ᠰᠠᠨᠠᠯ︾ ᠢ ᠲᠠᠷᠣᠮᠠᠯᠯᠠᠨ ᠲᠠᠷᠬᠠᠭᠠᠬᠤ     ᠲᠣᠬᠠᠢ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ᠄      ᠲᠣᠣᠷ᠎ᠠ ︽ᠰᠦᠨᠢᠳ ᠪᠠᠷᠠᠭᠤᠨ ᠬᠤᠰᠢᠭᠤᠨ ᠤ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠨ ᠲᠦᠷᠢᠮᠵᠢᠭᠦᠯᠬᠦ ᠲᠣᠬᠠᠢ ᠵᠢᠯᠣᠭᠤᠳᠬᠤ ᠰᠠᠨᠠᠯ︾ ᠢ ᠲᠠᠨᠠᠷ ᠲᠤ ᠲᠠᠷᠣᠮᠠᠯᠯᠠᠨ ᠲᠠᠷᠬᠠᠭᠠᠯ᠎ᠠ᠂ ᠪᠣᠳᠠᠳᠠᠢ ᠲᠠᠢ ᠪᠠᠨ ᠣᠶᠠᠯᠳᠣᠭᠤᠯᠣᠨ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠣᠨ ᠬᠡᠷᠡᠭᠵᠢᠭᠦᠯᠳᠦᠭᠡᠢ᠃          ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                     2020 ᠣᠨ ᠤ 8 ᠰᠠᠷ᠎ᠠ ᠶᠢᠨ 3 ᠤ ᠡᠳᠦᠷ      ᠰᠦᠨᠢᠳ ᠪᠠᠷᠠᠭᠤᠨ ᠬᠤᠰᠢᠭᠤᠨ ᠤ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ        ᠣᠯᠠᠮ ᠨᠢᠭᠡ ᠠᠯᠬᠤᠮ ᠴᠢᠩᠭᠠᠳᠬᠠᠨ ᠲᠦᠷᠢᠮᠵᠢᠭᠦᠯᠬᠦ ᠲᠣᠬᠠᠢ ᠵᠢᠯᠣᠭᠤᠳᠬᠤ ᠰᠠᠨᠠᠯ      ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠰᠣᠮᠣ ᠰᠢᠶᠠᠩ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠨ ᠲᠦᠷᠢᠮᠵᠢᠭᠦᠯᠬᠦ ᠲᠣᠬᠠᠢ ᠰᠠᠨᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2020﹈ 11 ᠳ᠋ᠣᠭᠡᠷ ᠲᠣᠭᠠᠳᠣ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠳᠠᠢ ᠲᠠᠢ ᠪᠠᠨ ᠣᠶᠠᠯᠳᠣᠭᠤᠯᠵᠣ᠂ ᠣᠨᠴᠠᠭᠠᠶᠢᠯᠠᠨ ᠲᠣᠰ ᠵᠢᠯᠣᠭᠤᠳᠬᠤ ᠰᠠᠨᠠᠯ ᠢ ᠲᠣᠭᠳᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠰᠢ ᠶᠢᠨ ᠫᠢᠩ ᠶᠡᠷᠦᠩᠭᠡᠢ ᠱᠦᠵᠢ ᠶᠢᠨ ᠲᠤᠭ᠎ᠠ ᠪᠦᠷᠢᠳᠭᠡᠯ ᠤᠨ ᠠᠵᠢᠯ ᠤᠨ ᠲᠣᠬᠠᠢ ᠴᠢᠬᠤᠯᠠ ᠶᠡᠷᠢᠶᠡᠨ ᠤ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶᠠᠨ ᠤ ᠲᠤᠭ᠎ᠠ ᠪᠦᠷᠢᠳᠭᠡᠯ ᠤᠨ ᠬᠠᠮᠢᠶᠠᠷᠣᠯᠳᠠ ᠶᠢᠨ ᠪᠠᠶᠢᠭᠤᠯᠣᠯ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢᠨ ᠦᠨᠡᠨ ᠪᠣᠳᠠᠳᠣ ᠴᠢᠨᠠᠷ ᠢ ᠳᠡᠭᠡᠭᠰᠢᠯᠡᠭᠦᠯᠬᠦ ᠲᠣᠬᠠᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠢ ᠲᠣᠣᠱᠯᠠᠭᠤᠯᠵᠣ᠂ ᠪᠦᠬᠦ ᠬᠤᠰᠢᠭᠤᠨ ᠤ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢ ᠠᠬᠢᠭᠤᠯᠵᠣ᠂ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠳᠣᠮᠳᠠ ᠣᠷᠣᠰᠢᠵᠣ ᠪᠠᠶᠢᠭ᠎ᠠ ᠪᠠᠭᠤᠷᠠᠢ ᠭᠤᠭᠴᠤᠭ᠎ᠠ ᠪᠣᠯᠣᠨ ᠲᠣᠪᠣᠶᠢᠮ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠲᠤᠭ᠎ᠠ ᠪᠠᠷᠢᠮᠳᠠ ᠶᠢ ᠡᠬᠢ ᠡᠭᠦᠰᠦᠯ ᠠᠴᠠ ᠨᠢ ᠪᠦᠷᠢᠳᠭᠡᠬᠦ ᠶᠠᠰᠣ ᠴᠢᠨᠠᠷ ᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠴᠠᠭ ᠲᠣᠬᠠᠢ ᠳᠤᠨᠢ ᠪᠦᠬᠦ ᠲᠠᠯ᠎ᠠ ᠶᠢᠨ ᠲᠤᠭ᠎ᠠ ᠪᠦᠷᠢᠳᠭᠡᠯ  ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃      ᠬᠤᠶᠠᠷ᠂ ᠶᠡᠷᠦᠩᠭᠡᠢ ᠬᠠᠷᠠᠯᠳᠠ      2020 ᠣᠨ ᠠᠴᠠ ᠡᠬᠢᠯᠡᠨ᠂ ᠪᠦᠬᠦ ᠬᠤᠰᠢᠭᠤᠨ ᠤ ᠬᠡᠪᠴᠢᠶᠡᠨ ᠳᠤ ᠬᠤᠶᠠᠷ ᠵᠢᠯ ᠤᠨ ᠬᠤᠭᠤᠴᠠᠭ᠎ᠠ ᠲᠠᠢ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠠᠵᠢᠯᠯᠠᠭ᠎ᠠ ᠶᠢ ᠦᠷᠨᠢᠭᠦᠯᠵᠦ᠂ ᠭᠠᠵᠠᠷ ᠣᠷᠣᠨ ᠳᠤᠨᠢ ᠲᠣᠬᠢᠷᠠᠭᠤᠯᠣᠨ᠂ ᠬᠠᠮᠳᠣᠪᠡᠷ ᠬᠦᠳᠡᠯᠦᠯᠴᠡᠨ᠂ ᠨᠢᠭᠡᠳᠦᠯᠳᠠᠢ ᠪᠠᠷᠢᠮᠵᠢᠶ᠎ᠠ ᠲᠠᠢ ᠂ ᠲᠦᠷᠢᠮᠵᠢᠭᠰᠡᠨ ᠡᠮᠬᠢ ᠳᠠᠷᠠᠭᠠᠯᠠᠯ ᠲᠠᠢ ᠪᠠᠶᠢᠬᠤ ᠵᠠᠷᠴᠢᠮ ᠶᠣᠰᠣᠭᠠᠷ᠂ ᠰᠣᠮᠣ ᠪᠠᠯᠭᠠᠰᠣᠨ ᠤ ᠲᠤᠭ᠎ᠠ ᠪᠦᠷᠢᠳᠭᠡᠯ  ᠤᠨ ᠠᠵᠢᠯ ᠤᠨ ︽ᠨᠠᠢᠮᠠ ᠶᠢ ᠪᠦᠷᠢᠳᠦᠭᠦᠯᠵᠦ᠂ ᠨᠠᠢᠮᠠ ᠶᠢ ᠲᠦᠷᠢᠮᠵᠢᠭᠦᠯᠬᠦ︾  ︵ᠣᠷᠣᠨ ᠲᠤᠭ᠎ᠠ᠂ ᠠᠵᠢᠯᠳᠠᠨ᠂ ᠵᠠᠷᠣᠳᠠᠯ᠂ ᠲᠠᠯᠠᠪᠣᠷ᠂ ᠲᠦᠬᠦᠭᠡᠷᠦᠮᠵᠢ᠂ ᠲᠣᠣᠷ ᠰᠦᠯᠵᠢᠶ᠎ᠡ᠂ ᠲᠦᠷᠢᠮ ᠲᠣᠭᠳᠠᠭᠠᠯ᠂ ᠪᠣᠯᠪᠠᠰᠣᠷᠠᠯ ᠲᠠᠢ ᠪᠠᠶᠢᠬᠤ ᠶᠢ ᠪᠦᠷᠢᠳᠦᠭᠦᠯᠵᠦ᠂ ᠲᠤᠭ᠎ᠠ ᠪᠦᠷᠢᠳᠭᠡᠯ ᠤᠨ ᠬᠠᠮᠢᠶᠠᠷᠣᠯᠳᠠ ᠶᠢᠨ ᠲᠦᠷᠢᠮᠵᠢᠭᠰᠡᠨ᠂ ᠲᠤᠭ᠎ᠠ ᠪᠦᠷᠢᠳᠭᠡᠯ ᠤᠨ ᠠᠵᠢᠯᠳᠠᠨ ᠲᠣᠰᠬᠠᠶᠢᠵᠢᠭᠰᠠᠨ᠂ ᠲᠤᠭ᠎ᠠ ᠪᠦᠷᠢᠳᠭᠡᠯ ᠤᠨ ᠮᠡᠳᠡᠭᠦᠯᠦᠯᠳᠡ ᠶᠢᠨ ᠬᠦᠰᠦᠨᠦᠭᠲᠦ ᠪᠠᠷᠢᠮᠵᠢᠶᠠᠵᠢᠭᠰᠠᠨ᠂ ᠲᠤᠭ᠎ᠠ ᠪᠦᠷᠢᠳᠭᠡᠯ ᠤᠨ ᠳᠠᠩᠰᠠ ᠡᠪᠬᠡᠮᠡᠯ ᠡᠯᠧᠺᠲᠷᠣᠨᠴᠢᠯᠠᠭᠰᠠᠨ᠂ ᠲᠤᠭ᠎ᠠ ᠪᠦᠷᠢᠳᠭᠡᠯ ᠤᠨ ᠪᠢᠴᠢᠭ ᠮᠠᠲ᠋ᠧᠷᠢᠶᠠᠯ ᠢ ᠳᠠᠩᠰᠠᠯᠠᠭᠰᠠᠨ᠂ ᠲᠤᠭ᠎ᠠ ᠪᠦᠷᠢᠳᠭᠡᠯ ᠤᠨ ᠠᠵᠢᠯ ᠬᠠᠣᠯᠢᠵᠢᠭᠰᠠᠨ᠂ ᠲᠤᠭ᠎ᠠ ᠪᠦᠷᠢᠳᠭᠡᠯ ᠤᠨ ᠮᠡᠳᠡᠭᠡ ᠵᠠᠩᠭᠢ ᠲᠣᠣᠷ ᠰᠦᠯᠵᠢᠶᠡᠵᠢᠭᠰᠡᠨ᠂ ᠲᠤᠭ᠎ᠠ ᠪᠦᠷᠢᠳᠭᠡᠯ ᠤᠨ ᠣᠬᠠᠭᠤᠯᠭ᠎ᠠ ᠶᠢ ᠪᠠᠶᠢᠩᠭᠤᠴᠢᠯᠠᠭᠰᠠᠨ︶ ᠢᠶᠠᠷ ᠬᠠᠷᠠᠯᠳᠠ ᠪᠣᠯᠭᠠᠵᠣ᠂ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠰᠠᠭᠤᠷᠢ ᠪᠦᠲᠦᠭᠡᠨ ᠪᠠᠶᠢᠭᠤᠯᠣᠯᠳᠠ ᠵᠢᠨ‌ᠠᠬᠢᠴᠠ ᠶᠢ ᠲᠦᠷᠭᠡᠳᠭᠡᠵᠦ᠂ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ ᠬᠠᠮᠢᠶᠠᠷᠣᠯᠳᠠ ᠶᠢ ᠲᠦᠷᠢᠮᠵᠢᠭᠦᠯᠵᠦ᠂ ᠡᠬᠢ ᠡᠭᠦᠰᠦᠯ ᠤᠨ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢᠨ ᠶᠠᠰᠣ ᠴᠢᠨᠠᠷ ᠢ ᠳᠡᠭᠡᠭᠰᠢᠯᠡᠭᠦᠯᠵᠦ᠂ ᠪᠦᠬᠦ ᠬᠤᠰᠢᠭᠤᠨ  ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠲᠤᠭ᠎ᠠ ᠪᠦᠷᠢᠳᠭᠡᠯ ᠤᠨ ᠲᠣᠯᠭᠠᠭᠤᠷᠢ ᠬᠦᠴᠦᠨ ᠢ ᠬᠠᠩᠭᠠᠨ᠎ᠠ᠃      ᠭᠤᠷᠪᠠ᠂ ᠠᠵᠢᠯ ᠤᠨ ᠡᠭᠦᠷᠭᠡ      ︵ᠨᠢᠭᠡ︶ ᠲᠤᠭ᠎ᠠ ᠪᠦᠷᠢᠳᠭᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ᠂ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ ᠬᠦᠴᠦᠨ ᠢ ᠴᠢᠩᠭᠠᠳᠬᠠᠨ᠎ᠠ᠃      1. ᠡᠭᠦᠷᠭᠡ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠎ᠠ᠃ ᠡᠯ᠎ᠡ ᠰᠣᠮᠣ ᠪᠠᠯᠭᠠᠰᠣᠨ ᠤ ᠵᠠᠰᠠᠭ ᠤᠨ ᠣᠷᠳᠣᠨ ᠪᠣᠯ ᠲᠤᠭ᠎ᠠ ᠪᠦᠷᠢᠳᠭᠡᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠠᠶᠢᠵᠣ᠂ ᠬᠠᠷᠢᠶ᠎ᠠ ᠣᠷᠣᠨ ᠲᠣᠳᠣᠷᠠᠬᠢ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠠᠵᠢᠯ ᠢ ᠨᠢᠭᠡᠳᠦᠯᠳᠠᠢ ᠲᠦᠯᠦᠪᠯᠡᠬᠦ ᠶᠢ ᠬᠠᠷᠢᠭᠤᠴᠠᠵᠣ᠂ ᠲᠣᠰ ᠱᠠᠳᠣᠨ ᠤ ᠪᠠᠨ ᠲᠦᠷᠢᠮᠵᠢᠭᠰᠡᠨ ᠪᠠᠶᠢᠭᠤᠯᠣᠯᠳᠠ  ᠶᠢᠨ ᠶᠠᠰᠣ ᠴᠢᠨᠠᠷ ᠤᠨ ᠶᠡᠷᠦᠩᠭᠡᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠯ᠎ᠡ ᠰᠣᠮᠣ ᠪᠠᠯᠭᠠᠰᠣᠨ ᠤ ᠵᠠᠰᠠᠭ ᠤᠨ ᠣᠷᠳᠣᠨ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢ ᠴᠢᠬᠤᠯᠠ ᠵᠦᠪᠯᠡᠬᠦ ᠵᠦᠢᠯ ᠳᠡᠭᠡᠨ ᠣᠷᠣᠭᠤᠯᠵᠣ᠂ ᠲᠦᠷᠢᠮᠵᠢᠭᠰᠡᠨ ᠪᠠᠶᠢᠭᠤᠯᠣᠯᠳᠠ ᠳᠣᠮᠳᠠ ᠣᠷᠣᠰᠢᠵᠣ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ ᠨᠢᠭᠡᠳᠦᠯᠳᠠᠢ ᠵᠣᠬᠢᠴᠠᠭᠤᠯᠣᠨ ᠰᠢᠢᠳᠪᠦᠷᠢᠯᠡᠨ᠎ᠡ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤᠨ ᠰᠠᠭᠤᠭᠠᠯᠢ ᠠᠷᠠᠳ ᠤᠨ ᠵᠦᠪᠯᠡᠯ ᠤᠨ ᠲᠤᠭ᠎ᠠ ᠪᠦᠷᠢᠳᠭᠡᠯ ᠤᠨ ᠲᠦᠷᠢᠮ ᠲᠣᠭᠳᠠᠭᠠᠯ ᠶᠣᠰᠣᠭᠠᠷ ᠲᠤᠭ᠎ᠠ ᠪᠠᠷᠢᠮᠳᠠ ᠶᠢ ᠪᠠᠶᠢᠴᠠᠭᠠᠨ ᠴᠣᠭᠯᠠᠭᠤᠯᠬᠤ ᠶᠢ ᠨᠢ ᠵᠢᠯᠣᠭᠤᠳᠣᠨ᠎ᠠ᠃ ᠬᠦᠮᠦᠨ ᠠᠮᠠ᠂ ᠲᠠᠷᠢᠶᠠᠯᠠᠩ ᠮᠠᠯ ᠠᠵᠣ ᠠᠬᠤᠢ᠂ ᠠᠵᠣ ᠠᠬᠤᠢ ᠵᠡᠷᠭᠡ ᠴᠢᠬᠤᠯᠠ ᠶᠡᠭᠡ ᠣᠯᠣᠰ ᠤᠨ ᠪᠠᠶᠢᠳᠠᠯ ᠣᠯᠣᠰ ᠤᠨ ᠬᠦᠴᠦᠨ ᠤ ᠨᠡᠶᠢᠳᠡᠮ ᠪᠠᠶᠢᠴᠠᠭᠠᠯᠳᠠ ᠪᠣᠯᠣᠨ ᠳᠡᠭᠡᠲᠦ ᠱᠠᠳᠣᠨ ᠤ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠠᠴᠠ ᠪᠠᠶᠢᠷᠢᠯᠠᠭᠤᠯᠣᠭᠰᠠᠨ ᠡᠯ᠎ᠡ ᠲᠦᠷᠦᠯ ᠤᠨ ᠪᠦᠷᠢᠳᠭᠡᠨ ᠪᠠᠶᠢᠴᠠᠭᠠᠬᠤ ᠡᠭᠦᠷᠭᠡ ᠶᠢ ᠪᠡᠶᠡᠯᠡᠭᠦᠯᠵᠦ᠂ ᠬᠦᠳᠡᠭᠡ ᠲᠣᠰᠬᠤᠨ ᠤ ᠺᠠᠷᠲ ᠢ ᠲᠠᠭᠯᠠᠨ ᠮᠡᠳᠡᠭᠦᠯᠬᠦ᠂ ᠲᠠᠷᠢᠶᠠᠯᠠᠩ᠂ ᠣᠢ ᠰᠢᠭᠤᠢ᠂ ᠮᠠᠯᠵᠢᠯ᠂ ᠵᠢᠭᠠᠰᠣᠨ ᠠᠵᠣ ᠠᠬᠤᠢ ᠶᠢᠨ ᠲᠤᠭ᠎ᠠ ᠪᠦᠷᠢᠳᠭᠡᠯ᠂ ᠮᠠᠯ ᠠᠵᠣ ᠠᠬᠤᠢ  ᠶᠢᠨ ᠪᠠᠶᠢᠴᠠᠭᠠᠯᠳᠠ᠂ ᠦᠨᠳᠦᠰᠦᠨ ᠨᠢᠭᠡᠴᠡ ᠶᠢᠨ ᠨᠡᠷᠡᠰ ᠤᠨ ᠬᠦᠮᠦᠷᠭᠡ ᠶᠢᠨ ᠬᠠᠮᠠᠭᠠᠯᠠᠯᠳᠠ ᠵᠡᠷᠭᠡ ᠶᠢ ᠪᠠᠭᠳᠠᠭᠠᠨ᠎ᠠ᠃ ᠪᠦᠷᠢᠳᠭᠡᠭᠰᠡᠨ ᠲᠤᠭ᠎ᠠ ᠪᠠᠷᠢᠮᠳᠠ ᠶᠢ ᠭᠠᠳᠠᠭᠰᠢ ᠬᠠᠩᠭᠠᠬᠤ ᠪᠠ ᠬᠡᠷᠡᠭᠯᠡᠬᠦ ᠳᠤ ᠳᠡᠭᠡᠲᠦ ᠱᠠᠳᠣᠨ ᠤ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠤᠨ ᠬᠠᠷᠭᠤᠭᠤᠯᠣᠨ ᠲᠣᠭᠳᠠᠭᠠᠭᠰᠠᠨ ᠲᠤᠭ᠎ᠠ ᠪᠠᠷᠢᠮᠳᠠ ᠪᠠᠷ ᠪᠠᠷᠢᠮᠵᠢᠶ᠎ᠠ ᠪᠣᠯᠭᠠᠨ᠎ᠠ      2᠂ ᠡᠭᠦᠷᠭᠡ ᠲᠣᠰᠢᠶᠠᠯ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠡᠯ᠎ᠡ ᠰᠣᠮᠣ ᠪᠠᠯᠭᠠᠰᠣᠨ ᠤ ᠵᠠᠰᠠᠭ ᠤᠨ ᠣᠷᠳᠣᠨ ᠬᠠᠣᠯᠢ ᠶᠣᠰᠣᠭᠠᠷ ᠡᠭᠦᠷᠭᠡ ᠲᠣᠰᠢᠶᠠᠯ ᠢᠶᠠᠨ ᠭᠦᠢᠴᠡᠳᠭᠡᠵᠦ᠂ ᠲᠤᠭ᠎ᠠ ᠪᠦᠷᠢᠳᠭᠡᠯ ᠤᠨ ᠠᠵᠢᠯ  ᠤᠨ ᠪᠠᠶᠢᠷᠢ ᠶᠢ ᠲᠣᠬᠢᠷᠠᠭᠤᠯᠵᠣ᠂ ᠲᠤᠭ᠎ᠠ ᠪᠦᠷᠢᠳᠭᠡᠯ ᠤᠨ ᠠᠵᠢᠯ ᠢ ᠬᠤᠪᠢᠳᠠᠨ ᠬᠠᠮᠢᠶᠠᠷᠬᠤ ᠣᠳᠣᠷᠢᠳᠣᠯᠭ᠎ᠠ ᠶᠢ ᠲᠣᠳᠣᠷᠬᠠᠶᠢᠯᠠᠵᠣ᠂ ᠲᠤᠭ᠎ᠠ ᠪᠦᠷᠢᠳᠭᠡᠯ ᠤᠨ ᠠᠵᠢᠯ ᠡᠭᠦᠷᠭᠡ ᠳᠤ ᠨᠡᠶᠢᠴᠡᠬᠦ ᠲᠣᠰᠬᠠᠢ ᠪᠣᠶᠣ ᠬᠠᠪᠰᠣᠷᠭᠠᠭᠰᠠᠨ ᠲᠤᠭ᠎ᠠ ᠪᠦᠷᠢᠳᠭᠡᠯ ᠤᠨ ᠠᠵᠢᠯ ᠤᠨ ᠠᠵᠢᠯᠳᠠᠨ ᠢ ᠲᠣᠬᠢᠷᠠᠭᠤᠯᠣᠨ᠎ᠠ᠃ ᠲᠤᠭ᠎ᠠ ᠪᠦᠷᠢᠳᠭᠡᠯ ᠤᠨ ᠠᠵᠢᠯᠳᠠᠨ ᠵᠣᠬᠢᠬᠤ ᠬᠡᠮᠵᠢᠶ᠎ᠡ ᠪᠠᠷ ᠲᠣᠭᠳᠠᠪᠣᠷᠢᠳᠠᠢ ᠪᠠᠶᠢᠬᠤ ᠶᠢ ᠪᠠᠳᠣᠯᠠᠵᠣ᠂ ᠲᠤᠭ᠎ᠠ ᠪᠦᠷᠢᠳᠭᠡᠯ ᠤᠨ ᠠᠵᠢᠯ ᠢ ᠭᠡᠪ ᠤᠨ ᠪᠠᠶᠢᠳᠠᠯ ᠢᠶᠠᠷ ᠦᠷᠨᠢᠭᠦᠯᠬᠦ ᠶᠢ ᠪᠠᠳᠣᠯᠠᠬᠤ ᠬᠡᠷᠡᠭᠳᠠᠢ᠃ ᠡᠯ᠎ᠡ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠤᠨ ᠠᠵᠢᠯᠳᠠᠨ ᠬᠤᠪᠢᠷᠠᠯᠳᠠ ᠭᠠᠷᠴᠣ ᠲᠣᠬᠢᠷᠠᠭᠤᠯᠣᠯᠳᠠ ᠬᠢᠬᠦ ᠦᠶᠡᠰ ᠲᠤ᠂ ᠬᠤᠰᠢᠭᠤ ᠲᠤᠭ᠎ᠠ ᠪᠦᠷᠢᠳᠭᠡᠯ ᠤᠨ ᠲᠣᠪᠴᠢᠶᠠᠨ ᠤ ᠵᠦᠪᠰᠢᠶᠡᠷᠡᠯ ᠢ ᠣᠯᠣᠭᠰᠠᠨ ᠤ ᠳᠠᠷᠠᠭ᠎ᠠ ᠳᠠᠩᠰᠠᠯᠠᠭᠤᠯᠣᠨ᠎ᠠ᠃ ᠬᠤᠰᠢᠭᠤ ᠲᠤᠭ᠎ᠠ ᠪᠦᠷᠢᠳᠭᠡᠯ ᠤᠨ ᠲᠣᠪᠴᠢᠶ᠎ᠠ ᠱᠠᠭᠠᠷᠳᠠᠯᠭ᠎ᠠ ᠶᠣᠰᠣᠭᠠᠷ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠤᠨ ᠠᠵᠢᠯᠳᠠᠨ ᠤ ᠡᠯᠧᠺᠲᠷᠣᠨ ᠮᠡᠳᠡᠭᠡ ᠵᠠᠩᠭᠢ ᠶᠢᠨ ᠬᠦᠮᠦᠷᠭᠡ ᠶᠢ ᠴᠠᠭ ᠲᠣᠬᠠᠢ ᠳᠤᠨᠢ ᠬᠠᠮᠠᠭᠠᠯᠠᠨ ᠰᠢᠨᠡᠴᠢᠯᠡᠬᠦ ᠬᠡᠷᠡᠭᠳᠠᠢ᠃      3. ᠠᠵᠢᠯᠳᠠᠨ ᠤ ᠭᠡᠪ ᠪᠣᠯᠪᠠᠰᠣᠷᠠᠯ ᠢ ᠳᠡᠭᠡᠭᠰᠢᠯᠡᠭᠦᠯᠦᠨ᠎ᠡ᠃ ᠬᠤᠰᠢᠭᠤ ᠲᠤᠭ᠎ᠠ ᠪᠦᠷᠢᠳᠭᠡᠯ ᠤᠨ ᠲᠣᠪᠴᠢᠶ᠎ᠠ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯᠳᠠᠳ ᠲᠤ ᠲᠤᠭ᠎ᠠ ᠪᠦᠷᠢᠳᠭᠡᠯ ᠤᠨ ᠰᠢᠨ᠎ᠡ ᠮᠡᠳᠡᠯᠭᠡ᠂ ᠰᠢᠨ᠎ᠡ ᠮᠡᠷᠭᠡᠵᠢᠯ᠂ ᠲᠤᠭ᠎ᠠ ᠪᠦᠷᠢᠳᠭᠡᠯ ᠤᠨ ᠬᠠᠣᠯᠢ ᠴᠠᠭᠠᠵᠠ ᠬᠠᠣᠯᠢ ᠲᠦᠷᠢᠮ ᠪᠣᠯᠣᠨ ᠠᠵᠢᠯ ᠮᠡᠷᠭᠡᠵᠢᠯ ᠤᠨ ᠶᠣᠰᠣ ᠰᠣᠷᠳᠠᠬᠤᠨ ᠤ ᠲᠣᠬᠠᠢ ᠪᠣᠯᠪᠠᠰᠣᠷᠠᠯ ᠬᠦᠮᠦᠵᠢᠯ ᠬᠦᠷᠳᠡᠭᠡᠬᠦ ᠬᠦᠴᠦᠨ ᠢᠶᠠᠨ ᠨᠡᠮᠡᠭᠳᠡᠭᠦᠯᠵᠦ᠂ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠪᠣᠯᠪᠠᠰᠣᠷᠠᠯ ᠢ ᠣᠨ ᠤ ᠪᠣᠯᠪᠠᠰᠣᠷᠠᠯ ᠤᠨ ᠲᠦᠯᠦᠪᠯᠡᠭᠡ ᠳᠤ ᠣᠷᠣᠭᠤᠯᠵᠣ᠂ ᠲᠤᠭ᠎ᠠ ᠪᠦᠷᠢᠳᠭᠡᠯ ᠤᠨ ᠲᠣᠬᠠᠶᠢᠯᠠᠭᠰᠠᠨ ᠠᠵᠢᠯ ᠤᠨ ᠲᠣᠰᠬᠠᠢ ᠰᠡᠳᠦᠪᠳᠦ ᠪᠣᠯᠪᠠᠰᠣᠷᠠᠯ᠂ ᠬᠤᠷᠠᠯ ᠢᠶᠠᠷ ᠪᠣᠯᠪᠠᠰᠣᠷᠠᠯ  ᠢ ᠣᠷᠣᠯᠠᠭᠤᠯᠬᠤ᠂ ᠰᠣᠷᠣᠯᠴᠠᠵᠣ ᠰᠣᠯᠢᠯᠴᠠᠬᠤ ᠵᠡᠷᠭᠡ ᠣᠯᠠᠨ ᠬᠡᠯᠪᠡᠷᠢ ᠮᠠᠶ᠋ᠢᠭ ᠢᠶᠠᠷ ᠪᠣᠯᠪᠠᠰᠣᠷᠠᠯ ᠦᠷᠨᠢᠭᠦᠯᠵᠦ᠂ ᠲᠤᠭ᠎ᠠ ᠪᠦᠷᠢᠳᠭᠡᠯ ᠤᠨ ᠠᠵᠢᠯᠳᠠᠨ ᠤ ᠲᠣᠬᠠᠶᠢᠯᠠᠭᠰᠠᠨ ᠠᠵᠢᠯ ᠤᠨ ᠬᠡᠪ ᠪᠣᠯᠪᠠᠰᠣᠷᠠᠯ ᠪᠣᠯᠣᠨ ᠠᠵᠢᠯ ᠮᠡᠷᠭᠡᠵᠢᠯ ᠤᠨ ᠶᠣᠰᠣ ᠰᠣᠷᠳᠠᠬᠤᠨ ᠤ ᠬᠢᠷᠢ ᠲᠦᠪᠰᠢᠨ ᠢ ᠲᠠᠰᠣᠷᠠᠯᠳᠠ ᠦᠭᠡᠢ ᠳᠡᠭᠡᠭᠰᠢᠯᠡᠭᠦᠯᠵᠦ᠂ ᠲᠣᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠣᠷᠳᠠᠯ ᠯᠠᠪᠳᠠᠭᠤᠨ ᠪᠠᠳᠣᠳᠠᠢ᠂ ᠲᠤᠭ᠎ᠠ ᠪᠦᠷᠢᠳᠭᠡᠯ ᠤᠨ ᠦᠭᠡᠷᠡᠴᠢᠯᠡᠯᠳᠡ ᠪᠣᠯᠣᠨ ᠬᠦᠭᠵᠢᠯᠳᠡ ᠶᠢᠨ ᠱᠠᠭᠠᠷᠳᠠᠯᠭ᠎ᠠ ᠳᠤ  ᠨᠡᠶᠢᠴᠡᠬᠦ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠺᠠᠳ᠋ᠷ ᠤᠨ ᠡᠩᠨᠡᠭᠡ ᠶᠢ ᠴᠢᠷᠮᠠᠶᠢᠨ ᠡᠭᠦᠳᠦᠨ᠎ᠡ᠃      ︵ᠬᠤᠶᠠᠷ︶ ᠲᠤᠭ᠎ᠠ ᠪᠦᠷᠢᠳᠭᠡᠯ ᠤᠨ ᠠᠵᠢᠯ ᠤᠨ ᠨᠦᠬᠦᠴᠡᠯ ᠢ ᠰᠠᠶᠢᠵᠢᠷᠠᠭᠤᠯᠣᠨ᠎ᠠ᠃      1. ᠲᠤᠭ᠎ᠠ ᠪᠦᠷᠢᠳᠭᠡᠯ ᠤᠨ ᠠᠵᠢᠯ ᠤᠨ ᠵᠠᠷᠣᠳᠠᠯ ᠢ ᠪᠠᠳᠣᠯᠠᠨ᠎ᠠ᠃ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠳᠠᠬᠢ ᠣᠷᠣᠭᠤᠯᠣᠯᠳᠠ ᠶᠢ ᠨᠡᠮᠡᠭᠳᠡᠭᠦᠯᠵᠦ᠂ ᠲᠤᠭ᠎ᠠ ᠪᠦᠷᠢᠳᠭᠡᠯ ᠤᠨ ᠠᠵᠢᠯ ᠤᠨ ᠵᠠᠷᠣᠳᠠᠯ ᠢ ᠣᠨ ᠤ ᠡᠳ᠋ ᠤᠨ ᠵᠠᠰᠠᠭ ᠤᠨ ᠲᠦᠰᠦᠪ ᠲᠤ ᠣᠷᠣᠭᠤᠯᠵᠣ᠂ ᠲᠤᠭ᠎ᠠ ᠪᠦᠷᠢᠳᠭᠡᠯ ᠤᠨ ᠠᠵᠢᠯ ᠤᠨ ᠵᠠᠷᠣᠳᠠᠯ ᠢ ᠪᠠᠳᠣᠯᠠᠬᠤ ᠣᠷᠳᠣ ᠬᠤᠭᠤᠴᠠᠭᠠᠨ ᠤ ᠪᠦᠲᠦᠮᠵᠢᠳᠠᠢ ᠵᠣᠬᠢᠴᠠᠮᠵᠢ ᠶᠢ ᠪᠠᠶᠢᠭᠤᠯᠵᠣ᠂ ᠡᠳᠦᠷ ᠲᠣᠳᠣᠮ ᠤᠨ ᠲᠤᠭ᠎ᠠ ᠪᠦᠷᠢᠳᠭᠡᠯ ᠤᠨ ᠠᠵᠢᠯ ᠦᠷᠨᠢᠭᠦᠯᠬᠦ ᠪᠣᠯᠣᠨ ᠡᠯ᠎ᠡ ᠲᠦᠷᠦᠯ ᠤᠨ ᠨᠡᠶᠢᠳᠡᠮ ᠪᠠᠶᠢᠴᠠᠭᠠᠯᠳᠠ ᠳᠤ ᠬᠡᠷᠡᠭᠰᠡᠬᠦ ᠵᠠᠷᠣᠳᠠᠯ ᠢ ᠪᠠᠳᠣᠯᠠᠨ᠎ᠠ᠃      2. ᠲᠤᠭ᠎ᠠ ᠪᠦᠷᠢᠳᠭᠡᠯ ᠤᠨ ᠠᠵᠢᠯ ᠤᠨ ᠠᠯᠪᠠᠯᠠᠬᠤ ᠨᠦᠬᠦᠴᠡᠯ ᠢ ᠰᠠᠶᠢᠵᠢᠷᠠᠭᠤᠯᠣᠨ᠎ᠠ᠃ ᠡᠯ᠎ᠡ ᠰᠣᠮᠣ ᠪᠠᠯᠭᠠᠰᠣ ᠲᠤᠭ᠎ᠠ ᠪᠦᠷᠢᠳᠭᠡᠯ ᠤᠨ ᠠᠵᠢᠯ ᠤᠨ ᠠᠵᠢᠯᠳᠠᠳ ᠲᠤ ᠪᠠᠷᠢᠮᠵᠢᠶᠠᠨ ᠳᠤ ᠨᠡᠶᠢᠴᠡᠭᠰᠡᠨ᠂ ᠲᠣᠭᠳᠠᠮᠠᠯ ᠠᠯᠪᠠᠨ ᠭᠡᠷ ᠲᠣᠬᠢᠷᠠᠭᠤᠯᠣᠨ ᠦᠭᠴᠦ᠂ ᠲᠤᠭ᠎ᠠ ᠪᠦᠷᠢᠳᠭᠡᠯ ᠤᠨ ᠲᠣᠳᠣᠭᠠᠳᠣ ᠰᠦᠯᠵᠢᠶ᠎ᠡ ᠶᠢ ᠵᠠᠯᠭᠠᠭᠰᠠᠨ ᠲᠣᠰᠬᠠᠢ ᠺᠣᠮᠫᠢᠦ᠋ᠲ᠋ᠧᠷ᠂ ᠲᠠᠷᠣᠮᠠᠯᠯᠠᠬᠤ ᠮᠠᠰᠢᠨ ᠲᠦᠬᠦᠭᠡᠷᠦᠮᠵᠢ ᠪᠣᠯᠣᠨ ᠲᠤᠭ᠎ᠠ ᠪᠦᠷᠢᠳᠭᠡᠯ ᠤᠨ ᠪᠢᠴᠢᠭ ᠮᠠᠲ᠋ᠧᠷᠢᠶᠠᠯ ᠢ ᠬᠠᠳᠠᠭᠠᠯᠠᠬᠤ ᠳᠠᠩᠰᠠ ᠡᠪᠬᠡᠮᠡᠯ ᠤᠨ ᠠᠪᠳᠠᠷ᠎ᠠ ᠵᠡᠷᠭᠡ ᠶᠢ ᠪᠦᠷᠢᠳᠦᠭᠦᠯᠦᠨ ᠦᠭᠴᠦ᠂ ᠲᠤᠭ᠎ᠠ ᠪᠦᠷᠢᠳᠭᠡᠯ ᠤᠨ ᠲᠣᠬᠠᠶᠢᠯᠠᠭᠰᠠᠨ ᠠᠵᠢᠯ ᠤᠨ ᠱᠠᠭᠠᠷᠳᠠᠯᠭ᠎ᠠ ᠶᠢ ᠬᠠᠩᠭᠠᠬᠤ ᠬᠡᠷᠡᠭᠳᠠᠢ᠃ ᠲᠣᠭᠳᠠᠮᠠᠯ ᠬᠦᠷᠦᠩᠭᠡ ᠶᠢᠨ ᠬᠡᠷᠡᠭᠯᠡᠯᠳᠡ ᠪᠣᠯᠣᠨ ᠬᠠᠮᠢᠶᠠᠷᠣᠯᠳᠠ ᠶᠢ ᠴᠢᠩᠭᠠᠳᠬᠠᠵᠣ᠂ ᠲᠣᠭᠳᠠᠮᠠᠯ ᠬᠦᠷᠦᠩᠭᠡ ᠶᠢᠨ ᠬᠠᠮᠢᠶᠠᠷᠣᠯᠳᠠ ᠶᠢᠨ ᠳᠠᠩᠰᠠ ᠶᠢ ᠪᠠᠶᠢᠭᠤᠯᠵᠣ᠂ ᠲᠤᠭ᠎ᠠ ᠪᠦᠷᠢᠳᠭᠡᠯ ᠤᠨ ᠠᠵᠢᠯ ᠤᠨ ᠠᠯᠪᠠᠯᠠᠬᠤ ᠲᠦᠬᠦᠭᠡᠷᠦᠮᠵᠢ ᠶᠢᠨ ᠡᠳᠦᠷ ᠲᠣᠳᠣᠮ ᠤᠨ ᠬᠠᠮᠠᠭᠠᠯᠠᠯᠳᠠ ᠶᠢ ᠰᠠᠶᠢᠳᠣᠷ ᠬᠢᠵᠦ᠂ ᠲᠣᠭᠳᠠᠮᠠᠯ ᠬᠦᠷᠦᠩᠭᠡ ᠶᠢᠨ ᠬᠡᠷᠡᠭᠯᠡᠯᠳᠡ ᠶᠢᠨ ᠬᠤᠭᠤᠴᠠᠭ᠎ᠠ ᠶᠢ ᠴᠢᠷᠮᠠᠶᠢᠨ ᠣᠷᠳᠣᠳᠬᠠᠵᠣ᠂ ᠲᠣᠭᠳᠠᠮᠠᠯ ᠬᠦᠷᠦᠩᠭᠡ ᠶᠢᠨ ᠬᠡᠷᠡᠭᠯᠡᠯᠳᠡ ᠶᠢᠨ ᠬᠤᠭᠤᠴᠠᠭ᠎ᠠ ᠠᠴᠠ ᠭᠡᠳᠦᠷᠡᠭᠰᠡᠨ ᠮᠦᠷᠳᠡᠭᠡᠨ ᠦᠨᠡᠨᠬᠦ ᠬᠡᠷᠡᠭᠯᠡᠵᠦ ᠳᠠᠶᠢᠯᠬᠦ ᠪᠠᠨ ᠪᠣᠯᠢᠭᠰᠠᠨ ᠲᠦᠬᠦᠭᠡᠷᠦᠮᠵᠢ ᠶᠢ ᠴᠠᠭ ᠲᠣᠬᠠᠢ ᠳᠤᠨᠢ ᠰᠢᠨᠡᠴᠢᠯᠡᠵᠦ᠂ ᠲᠣᠨᠤᠭ ᠲᠦᠬᠦᠭᠡᠷᠦᠮᠵᠢ ᠪᠦᠷᠢᠨ ᠬᠦᠢᠴᠡᠳ ᠪᠣᠰᠣ ᠬᠠᠭᠤᠴᠢᠷᠠᠵᠣ ᠡᠪᠳᠡᠷᠡᠭᠰᠡᠨ ᠠᠴᠠ ᠪᠣᠯᠵᠣ ᠲᠤᠭ᠎ᠠ ᠪᠦᠷᠢᠳᠭᠡᠯ ᠤᠨ ᠠᠵᠢᠯ ᠤᠨ ᠭᠡᠪ ᠤᠨ ᠠᠵᠢᠯᠯᠠᠭ᠎ᠠ ᠶᠢ ᠨᠦᠯᠦᠭᠡᠯᠡᠬᠦ ᠠᠴᠠ ᠵᠠᠶᠢᠯᠠᠰᠬᠢᠬᠤ ᠬᠡᠷᠡᠭᠳᠠᠢ᠃      3. ᠲᠤᠭ᠎ᠠ ᠪᠦᠷᠢᠳᠭᠡᠯ ᠤᠨ ᠮᠡᠳᠡᠭᠡ ᠵᠠᠩᠭᠢᠴᠢᠯᠠᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠣᠯᠳᠠ ᠶᠢ ᠵᠠᠰᠠᠭ ᠤᠨ ᠣᠷᠳᠣᠨ ᠤ ᠡᠯᠧᠺᠲᠷᠣᠨ ᠵᠠᠰᠠᠭ ᠤᠨ ᠶᠠᠪᠣᠳᠠᠯ ᠤᠨ ᠪᠠᠶᠢᠭᠤᠯᠣᠯᠳᠠ ᠶᠢᠨ ᠲᠦᠷᠦᠯ ᠵᠦᠢᠯ ᠳᠤ ᠣᠷᠣᠭᠤᠯᠵᠣ᠂ ᠵᠡᠷᠭᠡᠪᠡᠷ ᠲᠦᠯᠦᠪᠵᠢᠭᠦᠯᠦᠨ ᠵᠡᠷᠭᠡᠪᠡᠷ ᠪᠠᠶᠢᠭᠤᠯᠵᠣ᠂ ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ᠂ ᠰᠣᠮᠣ ᠪᠠᠯᠭᠠᠰᠣ ᠳᠦᠷᠪᠡᠨ ᠱᠠᠳᠣᠨ ᠤ ᠲᠤᠭ᠎ᠠ ᠪᠦᠷᠢᠳᠭᠡᠯ ᠤᠨ ᠲᠣᠰᠬᠠᠢ ᠰᠦᠯᠵᠢᠶᠡᠨ ᠤ ᠠᠵᠢᠯᠯᠠᠭ᠎ᠠ ᠰᠠᠭᠠᠳ ᠦᠭᠡᠢ ᠨᠡᠪᠳᠡᠷᠡᠬᠦ ᠶᠢ ᠪᠠᠳᠣᠯᠠᠨ᠎ᠠ᠃ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢᠨ ᠠᠮᠣᠷ ᠲᠦᠪᠰᠢᠨ ᠤ ᠬᠠᠮᠢᠶᠠᠷᠣᠯᠳᠠ ᠶᠢ ᠴᠢᠩᠭᠠᠳᠬᠠᠵᠣ᠂ ᠲᠣᠣᠷ ᠰᠦᠯᠵᠢᠶᠡᠨ ᠤ ᠠᠮᠣᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠳᠠᠭᠠᠵᠣ᠂ ᠲᠤᠭ᠎ᠠ ᠪᠦᠷᠢᠳᠭᠡᠯ ᠤᠨ ᠲᠣᠰᠬᠠᠢ ᠰᠦᠯᠵᠢᠶ᠎ᠡ ᠪᠣᠯᠣᠨ ᠢᠨᠲ᠋ᠧᠷᠨ᠋ᠲ ᠰᠦᠯᠵᠢᠶ᠎ᠡ ᠶᠢ ᠲᠣᠰᠠᠭᠠᠷᠯᠠᠵᠣ᠂ ᠨᠢᠭᠡ ᠯᠡ ᠺᠣᠮᠫᠢᠦ᠋ᠲ᠋ᠧᠷ ᠢᠶᠠᠷ ᠢᠨᠲ᠋ᠧᠷᠨ᠋ᠲ ᠰᠦᠯᠵᠢᠶ᠎ᠡ ᠪᠣᠯᠣᠨ ᠲᠤᠭ᠎ᠠ ᠪᠦᠷᠢᠳᠭᠡᠯ ᠤᠨ ᠲᠣᠰᠬᠠᠢ ᠰᠦᠯᠵᠢᠶ᠎ᠡ ᠶᠢ ᠰᠣᠯᠢᠪᠴᠠᠭᠤᠯᠣᠨ ᠬᠡᠷᠡᠭᠯᠡᠬᠦ ᠶᠢ ᠴᠢᠩᠭ᠎ᠠ ᠬᠤᠷᠢᠭᠯᠠᠵᠣ᠂ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ᠂ ᠲᠤᠭ᠎ᠠ ᠪᠦᠷᠢᠳᠭᠡᠯ ᠤᠨ ᠪᠢᠴᠢᠭ ᠮᠠᠲ᠋ᠧᠷᠢᠶᠠᠯ ᠢ ᠬᠡᠬᠡᠭᠳᠡᠭᠦᠯᠬᠦ ᠪᠠ ᠨᠢᠭᠤᠴᠠ ᠶᠢ ᠵᠠᠳᠠᠷᠠᠭᠤᠯᠬᠤ ᠦᠭᠡᠢ ᠪᠠᠶᠢᠬᠤ ᠶᠢ ᠪᠠᠳᠣᠯᠠᠬᠤ ᠬᠡᠷᠡᠭᠳᠠᠢ᠃      ︵ᠭᠤᠷᠪᠠ︶ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢ ᠠᠬᠢᠭᠤᠯᠣᠨ᠎ᠠ᠃      1. ᠲᠤᠭ᠎ᠠ ᠪᠦᠷᠢᠳᠭᠡᠯ ᠤᠨ ᠲᠦᠷᠢᠮᠵᠢᠭᠰᠡᠨ ᠪᠠᠶᠢᠭᠤᠯᠣᠯᠳᠠ ᠶᠢ ᠠᠭᠢᠭᠤᠯᠣᠨ᠎ᠠ᠃ ᠣᠳᠣᠷᠢᠳᠬᠤ ᠳᠣᠭᠤᠶᠢᠯᠠᠩ ᠤᠨ ᠠᠯᠪᠠᠨ ᠭᠡᠷ ᠠᠴᠠ ᠡᠯ᠎ᠡ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠲᠤᠭ᠎ᠠ ᠪᠠᠷᠢᠮᠳᠠ ᠶᠢ ᠰᠢᠢᠳᠪᠦᠷᠢᠯᠡᠬᠦ᠂ ᠪᠢᠴᠢᠭ ᠮᠠᠲ᠋ᠧᠷᠢᠶᠠᠯ ᠢ ᠬᠠᠮᠢᠶᠠᠷᠬᠤ ᠵᠡᠷᠭᠡ ᠠᠵᠢᠯ ᠢ ᠵᠢᠯᠣᠭᠤᠳᠣᠨ ᠱᠠᠭᠠᠷᠳᠠᠵᠣ᠂ ᠡᠯ᠎ᠡ ᠰᠣᠮᠣ ᠪᠠᠯᠭᠠᠰᠣ ᠨᠢ ᠪᠦᠬᠦ ᠣᠷᠣᠨ ᠤ ᠨᠢᠭᠡᠳᠦᠯᠳᠠᠢ ᠲᠦᠷᠢᠮᠵᠢᠯ ᠤᠨ ᠱᠠᠭᠠᠷᠳᠠᠯᠭ᠎ᠠ ᠶᠣᠰᠣᠭᠠᠷ᠂ ᠲᠤᠭ᠎ᠠ ᠪᠦᠷᠢᠳᠭᠡᠯ ᠤᠨ ᠣᠭ ᠲᠡᠮᠳᠡᠭᠯᠡᠯ᠂ ᠪᠢᠴᠢᠭ ᠤᠨ ᠬᠡᠯᠪᠡᠷᠢ ᠶᠢᠨ ᠳᠠᠩᠰᠠ ᠪᠣᠯᠣᠨ ᠡᠯᠧᠺᠲᠷᠣᠨ ᠳᠠᠩᠰᠠ ᠶᠢ ᠪᠠᠶᠢᠭᠤᠯᠵᠣ᠂ ᠲᠤᠭ᠎ᠠ ᠪᠦᠷᠢᠳᠭᠡᠯ ᠨᠢ ᠪᠠᠷᠢᠮᠳᠠ ᠲᠠᠢ ᠪᠠᠶᠢᠬᠤ ᠶᠢ ᠪᠠᠳᠣᠯᠠᠬᠤ ᠬᠡᠷᠡᠭᠳᠠᠢ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤᠨ ᠰᠠᠭᠤᠭᠠᠯᠢ ᠠᠷᠠᠳ ᠤᠨ ᠵᠦᠪᠯᠡᠯ ᠤᠨ ᠡᠯ᠎ᠡ ᠲᠦᠷᠦᠯ ᠤᠨ ᠲᠤᠭ᠎ᠠ ᠪᠦᠷᠢᠳᠭᠡᠯ ᠤᠨ ᠮᠡᠳᠡᠭᠦᠯᠦᠯᠳᠡ ᠶᠢᠨ ᠬᠦᠰᠦᠨᠦᠭᠲᠦ ᠶᠢ ᠴᠠᠭ ᠲᠣᠬᠠᠢ ᠳᠤᠨᠢ ᠴᠣᠭᠯᠠᠭᠤᠯᠬᠤ ᠶᠢᠨ ᠬᠠᠮᠳᠣ ᠰᠠᠶᠢᠳᠣᠷ ᠬᠠᠮᠠᠭᠠᠯᠠᠵᠣ᠂ ᠲᠤᠭ᠎ᠠ ᠪᠦᠷᠢᠳᠭᠡᠯ ᠤᠨ ᠪᠢᠴᠢᠭ ᠮᠠᠲ᠋ᠧᠷᠢᠶᠠᠯ ᠢ ᠲᠦᠷᠦᠯ ᠬᠤᠪᠢᠶᠠᠨ ᠬᠠᠮᠢᠶᠠᠷᠴᠣ᠂ ᠲᠡᠪᠳᠡᠷᠯᠡᠨ ᠬᠠᠳᠠᠵᠣ᠂ ᠰᠠᠶᠢᠳᠣᠷ ᠬᠠᠮᠠᠭᠠᠯᠠᠬᠤ ᠬᠡᠷᠡᠭᠳᠠᠢ᠃ ᠣᠭ ᠪᠢᠴᠢᠭ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ 2 ᠵᠢᠯ ᠠᠴᠠ ᠲᠣᠷᠣᠭᠰᠢ ᠪᠠᠶᠢᠯᠭᠠᠵᠣ ᠪᠣᠯᠬᠤ ᠦᠭᠡᠢ᠂ ᠬᠤᠷᠢᠶᠠᠩᠭᠤᠶᠢᠯᠠᠭᠰᠠᠨ ᠪᠢᠴᠢᠭ ᠮᠠᠲ᠋ᠧᠷᠢᠶᠠᠯ ᠢ ᠬᠠᠳᠠᠭᠠᠯᠠᠬᠤ ᠬᠤᠭᠤᠴᠠᠭ᠎ᠠ ᠶᠢ 10 ᠵᠢᠯ ᠠᠴᠠ ᠲᠣᠷᠣᠭᠰᠢ ᠪᠠᠶᠢᠯᠭᠠᠵᠣ ᠪᠣᠯᠬᠤ ᠦᠭᠡᠢ᠂ ᠬᠤᠷᠢᠶᠠᠩᠭᠤᠶᠢᠯᠠᠭᠰᠠᠨ ᠴᠢᠬᠤᠯᠠ ᠪᠢᠴᠢᠭ ᠮᠠᠲ᠋ᠧᠷᠢᠶᠠᠯ ᠢ ᠦᠨᠢ ᠡᠭᠦᠷᠢᠳᠡ ᠬᠠᠳᠠᠭᠠᠯᠠᠬᠤ ᠬᠡᠷᠡᠭᠳᠠᠢ᠃      2. ᠲᠤᠭ᠎ᠠ ᠪᠦᠷᠢᠳᠭᠡᠯ ᠤᠨ ᠠᠵᠢᠯ ᠢ ᠬᠠᠣᠯᠢ ᠶᠣᠰᠣᠭᠠᠷ ᠭᠦᠢᠴᠡᠳᠭᠡᠬᠦ ᠡᠷᠴᠢᠮ ᠢ ᠨᠡᠮᠡᠭᠳᠡᠭᠦᠯᠦᠨ᠎ᠡ᠃ ᠡᠯ᠎ᠡ ᠰᠣᠮᠣ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠤᠨ ᠠᠵᠢᠯᠳᠠᠨ ᠲᠤᠭ᠎ᠠ ᠪᠦᠷᠢᠳᠭᠡᠯ ᠪᠠᠶᠢᠴᠠᠭᠠᠯᠳᠠ ᠶᠢᠨ ᠲᠦᠷᠢᠮ ᠲᠣᠭᠳᠠᠭᠠᠯ ᠶᠣᠰᠣᠭᠠᠷ ᠲᠤᠭ᠎ᠠ ᠪᠦᠷᠢᠳᠭᠡᠯ ᠤᠨ ᠪᠠᠶᠢᠴᠠᠭᠠᠯᠳᠠ ᠶᠢ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠲᠤᠭ᠎ᠠ ᠪᠦᠷᠢᠳᠭᠡᠯ ᠤᠨ ᠮᠡᠳᠡᠭᠦᠯᠦᠯᠳᠡ ᠶᠢᠨ ᠬᠦᠰᠦᠨᠦᠭᠲᠦ ᠳᠤ ᠲᠣᠭᠳᠠᠭᠠᠭᠰᠠᠨ ᠲᠤᠭ᠎ᠠ ᠪᠦᠷᠢᠳᠭᠡᠯ ᠤᠨ ᠬᠦᠷᠢᠶ᠎ᠡ ᠬᠡᠪᠴᠢᠶ᠎ᠡ᠂ ᠪᠣᠳᠣᠬᠤ ᠠᠷᠭ᠎ᠠ᠂ ᠪᠣᠳᠣᠬᠤ ᠨᠢᠭᠡᠴᠢ ᠵᠡᠷᠭᠡ ᠭᠦᠢᠴᠡᠳᠭᠡᠯ ᠲᠤᠭ᠎ᠠ ᠶᠢᠨ ᠭᠤᠣᠯ ᠡᠯᠧᠮᠧᠨ᠋ᠲ ᠶᠣᠰᠣᠭᠠᠷ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢ ᠪᠦᠷᠢᠳᠭᠡᠵᠦ᠂ ᠬᠢᠨᠠᠨ ᠬᠠᠷᠭᠤᠭᠤᠯᠬᠤ ᠪᠠ ᠬᠤᠷᠢᠶᠠᠩᠭᠤᠶᠢᠯᠠᠵᠣ᠂ ᠡᠭᠦᠨ ᠤ ᠬᠠᠮᠳᠣ ᠲᠣᠭᠳᠠᠭᠰᠠᠨ ᠴᠠᠭ ᠪᠣᠯᠣᠨ ᠠᠷᠭ᠎ᠠ ᠵᠠᠮ ᠢᠶᠠᠷ ᠮᠡᠳᠡᠭᠦᠯᠦᠨ ᠬᠦᠷᠭᠡᠨ᠎ᠡ᠃ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠲᠤᠭ᠎ᠠ ᠪᠦᠷᠢᠳᠭᠡᠯ ᠤᠨ ᠬᠠᠣᠯᠢ︾ ᠵᠡᠷᠭᠡ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠲᠦᠷᠢᠮ ᠤᠨ ᠪᠣᠯᠪᠠᠰᠣᠷᠠᠯ ᠳᠤ ᠢᠳᠡᠪᠬᠢᠳᠠᠢ ᠣᠷᠣᠯᠴᠠᠵᠣ᠂ ᠳᠡᠭᠡᠲᠦ ᠱᠠᠳᠣᠨ ᠤ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠠᠴᠠ ᠦᠷᠨᠢᠭᠦᠯᠦᠭᠰᠡᠨ ᠲᠤᠭ᠎ᠠ ᠪᠦᠷᠢᠳᠭᠡᠯ ᠤᠨ ᠬᠠᠣᠯᠢ ᠬᠡᠷᠡᠭᠵᠢᠭᠦᠯᠦᠨ ᠪᠠᠶᠢᠴᠠᠭᠠᠬᠤ ᠠᠵᠢᠯ ᠲᠠᠢ ᠢᠳᠡᠪᠬᠢᠳᠠᠢ ᠬᠠᠮᠵᠢᠯᠴᠠᠨ ᠬᠠᠪᠰᠣᠷᠣᠯᠴᠠᠵᠣ᠂ ᠲᠤᠭ᠎ᠠ ᠪᠦᠷᠢᠳᠭᠡᠯ ᠤᠨ ᠠᠵᠢᠯ ᠤᠨ ᠬᠠᠣᠯᠢ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠶᠢ ᠢᠯᠡᠷᠡᠭᠦᠯᠪᠡᠯ ᠴᠠᠭ ᠲᠣᠬᠠᠢ ᠳᠤᠨᠢ ᠳᠡᠭᠡᠭᠰᠢ ᠮᠡᠳᠡᠭᠦᠯᠵᠦ᠂ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠠᠴᠠ ᠠᠰᠠᠭᠤᠳᠠᠯ ᠤᠨ ᠰᠦᠪᠡᠭᠴᠢ ᠶᠢ ᠦᠨᠳᠦᠰᠦᠯᠡᠨ ᠬᠠᠣᠯᠢ ᠲᠦᠷᠢᠮ ᠶᠣᠰᠣᠭᠠᠷ ᠪᠠᠶᠢᠴᠠᠭᠠᠨ ᠰᠢᠳᠭᠡᠬᠦ ᠶᠢᠨ ᠬᠠᠮᠳᠣ ︽ᠲᠤᠭ᠎ᠠ ᠪᠦᠷᠢᠳᠭᠡᠯ ᠤᠨ ᠬᠠᠣᠯᠢ ᠰᠠᠬᠢᠯᠭ᠎ᠠ ᠶᠢ ᠵᠦᠷᠢᠴᠡᠭᠰᠡᠨ ᠬᠠᠷᠢᠭᠤᠴᠠᠯᠭᠠᠳᠠᠨ ᠢ ᠰᠢᠳᠭᠡᠨ ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠢᠯᠵᠢᠭᠦᠯᠦᠨ ᠦᠭᠴᠦ ᠰᠢᠢᠳᠪᠦᠷᠢᠯᠡᠭᠦᠯᠦᠨ᠎ᠡ᠃ ᠡᠯ᠎ᠡ ᠰᠣᠮᠣ ᠪᠠᠯᠭᠠᠰᠣ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠣᠭᠤᠳᠬᠠᠵᠣ᠂ ᠲᠤᠭ᠎ᠠ ᠪᠦᠷᠢᠳᠭᠡᠯ ᠤᠨ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠲᠦᠷᠢᠮ ᠪᠠ ᠠᠵᠢᠯ  ᠤᠨ ᠲᠦᠷᠢᠮ ᠲᠣᠭᠳᠠᠭᠠᠯ ᠶᠣᠰᠣᠭᠠᠷ᠂ ᠠᠯᠪᠠᠨ ᠤ ᠰᠦᠯᠵᠢᠶᠡᠨ ᠲᠠᠪᠴᠠᠩ ᠳᠡᠭᠡᠷ᠎ᠡ ᠢᠯᠡᠴᠢᠯᠡᠨ ᠮᠡᠳᠡᠭᠦᠯᠬᠦ ᠣᠳᠠᠰᠣ᠂ ᠢᠮᠧᠯ ᠵᠡᠷᠭᠡ ᠶᠢ ᠨᠡᠶᠢᠳᠡᠯᠡᠵᠦ᠂ ᠣᠯᠠᠨ ᠲᠦᠮᠡᠨ ᠳᠤ ᠲᠦᠰᠢᠭᠯᠡᠨ ᠠᠰᠠᠭᠤᠳᠠᠯ ᠤᠨ ᠰᠦᠪᠡᠭᠴᠢ ᠶᠢ ᠢᠯᠡᠷᠡᠭᠦᠯᠵᠦ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠨᠠᠷᠢᠨ ᠬᠢᠨᠠᠮᠠᠭᠠᠢ ᠳᠠᠩᠰᠠᠯᠠᠵᠣ᠂ ᠬᠠᠷᠭᠤᠭᠤᠯᠬᠤ ᠪᠠ ᠳᠡᠭᠡᠭᠰᠢ ᠮᠡᠳᠡᠭᠦᠯᠬᠦ ᠬᠡᠷᠡᠭᠳᠠᠢ᠃      ᠳᠦᠷᠪᠡ᠂ ᠬᠡᠷᠡᠭᠵᠢᠭᠦᠯᠬᠦ ᠠᠯᠬᠤᠮ ᠳᠠᠷᠠᠭ᠎ᠠ      ︵ᠨᠢᠭᠡ︶ 2020 ᠣᠨ ᠤ 6 ᠳ᠋ᠣᠭᠠᠷ ᠰᠠᠷ᠎ᠠ — — 12 ᠳ᠋ᠣᠭᠠᠷ ᠰᠠᠷ᠎ᠠ ᠬᠦᠷᠳᠡᠯ᠎ᠡ ᠪᠦᠬᠦᠯᠢ ᠴᠣᠭᠴᠠ  ᠪᠠᠷ ᠠᠬᠢᠭᠤᠯᠬᠤ ᠰᠠᠷ᠎ᠠ᠃      1. ᠠᠵᠢᠯ ᠤᠨ ᠪᠠᠶᠢᠭᠤᠯᠣᠮᠵᠢ ᠶᠢ ᠪᠠᠶᠢᠭᠤᠯᠣᠨ᠎ᠠ᠃ ᠪᠦᠬᠦ ᠬᠤᠰᠢᠭᠤᠨ ᠤ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠣᠳᠣᠷᠢᠳᠬᠤ ᠳᠣᠭᠤᠶᠢᠯᠠᠩ ᠢ ᠪᠠᠶᠢᠭᠤᠯᠵᠣ᠂ ᠣᠳᠣᠷᠢᠳᠬᠤ ᠳᠣᠭᠤᠶᠢᠯᠠᠩ ᠤᠨ ᠠᠯᠪᠠᠨ ᠭᠡᠷ ᠲᠣᠬᠢᠷᠠᠭᠤᠯᠣᠨ᠂ ᠠᠬᠢᠭᠤᠯᠣᠯᠳᠠ ᠶᠢᠨ ᠠᠵᠢᠯ ᠳᠣᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠣᠨ ᠰᠢᠢᠳᠪᠦᠷᠢᠯᠡᠵᠦ᠂ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠣᠰ ᠲᠣᠰ ᠤᠨ ᠡᠭᠦᠷᠭᠡ ᠲᠣᠰᠢᠶᠠᠯ ᠶᠣᠰᠣᠭᠠᠷ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠮᠵᠢᠯᠴᠠᠨ ᠬᠠᠪᠰᠣᠷᠣᠯᠴᠠᠵᠣ᠂ ᠦᠨᠳᠦᠰᠦᠨ ᠱᠠᠳᠣᠨ ᠤ ᠲᠤᠭ᠎ᠠ ᠪᠦᠷᠢᠳᠭᠡᠯ  ᠤᠨ ᠲᠦᠷᠢᠮᠵᠢᠭᠰᠡᠨ ᠪᠠᠶᠢᠭᠤᠯᠣᠯᠳᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠳᠣᠷ ᠬᠢᠬᠦ ᠬᠡᠷᠡᠭᠳᠠᠢ᠃       2.  ᠣᠬᠠᠭᠤᠯᠬᠤ᠂ ᠪᠠᠶᠢᠳᠠᠯ ᠣᠶᠢᠯᠠᠭᠠᠬᠤ ᠠᠵᠢᠯ ᠢ ᠦᠷᠨᠢᠭᠦᠯᠦᠨ᠎ᠡ᠃ 2020 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠰᠣᠮᠣ ᠰᠢᠶᠠᠩ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠨ ᠲᠦᠷᠢᠮᠵᠢᠭᠦᠯᠬᠦ ᠠᠵᠢᠯ ᠤᠨ ᠲᠣᠬᠠᠢ ᠰᠠᠨᠠᠯ︾ ᠢ ᠣᠯᠠᠮᠵᠢᠯᠠᠨ ᠰᠣᠷᠣᠯᠴᠠᠵᠣ᠂ ᠣᠳᠣᠷᠢᠳᠬᠤ ᠳᠣᠭᠤᠶᠢᠯᠠᠩ ᠤᠨ ᠠᠯᠪᠠᠨ ᠭᠡᠷ ︽ᠨᠠᠢᠮᠠ ᠶᠢ ᠪᠦᠷᠢᠳᠦᠭᠦᠯᠵᠦ᠂ ᠨᠠᠢᠮᠠ ᠶᠢ ᠲᠦᠷᠢᠮᠵᠢᠭᠦᠯᠬᠦ︾ ᠪᠠᠷᠢᠮᠵᠢᠶ᠎ᠠ ᠶᠣᠰᠣᠭᠠᠷ ᠡᠯ᠎ᠡ ᠰᠣᠮᠣ ᠪᠠᠯᠭᠠᠰᠣᠨ ᠤ ᠦᠨᠳᠦᠰᠦᠨ ᠪᠠᠶᠢᠳᠠᠯ ᠢ ᠪᠠᠶᠢᠴᠠᠭᠠᠨ ᠣᠶᠢᠯᠠᠭᠠᠵᠣ᠂ ᠪᠠᠶᠢᠴᠠᠭᠠᠨ ᠣᠶᠢᠯᠠᠭᠠᠭᠰᠠᠨ ᠪᠠᠶᠢᠳᠠᠯ ᠢᠶᠠᠨ ᠦᠨᠳᠦᠰᠦᠯᠡᠨ ᠬᠠᠨᠳᠣᠯᠭᠠᠳᠣ ᠴᠢᠨᠠᠷᠳᠠᠢ ᠪᠠᠷ ᠠᠷᠭ᠎ᠠ ᠬᠡᠮᠵᠢᠶ᠎ᠡ ᠪᠠ ᠰᠠᠨᠠᠭᠤᠯᠭ᠎ᠠ ᠳᠣᠷᠠᠳᠣᠨ᠎ᠠ᠃      ︵ᠬᠤᠶᠠᠷ︶ 2021 ᠣᠨ ᠤ 1 ᠳ᠋ᠣᠭᠡᠷ ᠰᠠᠷ᠎ᠠ — — 6 ᠳ᠋ᠣᠭᠠᠷ ᠰᠠᠷ᠎ᠠ ᠬᠦᠷᠳᠡᠯ᠎ᠡ ᠭᠤᠣᠯᠳᠠᠯᠭ᠎ᠠ ᠲᠠᠢ ᠰᠢᠪᠳᠣᠯᠣᠯᠳᠠ ᠬᠢᠬᠦ ᠰᠠᠷ᠎ᠠ᠃      ᠣᠳᠣᠷᠢᠳᠬᠤ ᠳᠣᠭᠤᠶᠢᠯᠠᠩ ᠤᠨ ᠠᠯᠪᠠᠨ ᠭᠡᠷ ᠵᠢᠱᠢᠶ᠎ᠡ ᠦᠵᠡᠭᠦᠯᠬᠦ ᠨᠢᠭᠡᠴᠡ ᠶᠢᠨ ᠠᠷᠭ᠎ᠠ ᠲᠣᠷᠰᠢᠯᠭ᠎ᠠ ᠶᠢ ᠣᠯᠠᠨ ᠬᠡᠯᠪᠡᠷᠢ ᠮᠠᠶ᠋ᠢᠭ ᠢᠶᠠᠷ ᠣᠬᠠᠭᠤᠯᠣᠨ ᠲᠦᠭᠡᠮᠡᠯᠵᠢᠭᠦᠯᠵᠦ᠂ ᠲᠦᠷᠢᠮᠵᠢᠭᠰᠡᠨ ᠪᠠᠶᠢᠭᠤᠯᠣᠯᠳᠠ ᠶᠢ ᠪᠦᠬᠦ ᠲᠠᠯ᠎ᠠ  ᠪᠠᠷ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠵᠦ᠂ ᠪᠠᠷᠢᠮᠵᠢᠶᠠᠨ ᠳᠤ ᠬᠦᠷᠬᠦ ᠨᠣᠷᠮ᠎ᠠ ᠪᠠᠷ ᠲᠣᠣᠷ᠎ᠠ ᠰᠣᠮᠣ ᠪᠠᠯᠭᠠᠰᠣᠨ ᠳᠤ ᠬᠠᠨᠳᠣᠭᠤᠯᠣᠨ ᠱᠠᠭᠠᠷᠳᠠᠨ ᠵᠢᠯᠣᠭᠤᠳᠴᠣ᠂ ᠪᠦᠲᠦᠮᠵᠢᠳᠠᠢ ᠠᠷᠭ᠎ᠠ ᠬᠡᠮᠵᠢᠶ᠎ᠡ ᠪᠠᠷ ᠲᠦᠷᠢᠮᠵᠢᠭᠰᠡᠨ ᠪᠠᠶᠢᠭᠤᠯᠣᠯᠳᠠ ᠶᠢ ᠨᠦᠯᠦᠭᠡᠯᠡᠬᠦ ᠪᠠᠭᠤᠷᠠᠢ ᠲᠠᠯ᠎ᠠ ᠶᠢ ᠨᠦᠬᠦᠪᠦᠷᠢᠯᠡᠵᠦ᠂ ᠦᠨᠳᠦᠰᠦᠨ ᠱᠠᠳᠣᠨ ᠤ ᠨᠢᠭᠡᠴᠡ ᠶᠢᠨ ᠨᠠᠶᠢᠳᠠᠪᠣᠷᠢᠵᠢᠭᠤᠯᠣᠯᠳᠠ ᠶᠢ ᠴᠢᠩᠭ᠎ᠠ ᠠᠳᠬᠤᠬᠤ ᠶᠢ ᠠᠬᠢᠭᠤᠯᠵᠣ᠂ ᠲᠦᠷᠢᠮᠵᠢᠭᠰᠡᠨ ᠪᠠᠶᠢᠭᠤᠯᠣᠯᠳᠠ  ᠶᠢᠨ ᠪᠠᠷᠢᠮᠵᠢᠶᠠᠨ ᠳᠤ ᠬᠦᠷᠭᠡᠨ᠎ᠡ᠃       ︵ᠭᠤᠷᠪᠠ︶ 2021 ᠣᠨ ᠤ 6 ᠳ᠋ᠣᠭᠠᠷ ᠰᠠᠷ᠎ᠠ — — 12 ᠳ᠋ᠣᠭᠠᠷ ᠰᠠᠷ᠎ᠠ ᠬᠦᠷᠳᠡᠯ᠎ᠡ ᠦᠷ᠎ᠡ ᠪᠦᠲᠦᠮᠵᠢ ᠪᠠᠨ ᠪᠠᠳᠣᠳᠬᠠᠬᠤ ᠰᠠᠷ᠎ᠠ᠃      ᠣᠳᠣᠷᠢᠳᠬᠤ ᠳᠣᠭᠤᠶᠢᠯᠠᠩ ᠤᠨ ᠠᠯᠪᠠᠨ ᠭᠡᠷ ᠠᠴᠠ ᠨᠢᠭᠡᠨᠳᠡ ᠪᠠᠷᠢᠮᠵᠢᠶᠠᠨ ᠳᠤ ᠬᠦᠷᠦᠭᠰᠡᠨ ᠰᠣᠮᠣ ᠪᠠᠯᠭᠠᠰᠣ  ᠶᠢ ᠰᠣᠭᠤᠴᠢᠨ ᠪᠠᠶᠢᠴᠠᠭᠠᠵᠣ᠂ ᠰᠣᠭᠤᠴᠢᠨ ᠪᠠᠶᠢᠴᠠᠭᠠᠯᠳᠠ ᠳᠤ ᠠᠵᠢᠯ ᠤᠨ ᠠᠬᠢᠴᠠ ᠣᠳᠠᠭᠠᠰᠢᠷᠠᠵᠣ ᠪᠠᠶᠢᠭ᠎ᠠ ᠨᠢᠭᠡᠴᠡ ᠶᠢ ᠢᠯᠡᠷᠡᠭᠦᠯᠪᠡᠯ ᠵᠠᠰᠠᠨ ᠰᠠᠶᠢᠵᠢᠷᠠᠭᠤᠯᠬᠤ ᠱᠠᠭᠠᠷᠳᠠᠯᠭ᠎ᠠ ᠲᠣᠷᠠᠳᠣᠨ᠎ᠠ᠃ ᠡᠭᠦᠨ ᠤ ᠬᠠᠮᠳᠣ᠂ ︽ᠨᠠᠢᠮᠠ ᠶᠢ ᠪᠦᠷᠢᠳᠦᠭᠦᠯᠵᠦ᠂ ᠨᠠᠢᠮᠠ ᠶᠢ ᠲᠦᠷᠢᠮᠵᠢᠭᠦᠯᠬᠦ︾ ᠲᠦᠷᠢᠮᠵᠢᠭᠰᠡᠨ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠦᠭᠡᠳᠦᠢ ᠰᠣᠮᠣ ᠪᠠᠯᠭᠠᠰᠣ ᠶᠢ ᠦᠷᠭᠦᠯᠵᠢᠯᠡᠨ ᠬᠢᠨᠠᠨ ᠵᠢᠯᠣᠭᠤᠳᠴᠣ᠂ ᠠᠵᠢᠯ ᠤᠨ ᠠᠬᠢᠴᠠ ᠪᠠᠨ ᠲᠦᠷᠭᠡᠳᠭᠡᠬᠦ ᠶᠢ ᠱᠠᠭᠠᠷᠳᠠᠵᠣ᠂ ᠪᠠᠳᠣᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠦᠷᠢᠮᠵᠢᠭᠰᠡᠨ ᠪᠠᠶᠢᠭᠤᠯᠣᠯᠳᠠ ᠶᠢᠨ ᠬᠠᠷᠠᠯᠳᠠ ᠶᠢᠨ ᠱᠠᠭᠠᠷᠳᠠᠯᠭ᠎ᠠ ᠶᠢ ᠪᠡᠶᠡᠯᠡᠭᠦᠯᠬᠦ ᠶᠢ ᠪᠠᠳᠣᠯᠠᠨ᠎ᠠ᠃      ᠲᠠᠪᠤ᠂ ᠪᠠᠳᠣᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ᠃ ᠣᠳᠣᠷᠢᠳᠬᠤ ᠳᠣᠭᠤᠶᠢᠯᠠᠩ ᠤᠨ ᠪᠦᠷᠢᠯᠳᠦᠭᠦᠨ ᠨᠢᠭᠡᠴᠡ ᠲᠤᠭ᠎ᠠ ᠪᠦᠷᠢᠳᠭᠡᠯ ᠤᠨ ᠠᠵᠢᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠠᠬᠢᠭᠤᠯᠣᠯᠳᠠ ᠨᠠᠶᠢᠳᠠᠪᠣᠷᠢᠵᠢᠭᠤᠯᠣᠯᠳᠠ ᠶᠢ ᠴᠢᠩᠭᠠᠳᠬᠠᠵᠣ᠂ ᠣᠳᠣᠷᠢᠳᠬᠤ ᠳᠣᠭᠤᠶᠢᠯᠠᠩ ᠤᠨ ᠠᠯᠪᠠᠨ ᠭᠡᠷ ᠲᠣᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠣᠯᠣᠨ ᠪᠦᠲᠦᠮᠵᠢᠳᠠᠢ ᠵᠣᠯᠭᠠᠭᠤᠯᠬᠤ ᠠᠵᠢᠯ ᠢ ᠰᠠᠶᠢᠳᠣᠷ ᠬᠢᠵᠦ᠂ ᠡᠯ᠎ᠡ ᠰᠣᠮᠣ ᠪᠠᠯᠭᠠᠰᠣᠨ ᠤ ᠵᠠᠰᠠᠭ ᠤᠨ ᠣᠷᠳᠣᠨ ᠬᠠᠷᠢᠶ᠎ᠠ ᠣᠷᠣᠨ ᠤ ᠪᠠᠨ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠠᠵᠢᠯ ᠢ ᠨᠢᠭᠡᠳᠦᠯᠳᠠᠢ ᠲᠦᠯᠦᠪᠯᠡᠵᠦ᠂ ᠵᠠᠰᠠᠭ ᠤᠨ ᠣᠷᠳᠣᠨ ᠣᠳᠣᠷᠢᠳᠣᠭᠰᠠᠨ᠂ ᠡᠯ᠎ᠡ ᠲᠠᠯ᠎ᠠ ᠢᠳᠡᠪᠬᠢᠳᠠᠢ ᠣᠷᠣᠯᠴᠠᠭᠰᠠᠨ ᠠᠵᠢᠯ ᠤᠨ ᠪᠠᠶᠢᠳᠠᠯ ᠢ ᠪᠦᠷᠢᠯᠳᠦᠭᠦᠯᠦᠨ᠎ᠡ᠃      ︵ᠬᠤᠶᠠᠷ︶ ᠱᠠᠩᠨᠠᠬᠤ ᠰᠢᠳᠭᠡᠬᠦ ᠲᠦᠷᠢᠮ ᠢ ᠪᠠᠶᠢᠭᠤᠯᠣᠨ᠎ᠠ᠃ ᠣᠳᠣᠷᠢᠳᠬᠤ ᠳᠣᠭᠤᠶᠢᠯᠠᠩ ᠤᠨ ᠠᠯᠪᠠᠨ ᠭᠡᠷ ᠣᠬᠠᠭᠤᠯᠭ᠎ᠠ ᠬᠢᠬᠦ ᠪᠠ ᠨᠡᠶᠢᠳᠡᠯᠢᠭ ᠵᠢᠱᠢᠶ᠎ᠡ ᠶᠢ ᠰᠣᠩᠭᠤᠬᠤ ᠠᠵᠢᠯ ᠤᠨ ᠬᠦᠴᠦᠨ ᠢᠶᠠᠨ ᠨᠡᠮᠡᠭᠳᠡᠭᠦᠯᠵᠦ᠂ ᠰᠣᠮᠣ ᠰᠢᠶᠠᠩ ᠪᠠᠯᠭᠠᠰᠣᠨ ᠤ ᠠᠵᠢᠯ ᠳᠠᠭᠠᠨ ᠭᠠᠷᠮᠠᠭᠠᠢ᠂ ᠦᠷ᠎ᠡ ᠪᠦᠲᠦᠮᠵᠢ ᠳᠣᠪᠣᠶᠢᠮ᠎ᠠ ᠲᠤᠭ᠎ᠠ ᠪᠦᠷᠢᠳᠭᠡᠯ ᠤᠨ ᠠᠵᠢᠯ  ᠤᠨ ᠠᠵᠢᠯᠳᠠᠨ ᠢ ᠡᠯ᠎ᠡ ᠲᠦᠷᠦᠯ ᠤᠨ ᠮᠡᠳᠡᠭᠡ ᠵᠠᠭᠤᠴᠢᠯᠠᠭᠤᠷ᠂ ᠲᠠᠪᠴᠠᠩ ᠢᠶᠠᠷ ᠳᠠᠮᠵᠢᠭᠤᠯᠣᠨ ᠴᠠᠭ ᠲᠣᠬᠠᠢ ᠳᠤᠨᠢ ᠣᠬᠠᠭᠤᠯᠣᠨ ᠮᠡᠳᠡᠭᠡᠯᠡᠨ᠎ᠡ᠃ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠰᠣᠮᠣ ᠰᠢᠶᠠᠩ ᠪᠠᠯᠭᠠᠰᠣᠨ ᠤ ᠲᠤᠭ᠎ᠠ ᠪᠦᠷᠢᠳᠭᠡᠯ ᠤᠨ ᠠᠵᠢᠯ ᠢ ᠣᠯᠠᠮ ᠨᠢᠭᠡ ᠠᠯᠬᠤᠮ ᠴᠢᠩᠭᠠᠳᠬᠠᠨ ᠲᠦᠷᠢᠮᠵᠢᠭᠦᠯᠬᠦ ᠲᠣᠬᠠᠢ ᠰᠠᠨᠠᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2020﹈ 11 ᠳ᠋ᠣᠭᠡᠷ ᠲᠣᠭᠠᠳᠣ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠭ᠎ᠠ ᠪᠦᠷᠢᠳᠭᠡᠯ ᠤᠨ ᠠᠵᠢᠯ ᠢ 20 ᠵᠢᠯ ᠠᠴᠠ ᠳᠡᠭᠡᠭᠰᠢ ᠬᠢᠭᠰᠡᠨ ᠲᠤᠭ᠎ᠠ ᠪᠦᠷᠢᠳᠭᠡᠯ ᠤᠨ ᠠᠵᠢᠯᠳᠠᠨ ᠳᠤ ᠢᠷᠠᠭᠤ ᠠᠯᠳᠠᠷ ᠤᠨ ᠦᠨᠡᠮᠯᠡᠯ ᠣᠯᠭᠤᠵᠣ᠂ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ  ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠦᠨ᠎ᠡ᠃ ᠡᠭᠦᠨ ᠤ ᠬᠠᠮᠳᠣ᠂ ᠨᠡᠶᠢᠳᠡᠯᠡᠬᠦ ᠲᠦᠷᠢᠮ ᠢ ᠪᠠᠶᠢᠭᠤᠯᠵᠣ᠂ ᠲᠦᠷᠢᠮᠵᠢᠭᠰᠡᠨ ᠪᠠᠶᠢᠭᠤᠯᠣᠯᠳᠠ ᠶᠢ ᠠᠬᠢᠭᠤᠯᠬᠤ ᠠᠵᠢᠯ ᠤᠨ ᠠᠷᠭ᠎ᠠ ᠬᠡᠮᠵᠢᠶ᠎ᠡ ᠲᠣᠬᠢᠷᠠᠮᠵᠢ ᠦᠭᠡᠢ᠂ ᠠᠬᠢᠴᠠ ᠣᠳᠠᠭᠠᠨ᠂ ᠪᠠᠷᠢᠮᠵᠢᠶᠠᠨ ᠳᠤ ᠬᠦᠷᠬᠦ ᠨᠣᠷᠮ᠎ᠠ ᠲᠣᠣᠷ᠎ᠠ ᠪᠠᠶᠢᠭ᠎ᠠ ᠰᠣᠮᠣ ᠪᠠᠯᠭᠠᠰᠣ ᠶᠢ ᠨᠡᠶᠢᠳᠡᠯᠡᠨ᠎ᠡ      ︵ᠭᠤᠷᠪᠠ︶ ᠱᠠᠭᠠᠷᠳᠠᠯᠭ᠎ᠠ ᠵᠢᠯᠣᠭᠤᠳᠣᠯᠭ᠎ᠠ ᠪᠠᠨ ᠴᠢᠩᠭᠠᠳᠬᠠᠨ᠎ᠠ᠃ ︽ᠨᠠᠢᠮᠠ ᠶᠢ ᠪᠦᠷᠢᠳᠦᠭᠦᠯᠵᠦ᠂ ᠨᠠᠢᠮᠠ  ᠶᠢ ᠲᠦᠷᠢᠮᠵᠢᠭᠦᠯᠬᠦ︾ ᠲᠦᠷᠢᠮᠵᠢᠭᠰᠡᠨ ᠪᠠᠶᠢᠭᠤᠯᠣᠯᠳᠠ ᠶᠢᠨ ᠪᠠᠷᠢᠮᠵᠢᠶᠠᠨ ᠳᠤ ᠬᠦᠷᠦᠭᠰᠡᠨ ᠰᠣᠮᠣ ᠪᠠᠯᠭᠠᠰᠣᠨ ᠤ ᠦᠷ᠎ᠡ ᠪᠦᠲᠦᠮᠵᠢ ᠶᠢ ᠣᠯᠠᠮ ᠨᠢᠭᠡ ᠠᠯᠬᠤᠨ ᠪᠠᠳᠣᠳᠬᠠᠬᠤ ᠬᠡᠷᠡᠭᠳᠠᠢ᠃ ᠣᠳᠣᠷᠢᠳᠬᠤ ᠳᠣᠭᠤᠶᠢᠯᠠᠩ ᠤᠨ ᠠᠯᠪᠠᠨ ᠭᠡᠷ ᠠᠴᠠ ᠪᠠᠷᠢᠮᠵᠢᠶᠠᠨ ᠳᠤ ᠬᠦᠷᠦᠭᠰᠡᠨ ᠦᠭᠡᠢ ᠰᠣᠮᠣ ᠪᠠᠯᠭᠠᠰᠣ ᠶᠢ ᠴᠢᠩᠭ᠎ᠠ ᠱᠠᠭᠠᠷᠳᠠᠨ᠂ ᠠᠵᠢᠯ ᠢᠶᠠᠨ ᠠᠬᠢᠭᠤᠯᠣᠭᠰᠠᠨ ᠪᠠᠶᠢᠳᠠᠯ ᠢ ᠨᠢ ᠣᠶᠢᠯᠠᠭᠠᠵᠣ᠂ ᠣᠷᠣᠰᠢᠵᠣ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠨᠢ ᠡᠷᠢᠵᠦ ᠭᠠᠷᠭᠠᠨ᠂ ᠠᠰᠠᠭᠤᠳᠠᠯ ᠤᠨ ᠨᠠᠷᠢᠨ ᠳᠠᠩᠰᠠ ᠶᠢ ᠪᠠᠶᠢᠭᠤᠯᠵᠣ᠂ ᠲᠦᠷᠢᠮᠵᠢᠭᠰᠡᠨ ᠪᠠᠶᠢᠭᠤᠯᠣᠯᠳᠠ ᠶᠢ ᠪᠠᠷᠢᠮᠵᠢᠶᠠᠨ ᠳᠤ ᠬᠦᠷᠭᠡᠬᠦ ᠠᠵᠢᠯ ᠢ ᠲᠣᠭᠳᠠᠭᠰᠠᠨ ᠴᠠᠭ ᠲᠠᠭᠠᠨ ᠪᠡᠶᠡᠯᠡᠭᠦᠯᠬᠦ ᠬᠡᠷᠡᠭᠳᠠᠢ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号