ᠰᠦᠨᠢᠳ ᠪᠠᠷᠠᠭᠤᠨ ᠵᠠᠰᠠᠭ ᠠᠯᠪᠠᠨ ᠲᠠᠷᠬᠠᠭᠠᠭᠰᠠᠨ ﹇2020﹈ 53 ᠳ᠋ᠤᠭᠠᠷ ᠲᠤᠭᠠᠳᠤ | | ︽ᠰᠦᠨᠢᠳ ᠪᠠᠷᠠᠭᠤᠨ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ | ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠵᠢᠨᠠᠵᠢᠯ ᠤᠨ ᠲᠦᠰᠦᠯ︾ ᠢ ᠲᠠᠷᠤᠮᠠᠯᠯᠠᠨ | ᠲᠠᠷᠬᠠᠭᠠᠬᠤ ᠲᠤᠬᠠᠢ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ | ᠮᠡᠳᠡᠭᠳᠡᠯ | | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ᠄ | ᠡᠳᠦᠭᠡ ︽ᠰᠦᠨᠢᠳ ᠪᠠᠷᠠᠭᠤᠨ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ | ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠲᠦᠰᠦᠯ︾ ᠢ ᠲᠠᠷᠤᠮᠠᠯᠯᠠᠨ | ᠲᠠᠷᠬᠠᠭᠠᠪᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ | ᠭᠡᠷᠡᠭᠵᠢᠬᠦᠯᠬᠦ ᠪᠤᠯᠪᠠᠤ᠃ | | ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2020 ᠤᠨ ᠤ 11 ᠰᠠᠷ᠎ᠠ ᠶᠢᠨ 9 ᠤ ᠡᠳᠦᠷ | | | | ᠰᠦᠨᠢᠳ ᠪᠠᠷᠠᠭᠤᠨ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ | ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠲᠦᠰᠦᠯ | | ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠪᠤᠯ ᠮᠠᠯᠵᠢᠬᠤ | ᠲᠠᠷᠢᠶᠠᠯᠠᠬᠤ ᠤᠷᠤᠨ ᠤ ᠠᠵᠦ ᠠᠬᠤᠢ ᠨᠡᠶᠢᠬᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ | ᠴᠢᠬᠤᠯᠠ ᠲᠤᠯᠭᠠᠭᠤᠷᠢᠯᠠᠭᠴᠢ᠂ ᠬᠦᠳᠡᠭᠡ ᠲᠤᠰᠬᠤᠨ ᠤ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠴᠢᠬᠤᠯᠠ | ᠰᠠᠭᠤᠷᠢ ᠮᠦᠨ᠃ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠳᠤ ᠮᠠᠯᠵᠢᠬᠤ | ᠲᠠᠷᠢᠶᠠᠯᠠᠬᠤ ᠤᠷᠤᠨ ᠤ ᠤᠰᠤ᠂ ᠴᠠᠬᠢᠯᠭᠠᠨ᠂ ᠵᠡᠮ᠂ ᠬᠡᠢ᠂ ᠴᠢᠮᠡᠭᠡ ᠨᠡᠪᠳᠡᠷᠡᠯᠬᠡ ᠵᠢᠴᠢ ᠤᠯᠠᠨ ᠨᠠᠶᠢᠳᠠ ᠶᠢᠨ | ᠤᠷᠤᠰᠢᠨ ᠰᠠᠭᠤᠬᠤ ᠤᠷᠴᠢᠨ ᠲᠤᠭᠤᠷᠢᠨ᠂ ᠨᠠᠶᠢᠳᠠ ᠶᠢᠨ ᠬᠠᠮᠢᠶᠠᠷᠤᠯᠳᠠ᠂ ᠨᠠᠶᠢᠳᠠ ᠶᠢᠨ ᠦᠢᠯᠡᠴᠢᠯᠡᠭᠡᠨ ᠤ | ᠲᠦᠬᠦᠭᠡᠷᠤᠮᠵᠢ ᠵᠡᠷᠭᠡ ᠪᠠᠭᠳᠠᠨ᠎ᠠ᠃ ︽ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ | ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ︵ᠰᠢᠯᠢ | ᠬᠦᠭᠵᠢᠬᠦᠯᠦᠯᠳᠡ ᠦᠬᠡᠷᠡᠴᠢᠯᠠᠯᠳᠠ ᠲᠠᠷᠢᠶᠠᠯᠠᠩ ᠦᠰᠦᠭ ﹇2020﹈ 5 ᠳ᠋ᠤᠭᠠᠷ ᠲᠤᠭᠠᠳᠤ︶ ᠤᠨ ᠵᠤᠷᠢᠭ | ᠰᠠᠨᠠᠭ᠎ᠠ ᠶᠢ ᠦᠨᠳᠤᠰᠤᠯᠠᠵᠦ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ | ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠶᠢᠨ ᠲᠦᠯᠦᠬᠡ ᠲᠤᠰ ᠠᠵᠢᠯ ᠤᠨ ᠲᠦᠰᠦᠯ ᠢ | ᠲᠤᠭᠳᠠᠭᠠᠪᠠ᠃ | ᠨᠢᠬᠡ᠂ ᠶᠠᠷᠦᠩᠭᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠬᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ | ᠪᠠᠶᠢᠷᠢᠯᠠᠭᠤᠯᠤᠯᠳᠠ ᠶᠢ ᠨᠢᠬᠡᠳᠤᠯᠳᠠᠢ ᠲᠦᠯᠦᠪᠵᠢᠬᠦᠯᠦᠨ ᠠᠬᠢᠭᠤᠯᠬᠤ ᠪᠤᠯᠤᠨ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠬᠤ ᠲᠤᠭᠤᠷᠢᠨ ᠳᠤ᠂ ᠲᠤᠭᠳᠠᠭᠤᠨ ᠤ | ᠲᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠳᠤ ᠡᠵᠡᠮᠰᠢᠵᠦ᠂ ᠴᠢᠨᠠᠷᠯᠢᠭ ᠬᠦᠭᠵᠢᠯᠳᠡ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ᠬᠦᠳᠡᠭᠡ ᠲᠤᠰᠬᠤᠨ ᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ | ᠭᠡᠷᠡᠭᠵᠢᠬᠦᠯᠬᠦ ᠪᠠᠷ ᠶᠡᠷᠦᠩᠭᠡᠢ ᠭᠠᠷᠳᠠᠴᠠ ᠪᠤᠯᠭᠠᠨ᠂ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ᠮᠠᠯ | ᠲᠠᠷᠢᠶᠠᠯᠠᠩ ᠪᠠ ᠮᠠᠯᠵᠢᠬᠤ ᠲᠠᠷᠢᠶᠠᠯᠠᠬᠤ ᠤᠷᠤᠨ ᠤ ᠲᠡᠷᠢᠬᠦᠨ ᠤ ᠬᠦᠭᠵᠢᠯᠳᠡ ᠶᠢ ᠪᠡᠷᠢᠮᠳᠠᠯᠠᠨ᠂ ᠮᠠᠯᠵᠢᠬᠤ | ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢ ᠪᠦᠬᠦ | ᠲᠠᠯ᠎ᠠ ᠪᠠᠷ ᠠᠬᠢᠭᠤᠯᠬᠤ ᠶᠢᠨ ᠬᠠᠮᠳᠤ᠂ ᠵᠠᠰᠠᠭ ᠤᠨ ᠤᠷᠳᠤᠨ ᠤ ᠲᠤᠰᠢᠶᠠᠯ ᠬᠠᠷᠢᠭᠤᠴᠠᠯᠭ᠎ᠠ ᠪᠤᠯᠤᠨ ᠵᠠᠬ᠎ᠠ ᠲᠡᠯᠭᠡᠬᠦᠷ | ᠤᠨ ᠠᠵᠢᠯᠯᠠᠭ᠎ᠠ᠂ ᠨᠠᠶᠢᠳᠠ ᠶᠢᠨ ᠠᠰᠠᠷᠠᠮᠵᠢ ᠶᠢᠨ ᠦᠢᠯᠡᠴᠢᠯᠠᠭᠡᠨ ᠤ ᠬᠤᠭᠤᠷᠤᠨᠳᠤᠬᠢ ᠬᠠᠷᠢᠴᠠᠭ᠎ᠠ ᠶᠢ ᠨᠢᠬᠡᠳᠤᠯᠳᠠᠢ | ᠲᠦᠯᠦᠪᠵᠢᠬᠦᠯᠦᠨ ᠰᠠᠶᠢᠳᠤᠷ ᠰᠢᠢᠳᠪᠤᠷᠢᠯᠡᠵᠦ᠂ ᠬᠠᠮᠢᠶᠠᠷᠤᠯᠳᠠ ᠬᠠᠮᠠᠭᠠᠯᠠᠯᠳᠠ ᠶᠢᠨ ᠪᠠᠶᠢᠭᠤᠯᠤᠯ ᠢ ᠦᠬᠡᠷᠡᠴᠢᠯᠠᠨ᠂ | ᠬᠠᠮᠢᠶᠠᠷᠤᠯᠳᠠ ᠬᠠᠮᠠᠭᠠᠯᠠᠯᠳᠠ ᠶᠢᠨ ᠲᠤᠭᠳᠠᠴᠠ ᠶᠢ ᠰᠢᠨᠡᠴᠢᠯᠠᠵᠦ᠂ ᠠᠵᠦ ᠠᠬᠤᠢ ᠨᠡᠶᠢᠬᠡᠮ ᠤᠨ ᠬᠦᠭᠵᠢᠯᠳᠡ ᠶᠢᠨ | ᠱᠠᠳᠤᠨ ᠳᠤ ᠲᠤᠬᠢᠷᠠᠭᠰᠠᠨ᠂ ᠮᠠᠯᠵᠢᠬᠤ ᠲᠠᠷᠢᠶᠠᠯᠠᠬᠤ ᠤᠷᠤᠨ ᠤ ᠤᠨᠴᠠᠯᠢᠭ ᠲᠤ ᠨᠡᠶᠢᠴᠡᠭᠰᠡᠨ ᠤᠯᠠᠨ ᠨᠠᠶᠢᠳᠠ ᠶᠢᠨ | ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠲᠤᠭᠳᠠᠯᠴᠠᠭ᠎ᠠ ᠶᠢ ᠪᠠᠶᠢᠭᠤᠯᠵᠦ᠂ ᠬᠠᠮᠢᠶᠠᠷᠤᠯᠳᠠ | ᠬᠠᠮᠠᠭᠠᠯᠠᠯᠳᠠ ᠶᠢᠨ ᠬᠢᠷᠢ ᠲᠦᠪᠰᠢᠨ ᠪᠡ ᠴᠢᠨᠡᠷ ᠴᠢᠨᠰᠠᠭ᠎ᠠ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠦᠷᠭᠡᠨ ᠤᠯᠠᠨ | ᠮᠠᠯᠴᠢᠨ ᠲᠠᠷᠢᠶᠠᠴᠢᠳ ᠢ ᠤᠯᠤᠯᠳᠠ ᠲᠦᠷᠦᠭᠳᠡᠯ ᠲᠠᠢ᠂ ᠠᠮᠤᠷ ᠲᠦᠪᠰᠢᠨ᠂ ᠵᠤᠯ ᠵᠢᠷᠭᠠᠯ ᠲᠠᠢ ᠠᠮᠢᠳᠤᠷᠠᠭᠤᠯᠬᠤ | ᠪᠤᠯᠤᠨ᠎ᠠ᠃ | ︵ᠬᠤᠶᠠᠷ︶ ᠦᠨᠳᠤᠰᠤᠨ ᠵᠠᠷᠴᠢᠮ | — — ᠭᠤᠤᠯ ᠴᠤᠭᠴᠠ ᠶᠢ ᠲᠤᠳᠤᠷᠬᠠᠶᠢᠯᠠᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠵᠠᠰᠠᠭ | ᠤᠨ ᠤᠷᠳᠤᠨ ᠤ ᠡᠷᠭᠡ ᠲᠤᠰᠢᠶᠠᠯ᠂ ᠪᠡᠯᠡ ᠤᠷᠤᠭᠤᠯᠤᠯᠳᠠ ᠶᠢᠨ ᠢᠷᠠᠯᠳᠠ᠂ ᠠᠰᠢᠭ ᠬᠦᠷᠳᠡᠬᠦ ᠬᠦᠮᠦᠰ ᠵᠡᠷᠭᠡ | ᠡᠯᠧᠮᠧᠨ᠋ᠲ ᠤᠳ ᠢ ᠨᠢᠬᠡᠳᠤᠯᠳᠠᠢ ᠲᠦᠯᠦᠪᠵᠢᠬᠦᠯᠦᠨ ᠪᠤᠳᠤᠯᠬᠢᠯᠠᠵᠦ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ | ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠬᠠᠮᠢᠶᠠᠷᠴᠦ ᠬᠠᠮᠠᠭᠠᠯᠠᠬᠤ ᠭᠤᠤᠯ ᠴᠤᠭᠴᠠ | ᠶᠢ ᠵᠦᠢ ᠵᠤᠬᠢᠰᠳᠡᠢ ᠲᠤᠭᠳᠠᠭᠠᠵᠦ᠂ ᠬᠠᠮᠢᠶᠠᠷᠤᠯᠳᠠ ᠬᠠᠮᠠᠭᠠᠯᠠᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠵᠠᠷᠤᠳᠠᠯ ᠢ ᠨᠢ ᠪᠠᠳᠤᠯᠠᠨ᠎ᠠ᠃ | — — ᠬᠤᠳᠠ ᠬᠦᠳᠡᠭᠡ ᠶᠢ ᠨᠢᠬᠡ ᠴᠤᠭᠴᠠᠵᠢᠭᠤᠯᠵᠦ᠂ ᠲᠠᠩ ᠰᠠᠴᠠᠭᠤ ᠦᠢᠯᠡᠴᠢᠯᠠᠨᠡ᠃ ᠬᠤᠳᠠ | ᠬᠦᠳᠡᠭᠡ ᠶᠢᠨ ᠠᠭᠤᠰᠤᠯᠴᠠᠭᠰᠠᠨ ᠬᠦᠭᠵᠢᠯᠳᠡ ᠶᠢ ᠪᠠᠷᠢᠮᠳᠠᠯᠠᠵᠦ᠂ ᠬᠤᠳᠠ ᠬᠦᠳᠡᠭᠡᠨ ᠤ ᠰᠠᠭᠤᠷᠢ ᠲᠦᠬᠦᠭᠡᠷᠤᠮᠵᠢ | ᠶᠢ ᠬᠠᠮᠳᠤᠪᠡᠷ ᠪᠠᠶᠢᠭᠤᠯᠤᠨ ᠠᠰᠢᠭ ᠢ ᠨᠢ ᠬᠠᠮᠳᠤᠪᠡᠷ ᠬᠦᠷᠳᠡᠬᠦ᠂ ᠬᠠᠷᠢᠯᠴᠠᠨ ᠨᠡᠪᠳᠡᠷᠡᠴᠡᠬᠦᠯᠦᠭᠰᠡᠨ ᠰᠠᠭᠤᠷᠢᠨ | ᠲᠡᠭᠡᠷ᠎ᠡ᠂ ᠬᠠᠮᠢᠶᠠᠷᠤᠯᠳᠠ ᠬᠠᠮᠠᠭᠠᠯᠠᠯᠳᠠ ᠶᠢᠨ ᠨᠢᠬᠡ ᠴᠤᠭᠴᠠᠵᠢᠭᠤᠯᠤᠯᠳᠠ ᠶᠢ ᠠᠯᠬᠤᠮ ᠠᠯᠬᠤᠮ ᠢᠶᠠᠷ | ᠪᠠᠶᠡᠯᠡᠬᠦᠯᠦᠨ᠎ᠡ᠃ | — — ᠲᠤᠬᠠᠢ ᠶᠢᠨ ᠭᠠᠵᠡᠷ ᠤᠨ ᠪᠠᠶᠢᠳᠠᠯ ᠳᠤᠨᠢ ᠲᠤᠬᠢᠷᠠᠭᠤᠯᠵᠦ᠂ ᠲᠦᠷᠦᠯ ᠬᠤᠪᠢᠶᠠᠨ ᠪᠤᠳᠤᠯᠭ᠎ᠠ | ᠭᠡᠷᠡᠭᠵᠢᠬᠦᠯᠦᠨ᠎ᠡ᠃ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠬᠢᠷᠢ ᠲᠦᠪᠰᠢᠨ ᠪᠡ | ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠠᠳᠠᠯᠢ ᠪᠤᠰᠤ ᠲᠦᠷᠦᠯ ᠭᠡᠯᠪᠡᠷᠢ ᠶᠢᠨ ᠰᠠᠭᠤᠷᠢ | ᠲᠦᠬᠦᠭᠡᠷᠤᠮᠵᠢ ᠶᠢᠨ ᠤᠨᠴᠠᠯᠢᠭ ᠢ ᠬᠦᠢᠴᠡᠳ ᠪᠤᠳᠤᠯᠬᠢᠯᠠᠵᠦ᠂ ᠠᠳᠠᠯᠢ ᠪᠤᠰᠤ ᠭᠠᠵᠡᠷ ᠤᠷᠤᠨ ᠤ ᠬᠠᠮᠢᠶᠠᠷᠤᠯᠳᠠ | ᠬᠠᠮᠠᠭᠠᠯᠠᠯᠳᠠ ᠶᠢᠨ ᠠᠷᠭ᠎ᠠ ᠪᠡᠷᠢᠯ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠦ᠂ ᠠᠯᠪᠡᠳᠠᠯᠭᠠ ᠪᠠᠷ ᠲᠤᠬᠤᠵᠦ | ᠭᠡᠷᠡᠭᠯᠡᠬᠦ ᠶᠢ ᠰᠡᠷᠭᠡᠶᠢᠯᠡᠨ᠎ᠡ᠃ | — — ᠵᠠᠬ᠎ᠠ ᠲᠡᠯᠭᠡᠬᠦᠷ ᠢᠶᠠᠷ ᠠᠵᠢᠯᠯᠠᠭᠤᠯᠵᠦ᠂ ᠪᠦᠳᠤᠮᠵᠢᠳᠡᠢ ᠬᠢᠨᠡᠨ ᠬᠠᠮᠢᠶᠠᠷᠤᠨ᠎ᠠ᠃ ᠵᠠᠬ᠎ᠠ ᠲᠡᠯᠭᠡᠬᠦᠷ | ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠰᠢᠢᠳᠪᠤᠷᠢᠯᠡᠭᠴᠢ ᠦᠢᠯᠡᠳᠤᠯ ᠢ ᠬᠦᠢᠴᠡᠳ ᠪᠠᠳᠠᠷᠠᠭᠤᠯᠵᠦ᠂ | ᠦᠷᠢᠰᠦᠯᠳᠤᠭᠡᠨᠳᠤ ᠲᠤᠭᠳᠠᠴᠠ ᠶᠢ ᠤᠷᠤᠭᠤᠯᠤᠨ᠂ ᠨᠡᠶᠢᠬᠡᠮ ᠤᠨ ᠡᠯ᠎ᠡ ᠲᠦᠷᠦᠯ ᠤᠨ ᠭᠤᠤᠯ ᠴᠤᠭᠴᠠ ᠶᠢ | ᠵᠤᠷᠢᠭᠵᠢᠭᠤᠯᠤᠨ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠳᠤ | ᠤᠷᠤᠯᠴᠠᠭᠤᠯᠵᠦ᠂ ᠵᠠᠰᠠᠭ ᠤᠨ ᠤᠷᠳᠤᠨ᠂ ᠭᠠᠴᠠᠭ᠎ᠠ ᠲᠤᠰᠬᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠪᠡ | ᠮᠠᠯᠴᠢᠨ ᠲᠠᠷᠢᠶᠠᠴᠢᠳ ᠤᠨ ᠬᠢᠨᠠᠯᠳᠠ ᠲᠠᠯᠪᠢᠬᠤ ᠦᠢᠯᠡᠳᠤᠯ ᠢ ᠪᠦᠳᠤᠮᠵᠢᠳᠡᠢ ᠪᠠᠳᠠᠷᠠᠭᠤᠯᠤᠨ᠂ ᠬᠠᠮᠢᠶᠠᠷᠤᠯᠳᠠ | ᠬᠠᠮᠠᠭᠠᠯᠠᠯᠳᠠ ᠶᠢᠨ ᠦᠷ᠎ᠡ ᠪᠦᠳᠤᠮᠵᠢ ᠶᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ | — — ᠤᠷᠢᠳᠡᠪᠡᠷ ᠲᠤᠭᠳᠠᠴᠠ ᠶᠢ ᠪᠠᠶᠢᠭᠤᠯᠵᠦ᠂ ᠲᠠᠷᠠᠭ᠎ᠠ ᠨᠢ ᠢᠨᠵᠧᠨᠧᠷᠢᠩ ᠢ ᠪᠠᠶᠢᠭᠤᠯᠤᠨ᠎ᠠ᠃ ︽ | ᠪᠠᠶᠢᠭᠤᠯᠤᠯᠳᠠ ᠬᠠᠮᠢᠶᠠᠷᠤᠯᠳᠠ ᠶᠢ ᠨᠢᠭᠡ ᠴᠤᠭᠴᠠᠵᠢᠭᠤᠯᠬᠤ︾ ᠱᠠᠭᠠᠷᠳᠠᠯᠭ᠎ᠠ ᠶᠤᠰᠤᠭᠠᠷ᠂ ᠮᠠᠯᠵᠢᠬᠤ ᠲᠠᠷᠢᠶᠠᠯᠠᠬᠤ | ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢᠨ ᠱᠠᠭᠠᠷᠳᠠᠯᠭ᠎ᠠ ᠶᠢ | ᠨᠢᠭᠡᠳᠤᠯᠳᠠᠢ ᠲᠦᠯᠦᠪᠵᠢᠬᠦᠯᠦᠨ ᠪᠤᠳᠤᠯᠬᠢᠯᠠᠵᠦ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ | ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ᠂ ᠠᠵᠢᠯᠯᠠᠭ᠎ᠠ ᠪᠡ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ | ᠨᠢᠬᠡᠳᠤᠯᠳᠠᠢ ᠲᠦᠯᠦᠪᠵᠢᠬᠦᠯᠵᠦ᠂ ᠤᠷᠳᠤ ᠬᠤᠭᠤᠴᠠᠭᠠᠨ ᠤ ᠪᠦᠳᠤᠮᠵᠢᠳᠡᠢ ᠪᠠᠶᠢᠭᠤᠯᠤᠯ ᠤᠨ ᠲᠤᠭᠳᠠᠴᠠ ᠶᠢ | ᠪᠠᠶᠢᠭᠤᠯᠤᠨ᠎ᠠ᠃ | ︵ᠭᠤᠷᠪᠡ︶ ᠭᠤᠤᠯ ᠬᠠᠷᠠᠯᠳᠠ | 2025 ᠤᠨ ᠪᠤᠯᠬᠤ ᠳᠤ᠂ ᠵᠠᠰᠠᠭ ᠤᠨ ᠤᠷᠳᠤᠨ ᠢᠶᠠᠷ ᠵᠢᠯᠤᠭᠤᠳᠤᠭᠤᠯᠤᠭᠰᠠᠨ᠂ ᠤᠯᠠᠨ ᠲᠠᠯ᠎ᠠ | ᠤᠷᠤᠯᠴᠠᠭᠰᠠᠨ᠂ ᠵᠠᠬ᠎ᠠ ᠲᠠᠯᠭᠡᠬᠦᠷ ᠢᠶᠠᠷ ᠠᠵᠢᠯᠯᠠᠭᠤᠯᠤᠭᠰᠠᠨ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ | ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠪᠠᠶᠢᠭᠤᠯᠤᠯ ᠤᠨ ᠲᠤᠭᠳᠠᠴᠠ ᠶᠢ ᠠᠩᠬ᠎ᠠ | ᠠᠯᠬᠤᠮ ᠪᠠᠶᠢᠭᠤᠯᠵᠦ᠂ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠭᠤᠤᠯ ᠴᠤᠭᠴᠠ ᠪᠡ ᠬᠠᠷᠢᠭᠤᠴᠠᠯᠭ᠎ᠠ ᠶᠢ | ᠲᠤᠳᠤᠷᠬᠠᠶᠢᠯᠠᠨ᠂ ᠬᠠᠮᠢᠶᠠᠷᠤᠯᠳᠠ ᠬᠠᠮᠠᠭᠠᠯᠠᠯᠳᠠ ᠶᠢᠨ ᠪᠡᠷᠢᠮᠵᠢᠶ᠎ᠠ ᠪᠡ ᠲᠦᠷᠢᠮ ᠢ ᠪᠦᠷᠢᠨᠰᠢᠬᠦᠯᠵᠦ᠂ ᠬᠠᠮᠢᠶᠠᠷᠤᠯᠳᠠ | ᠬᠠᠮᠠᠭᠠᠯᠠᠯᠳᠠ ᠶᠢᠨ ᠵᠠᠷᠤᠳᠠᠯ ᠢ ᠨᠠᠯᠢᠶᠠᠳ ᠰᠠᠶᠢᠨ ᠨᠠᠶᠢᠳᠠᠪᠤᠷᠢᠵᠢᠭᠤᠯᠤᠨ᠂ ᠬᠠᠮᠢᠶᠠᠷᠤᠯᠳᠠ ᠬᠠᠮᠠᠭᠠᠯᠠᠯᠳᠠ ᠶᠢᠨ ᠬᠢᠷᠢ | ᠲᠦᠪᠰᠢᠨ ᠪᠡ ᠴᠢᠨᠡᠷ ᠴᠢᠨᠰᠠᠭ᠎ᠠ ᠶᠢ ᠮᠡᠳᠡᠭᠳᠡᠮ᠎ᠡ ᠲᠡᠭᠡᠭᠰᠢᠯᠡᠬᠦᠯᠦᠨ᠎ᠡ᠃ 2035 ᠤᠨ ᠪᠤᠯᠬᠤ ᠳᠤ᠂ ᠬᠤᠳᠠ | ᠬᠦᠳᠡᠭᠡ ᠶᠢᠨ ᠨᠢᠬᠡ ᠴᠤᠭᠴᠠᠵᠢᠭᠰᠠᠨ ᠬᠠᠮᠢᠶᠠᠷᠤᠯᠳᠠ ᠬᠠᠮᠠᠭᠠᠯᠠᠯᠳᠠ ᠶᠢᠨ ᠪᠠᠶᠢᠭᠤᠯᠤᠯ ᠢ ᠦᠨᠳᠤᠰᠤᠨ ᠳᠡᠭᠡᠨ | ᠪᠦᠷᠢᠨᠰᠢᠬᠦᠯᠵᠦ᠂ ᠡᠷᠭᠡ ᠬᠠᠷᠢᠭᠤᠴᠠᠯᠭ᠎ᠠ ᠲᠤᠳᠤᠷᠬᠠᠢ᠂ ᠭᠤᠤᠯ ᠴᠤᠭᠴᠠ ᠤᠯᠠᠨ ᠡᠰᠢᠵᠢᠭᠰᠡᠨ᠂ ᠪᠠᠳᠤᠯᠠᠭ᠎ᠠ | ᠬᠦᠴᠦᠳᠡᠢ ᠤᠷᠳᠤ ᠬᠤᠭᠤᠴᠠᠭᠠᠨ ᠤ ᠪᠦᠳᠤᠮᠵᠢᠳᠤ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠲᠤᠭᠳᠠᠴᠠ ᠶᠢ | ᠦᠨᠳᠤᠰᠤᠨ ᠳᠡᠭᠡᠨ ᠪᠦᠷᠢᠯᠳᠤᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠡᠯ᠎ᠡ ᠲᠦᠷᠦᠯ ᠤᠨ | ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ ᠦᠨᠳᠤᠰᠤᠨ ᠳᠡᠭᠡᠨ | ᠪᠤᠳᠠᠳᠠᠶᠢᠵᠢᠭᠤᠯᠤᠨ᠎ᠠ᠃ | ᠬᠤᠶᠠᠷ᠂ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠬᠠᠷᠢᠭᠤᠴᠠᠯᠭ᠎ᠠ ᠶᠢ ᠲᠤᠳᠤᠷᠬᠠᠶᠢᠯᠠᠨ᠎ᠠ | ︵ᠲᠦᠷᠪᠡ︶ ᠵᠠᠰᠠᠭ ᠤᠨ ᠤᠷᠳᠤᠨ ᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠬᠤᠰᠢᠭᠤ ᠠᠷᠠᠳ ᠤᠨ ᠵᠠᠰᠠᠭ ᠤᠨ ᠤᠷᠳᠤᠨ ᠪᠤᠯ ᠨᠢᠬᠡᠳᠤᠭᠡᠷ ᠬᠠᠷᠢᠭᠤᠴᠠᠯᠭ᠎ᠠ ᠶᠢᠨ ᠭᠤᠤᠯ ᠴᠤᠭᠴᠠ ᠪᠠᠶᠢᠵᠦ᠂ | ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ | ᠶᠢᠨ ᠠᠵᠢᠯ ᠤᠨ ᠬᠠᠷᠢᠭᠤᠴᠠᠯᠭ᠎ᠠ ᠶᠢ ᠡᠬᠦᠷᠭᠡᠯᠡᠵᠦ᠂ ᠬᠤᠰᠢᠭᠤ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ | ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ ᠨᠢ | ᠠᠵᠢᠯ ᠲᠦᠷᠦᠯ ᠤᠨ ᠰᠠᠯᠠᠭ᠎ᠠ ᠮᠦᠴᠢᠷ ᠤᠨ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ | ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠳᠤ ᠬᠢᠨᠡᠯᠳᠠ ᠲᠡᠯᠪᠢᠵᠦ ᠡᠨᠡᠬᠦ ᠠᠵᠢᠯ ᠢ ᠨᠢ | ᠵᠤᠬᠢᠴᠠᠭᠤᠯᠤᠨ ᠨᠠᠶᠢᠳᠠᠪᠤᠷᠢᠵᠢᠭᠤᠯᠵᠦ᠂ ᠰᠤᠮᠤ ᠪᠠᠯᠭᠠᠰᠤᠨ ᠤ ᠵᠠᠰᠠᠭ ᠤᠨ ᠤᠷᠳᠤᠨ ᠨᠢ ᠬᠠᠷᠢᠶ᠎ᠠ ᠭᠠᠵᠡᠷ ᠤᠨ ᠢᠶᠠᠨ | ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠬᠦᠢᠴᠡᠳᠭᠡᠨ᠎ᠡ᠃ ᠡᠳ᠋ ᠤᠨ ᠵᠠᠰᠠᠭ ᠤᠨ ᠡᠷᠭᠡ ᠲᠤᠰᠢᠶᠠᠯ᠂ ᠵᠠᠷᠤᠯᠭ᠎ᠠ ᠶᠢᠨ | ᠬᠠᠷᠢᠭᠤᠴᠠᠯᠭ᠎ᠠ ᠪᠡ ᠡᠯ᠎ᠡ ᠲᠦᠷᠦᠯ ᠤᠨ ᠲᠦᠬᠦᠭᠡᠷᠤᠮᠵᠢ ᠶᠢᠨ ᠦᠮᠴᠢᠯᠠᠬᠦ ᠡᠷᠭᠡ᠂ ᠡᠵᠡᠩᠨᠡᠬᠦ ᠡᠷᠭᠡ᠂ ᠬᠠᠮᠢᠶᠠᠷᠬᠤ | ᠡᠷᠭᠡ ᠶᠢ ᠲᠤᠳᠤᠷᠬᠠᠶᠢᠯᠠᠭᠰᠠᠨ ᠰᠠᠭᠤᠷᠢᠨ ᠲᠡᠭᠡᠷ᠎ᠡ᠂ ᠡᠳ᠋ ᠬᠦᠷᠦᠩᠭᠡ ᠶᠢᠨ ᠡᠷᠭᠡ ᠪᠤᠯᠤᠨ ᠡᠷᠭᠡ ᠲᠤᠰᠢᠶᠠᠯ | ᠨᠢᠬᠡᠳᠤᠯᠳᠡᠢ ᠪᠠᠶᠢᠬᠤ ᠵᠡᠷᠴᠢᠮ ᠶᠤᠰᠤᠭᠠᠷ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ | ᠲᠤᠭᠤᠷᠢᠨ ᠢ ᠴᠡᠭᠴᠡᠯᠡᠨ ᠬᠠᠮᠢᠶᠠᠷᠴᠦ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠤᠭᠴᠠ ᠶᠢ | ᠲᠤᠭᠳᠠᠭᠠᠵᠦ᠂ ᠬᠠᠮᠢᠶᠠᠷᠤᠯᠳᠠ ᠬᠠᠮᠠᠭᠠᠯᠠᠯᠳᠠ ᠶᠢᠨ ᠪᠡᠯᠡ ᠮᠦᠩᠬᠦᠨ ᠤ ᠢᠷᠡᠯᠳᠡ ᠪᠡ ᠨᠢᠬᠡᠳᠤᠯᠳᠠᠢ | ᠲᠦᠯᠦᠪᠵᠢᠬᠦᠯᠦᠭᠰᠡᠨ ᠬᠠᠮᠢᠶᠠᠷᠤᠯᠳᠠ ᠶᠢ ᠴᠢᠩᠭᠠᠳᠬᠠᠨ᠎ᠠ᠃ | ︵ᠲᠠᠪᠤ︶ ᠰᠠᠯᠠᠭ᠎ᠠ ᠮᠦᠴᠢᠷ ᠤᠨ ᠠᠵᠢᠯ ᠲᠦᠷᠦᠯ ᠤᠨ ᠬᠢᠨᠡᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ | ᠲᠤᠳᠤᠷᠬᠠᠶᠢᠯᠠᠨ᠎ᠠ᠃ ᠬᠦᠭᠵᠢᠬᠦᠯᠦᠯᠳᠡ ᠪᠡ ᠦᠬᠡᠷᠡᠴᠢᠯᠠᠯᠳᠠ ᠶᠢᠨ ᠵᠦᠪᠯᠡᠯ᠂ ᠡᠳ᠋ ᠤᠨ ᠵᠠᠰᠠᠭ ᠤᠨ ᠲᠤᠪᠴᠢᠶ᠎ᠠ᠂ | ᠰᠤᠷᠭᠠᠨ ᠬᠦᠮᠦᠵᠢᠯ ᠤᠨ ᠲᠤᠪᠴᠢᠶ᠎ᠠ᠂ ᠠᠵᠦ ᠦᠢᠯᠡᠳᠪᠤᠷᠢ ᠪᠡ ᠮᠡᠳᠡᠭᠡ ᠵᠠᠩᠬᠢᠵᠢᠯᠳᠠ ᠶᠢᠨ ᠲᠤᠪᠴᠢᠶ᠎ᠠ᠂ ᠠᠷᠠᠳ | ᠤᠨ ᠶᠠᠪᠤᠳᠠᠯ ᠤᠨ ᠲᠤᠪᠴᠢᠶ᠎ᠠ᠂ ᠤᠷᠤᠨ ᠰᠠᠭᠤᠴᠠ ᠶᠢᠨ ᠪᠦᠳᠤᠭᠡᠨ ᠪᠠᠶᠢᠭᠤᠯᠤᠯᠳᠠ ᠶᠢᠨ ᠲᠤᠪᠴᠢᠶ᠎ᠠ᠂ ᠵᠡᠮ | ᠬᠠᠷᠢᠯᠴᠠᠭᠠᠨ ᠤ ᠲᠤᠪᠴᠢᠶ᠎ᠠ᠂ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ︵ | ᠤᠰᠤᠨ ᠠᠰᠢᠭᠯᠠᠯᠳᠠ ᠶᠢᠨ ᠲᠤᠪᠴᠢᠶ᠎ᠠ︶᠂ ᠤᠢ ᠰᠢᠭᠤᠢ ᠪᠡ ᠨᠤᠳᠤᠭ ᠪᠡᠯᠴᠢᠬᠡᠷ ᠤᠨ ᠲᠤᠪᠴᠢᠶ᠎ᠠ᠂ ᠰᠤᠶᠤᠯ | ᠲᠠᠮᠢᠷ ᠤᠨ ᠲᠤᠪᠴᠢᠶ᠎ᠠ ︵ᠷᠡᠳᠢᠤ᠋ ᠲᠧᠯᠸᠢᠰ ᠲᠤᠪᠴᠢᠶ᠎ᠠ︶᠂ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ | ᠂ ᠴᠠᠬᠢᠯᠭᠠᠨ ᠬᠠᠩᠭᠠᠬᠤ ᠲᠤᠪᠴᠢᠶ᠎ᠠ ᠵᠡᠷᠭᠡ ᠰᠠᠯᠠᠭ᠎ᠠ ᠮᠦᠴᠢᠷ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ | ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠳᠤ ᠬᠢᠨᠡᠨ ᠬᠠᠮᠢᠶᠠᠷᠤᠯᠳᠠ ᠶᠢᠨ | ᠬᠠᠷᠢᠭᠤᠴᠠᠯᠭ᠎ᠠ ᠡᠬᠦᠷᠭᠡᠯᠡᠵᠦ᠂ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠪᠠᠷ ᠢᠶᠠᠨ ᠠᠵᠢᠯ ᠬᠤᠪᠢᠶᠠᠷᠢᠯᠠᠵᠦ | ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ | ᠬᠠᠮᠠᠭᠠᠯᠠᠯᠳᠠ ᠶᠢᠨ ᠲᠦᠷᠢᠮ᠂ ᠪᠡᠷᠢᠮᠵᠢᠶ᠎ᠠ ᠶᠢ ᠲᠦᠷᠭᠡᠨ ᠲᠤᠭᠳᠠᠭᠠᠵᠦ᠂ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ | ᠤᠨ ᠬᠠᠷᠠᠯᠳᠠ᠂ ᠶᠠᠰᠤ ᠴᠢᠨᠡᠷ ᠤᠨ ᠱᠠᠭᠠᠷᠳᠠᠯᠭ᠎ᠠ᠂ ᠠᠷᠭ᠎ᠠ ᠬᠡᠯᠪᠡᠷᠢ᠂ ᠠᠵᠢᠯᠯᠠᠬᠤ ᠲᠦᠷᠢᠮ ᠵᠢᠴᠢ ᠪᠠᠴᠢᠮ ᠪᠠᠶᠢᠳᠠᠯ | ᠢ ᠠᠷᠭᠠᠴᠠᠭᠠᠬᠤ ᠪᠠᠳᠤᠯᠠᠭ᠎ᠠ ᠶᠢᠨ ᠲᠤᠭᠳᠠᠴᠠ ᠵᠡᠷᠭᠡ ᠶᠢ ᠲᠤᠳᠤᠷᠬᠠᠶᠢᠯᠠᠨ᠎ᠠ᠃ ᠪᠤᠯᠪᠠᠰᠤᠷᠠᠯ ᠪᠡ ᠬᠢᠨᠡᠯᠳᠠ ᠶᠢ | ᠴᠢᠩᠭᠠᠳᠬᠠᠵᠦ᠂ ᠠᠵᠢᠯᠯᠠᠭᠠᠨ ᠤ ᠬᠠᠮᠢᠶᠠᠷᠤᠯᠳᠠ ᠬᠠᠮᠠᠭᠠᠯᠠᠯᠳᠠ ᠶᠢᠨ ᠭᠤᠤᠯ ᠴᠤᠭᠴᠠ ᠶᠢ ᠵᠢᠯᠤᠭᠤᠳᠤᠨ | ᠬᠠᠮᠢᠶᠠᠷᠤᠯᠳᠠ ᠬᠠᠮᠠᠭᠠᠯᠠᠯᠳᠠ ᠶᠢᠨ ᠴᠢᠳᠠᠪᠤᠷᠢ ᠶᠢ ᠨᠢ ᠲᠡᠭᠡᠭᠰᠢᠯᠡᠬᠦᠯᠵᠦ᠂ ᠬᠠᠮᠢᠶᠠᠷᠤᠯᠳᠠ ᠬᠠᠮᠠᠭᠠᠯᠠᠯᠳᠠ ᠶᠢᠨ | ᠪᠡᠷᠢᠮᠵᠢᠶᠠᠵᠢᠭᠤᠯᠤᠯᠳᠠ᠂ ᠲᠦᠷᠢᠮᠵᠢᠬᠦᠯᠦᠯᠳᠡ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ | ︵ᠵᠢᠷᠭᠤᠭ᠎ᠠ︶ ᠭᠠᠴᠠᠭ᠎ᠠ ᠲᠤᠰᠬᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠶᠢᠨ ᠦᠢᠯᠡᠳᠤᠯ ᠢ | ᠪᠠᠳᠠᠷᠠᠭᠤᠯᠤᠨ᠎ᠠ᠃ ᠭᠠᠴᠠᠭ᠎ᠠ ᠲᠤᠰᠬᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠨᠢ ᠬᠠᠷᠢᠶ᠎ᠠ ᠤᠷᠤᠨ ᠤ ᠪᠠᠨ | ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ | ᠶᠢᠨ ᠬᠠᠷᠢᠭᠤᠴᠠᠯᠭ᠎ᠠ ᠶᠢ ᠡᠬᠦᠷᠭᠡᠯᠡᠨ᠎ᠡ᠃ ᠭᠠᠴᠠᠭ᠎ᠠ ᠲᠤᠰᠬᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠶᠢᠨ | ᠡᠬᠦᠷᠭᠡᠯᠡᠬᠦ ᠵᠤᠬᠢᠰᠳᠠᠢ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ | ᠬᠠᠮᠢᠶᠠᠷᠤᠯᠳᠠ ᠬᠠᠮᠠᠭᠠᠯᠠᠯᠳᠠ ᠶᠢᠨ ᠬᠠᠷᠢᠭᠤᠴᠠᠯᠭ᠎ᠠ᠂ ᠵᠢᠱᠢᠶᠠᠯᠠᠪᠡᠯ ᠮᠠᠯᠴᠢᠨ ᠲᠠᠷᠢᠶᠠᠴᠢᠳ᠂ ᠮᠠᠯᠴᠢᠨ ᠲᠠᠷᠢᠶᠠᠴᠢᠳ | ᠤᠨ ᠲᠤᠰᠬᠠᠢ ᠬᠤᠷᠰᠢᠶᠠᠵᠢᠯ ᠪᠤᠶᠤ ᠨᠡᠶᠢᠭᠡᠮ ᠤᠨ ᠬᠦᠴᠦᠨ ᠳᠤ ᠨᠠᠶᠢᠳᠠᠨ ᠤᠷᠤᠯᠠᠭᠤᠯᠤᠨ ᠬᠠᠮᠢᠶᠠᠷᠤᠭᠤᠯᠤᠭᠰᠠᠨ ᠪᠤᠯ | ᠂ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠨᠢ ᠬᠢᠨᠡᠯᠳᠠ ᠶᠢᠨ ᠬᠠᠷᠢᠭᠤᠴᠠᠯᠭ᠎ᠠ | ᠡᠬᠦᠷᠭᠡᠯᠡᠨ᠎ᠡ᠃ ᠭᠠᠴᠠᠭ᠎ᠠ ᠲᠤᠰᠬᠤᠨ ᠤ ᠠᠷᠠᠳ ᠤᠨ ᠦᠪᠡᠷᠳᠡᠭᠡᠨ ᠵᠠᠰᠠᠬᠤ ᠲᠤᠭᠳᠠᠴᠠ ᠶᠢ ᠪᠦᠷᠢᠨᠰᠢᠬᠦᠯᠵᠦ᠂ ︽ | ᠲᠤᠰᠬᠠᠢ ᠶᠠᠪᠤᠳᠠᠯ ᠢ ᠲᠤᠰᠬᠠᠢ ᠵᠦᠪᠯᠡᠬᠦ︾ ᠠᠷᠠᠳᠴᠢᠯᠠᠯ ᠢᠶᠠᠷ ᠪᠤᠳᠤᠯᠭ᠎ᠠ ᠲᠤᠭᠳᠠᠭᠠᠬᠤ ᠲᠤᠭᠳᠠᠴᠠ ᠶᠢ ᠬᠦᠢᠴᠡᠳ | ᠠᠰᠢᠭᠯᠠᠨ᠂ ᠢᠯᠡ ᠪᠤᠯᠭᠠᠬᠤ ᠲᠦᠷᠢᠮ ᠢ ᠲᠡᠬᠦᠯᠳᠡᠷᠵᠢᠬᠦᠯᠵᠦ᠂ ᠭᠠᠴᠠᠭ᠎ᠠ ᠲᠤᠰᠬᠤᠨ ᠤ ᠠᠷᠠᠳ ᠤᠨ ᠡᠷᠭᠡ ᠠᠰᠢᠭ | ᠢ ᠪᠠᠳᠤᠯᠠᠨ᠎ᠠ᠃ | ︵ᠲᠤᠯᠤᠭ᠎ᠠ︶ ᠠᠵᠢᠯᠯᠠᠭᠠᠨ ᠤ ᠭᠤᠤᠯ ᠴᠤᠭᠴᠠ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠬᠠᠷᠢᠭᠤᠴᠠᠯᠭ᠎ᠠ | ᠶᠢ ᠴᠢᠩᠭᠠᠳᠬᠠᠨ᠎ᠠ᠃ ᠲᠦᠭᠡᠭᠡᠯ ᠤᠰᠤ᠂ ᠴᠠᠬᠢᠯᠭᠠᠨ ᠬᠦᠴᠦᠨ᠂ ᠰᠢᠳᠠᠮᠠᠬᠠᠢ ᠭᠡᠢ᠂ ᠴᠢᠮᠡᠭᠡ ᠨᠡᠪᠳᠡᠷᠡᠯᠭᠡ᠂ | ᠰᠢᠤᠳᠠᠨ ᠵᠡᠷᠭᠡ ᠲᠦᠬᠦᠭᠡᠷᠤᠮᠵᠢ ᠶᠢ ᠠᠵᠢᠯᠯᠠᠭᠤᠯᠬᠤ ᠠᠵᠦ ᠠᠬᠤᠶᠢᠯᠠᠯ ᠨᠡᠶᠢᠬᠡᠮ ᠤᠨ ᠬᠠᠷᠢᠭᠤᠴᠠᠯᠭ᠎ᠠ ᠶᠢᠨ | ᠤᠬᠠᠮᠰᠠᠷ ᠢᠶᠠᠨ ᠪᠠᠳᠤ ᠪᠠᠬᠢ ᠪᠤᠢ ᠪᠤᠯᠭᠠᠵᠦ᠂ ᠬᠠᠮᠢᠶᠠᠷᠤᠯᠳᠠ ᠬᠠᠮᠠᠭᠠᠯᠠᠯᠳᠠ ᠶᠢᠨ ᠪᠠᠷᠢᠮᠵᠢᠶ᠎ᠠ ᠪᠡ ᠲᠦᠷᠢᠮ | ᠲᠤᠭᠳᠠᠭᠠᠯ ᠢ ᠪᠠᠶᠢᠭᠤᠯᠤᠨ ᠪᠦᠷᠢᠨᠰᠢᠬᠦᠯᠵᠦ᠂ ᠬᠠᠷᠢᠶ᠎ᠠ ᠮᠠᠯᠵᠢᠬᠤ ᠲᠠᠷᠢᠶᠠᠯᠠᠬᠤ ᠤᠷᠤᠨ ᠤ ᠪᠠᠨ ᠤᠯᠠᠨ ᠨᠠᠶᠢᠳᠠ ᠶᠢᠨ | ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠦ᠂ | ᠵᠠᠰᠠᠭ ᠤᠨ ᠤᠷᠳᠤᠨ᠂ ᠭᠠᠴᠠᠭ᠎ᠠ ᠲᠤᠰᠬᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠪᠡ ᠭᠠᠴᠠᠭ᠎ᠠ ᠲᠤᠰᠬᠤᠨ ᠤ | ᠠᠷᠠᠳ ᠤᠨ ᠬᠢᠨᠡᠯᠳᠠ ᠶᠢ ᠤᠬᠠᠮᠰᠠᠷ ᠠᠴᠠ ᠪᠠᠨ ᠬᠦᠯᠢᠶᠠᠵᠦ᠂ ᠬᠠᠷᠢᠶ᠎ᠠ ᠰᠠᠭᠤᠷᠢ ᠲᠦᠬᠦᠭᠡᠷᠤᠮᠵᠢ ᠶᠢᠨ ᠢᠶᠠᠨ | ᠲᠤᠭᠳᠠᠭᠤᠨ ᠢᠶᠠᠷ ᠠᠵᠢᠯᠯᠠᠬᠤ ᠶᠢ ᠪᠠᠳᠤᠯᠠᠨ᠎ᠠ᠃ ᠰᠤᠷᠭᠠᠭᠤᠯᠢ ︵ᠬᠡᠤᠭᠡᠳ ᠤᠨ ᠴᠡᠴᠡᠷᠯᠢᠭ︶᠂ ᠡᠮᠨᠡᠯᠬᠡ ᠶᠢᠨ | ᠬᠤᠷᠢᠶ᠎ᠠ ︵ᠰᠤᠮᠤᠨ ᠤ ᠡᠮᠨᠡᠯᠬᠡ ᠶᠢᠨ ᠬᠤᠷᠢᠶ᠎ᠠ︶᠂ ᠨᠠᠰᠤᠳᠠᠨ ᠢ ᠠᠰᠠᠷᠠᠬᠤ ᠬᠦᠷᠢᠶᠠᠯᠠᠩ ᠵᠡᠷᠭᠡ ᠮᠠᠯᠵᠢᠬᠤ | ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠦᠢᠯᠡᠴᠢᠯᠡᠭᠡ ᠬᠠᠩᠭᠠᠬᠤ ᠨᠢᠭᠡᠴᠠ ᠬᠠᠷᠢᠶ᠎ᠠ ᠲᠦᠬᠦᠭᠡᠷᠤᠮᠵᠢ ᠶᠢᠨ | ᠢᠶᠠᠨ ᠬᠠᠮᠢᠶᠠᠷᠤᠯᠳᠠ ᠬᠠᠮᠠᠭᠠᠯᠠᠯᠳᠠ ᠶᠢᠨ ᠬᠠᠷᠢᠭᠤᠴᠠᠯᠭ᠎ᠠ ᠶᠢ ᠡᠬᠦᠷᠭᠡᠯᠡᠨ᠎ᠡ᠃ | ︵ᠨᠠᠢᠮᠠ︶ ᠠᠰᠢᠭ ᠬᠦᠷᠳᠡᠭᠴᠢ ᠠᠴᠠ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠨ᠎ᠡ᠃ ᠦᠷᠭᠡᠨ ᠤᠯᠠᠨ | ᠮᠠᠯᠴᠢᠨ ᠲᠠᠷᠢᠶᠠᠴᠢᠳ ᠪᠤᠯ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠠᠴᠠ | ᠰᠢᠭᠤᠳ ᠠᠰᠢᠭ ᠬᠦᠷᠳᠡᠬᠦ ᠭᠤᠤᠯ ᠴᠤᠭᠴᠠ ᠪᠤᠯᠬᠤᠷ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ | ᠠᠵᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠬᠤ ᠤᠬᠠᠮᠰᠠᠷ ᠢᠶᠠᠨ ᠨᠡᠮᠡᠭᠳᠡᠬᠦᠯᠵᠦ᠂ ᠬᠠᠮᠢᠶᠠᠷᠤᠯᠳᠠ ᠬᠠᠮᠠᠭᠠᠯᠠᠯᠳᠠ | ᠶᠢᠨ ᠭᠤᠤᠯ ᠴᠤᠭᠴᠠ ᠳᠤ ᠬᠢᠨᠠᠯᠳᠠ ᠲᠠᠯᠪᠢᠬᠤ ᠦᠢᠯᠡᠳᠤᠯ ᠢᠶᠠᠨ ᠢᠳᠡᠪᠬᠢᠳᠡᠢ ᠪᠠᠳᠠᠷᠠᠭᠤᠯᠬᠤ ᠪᠠᠷ ᠪᠡᠷᠡᠬᠤ ᠦᠬᠡᠢ | ᠠᠰᠢᠭ ᠬᠦᠷᠳᠡᠭᠴᠢ ᠶᠢᠨ ᠡᠬᠦᠷᠭᠡ ᠪᠠᠨ ᠰᠠᠶᠢᠳᠤᠷ ᠬᠦᠢᠴᠡᠳᠭᠡᠨ᠂ ᠲᠦᠯᠦᠪᠤᠷᠢ ᠲᠠᠢ ᠦᠢᠯᠡᠴᠢᠯᠡᠭᠡ ᠪᠤᠯᠤᠨ | ᠪᠦᠳᠤᠭᠡᠭᠳᠡᠬᠦᠨ ᠢ ᠭᠡᠷᠡᠭᠯᠡᠭᠰᠡᠨ ᠵᠠᠷᠤᠳᠠᠯ ᠢ ᠤᠬᠠᠮᠰᠠᠷ ᠠᠴᠠ ᠪᠠᠨ ᠲᠤᠰᠢᠶᠠᠨ᠎ᠠ᠃ ᠭᠡᠷᠡᠭᠯᠡᠭᠴᠢᠳ ᠤᠨ ᠬᠠᠮᠢᠶᠠᠷᠤᠯᠳᠠ | ᠶᠢᠨ ᠨᠡᠶᠢᠭᠡᠮᠯᠢᠭ ᠢ ᠪᠠᠶᠢᠭᠤᠯᠵᠦ᠂ ᠭᠠᠴᠠᠭ᠎ᠠ ᠲᠤᠰᠬᠤᠨ ᠤ ᠠᠷᠠᠳ ᠦᠪᠡᠷᠳᠡᠭᠡᠨ ᠭᠡᠷᠡᠭᠯᠡᠬᠦ ᠶᠢᠨ ᠲᠠᠭᠠᠣ ᠬᠠᠮᠢᠶᠠᠷᠬᠤ | ᠪᠤᠯᠤᠨ ᠵᠠᠰᠠᠭ ᠤᠨ ᠤᠷᠳᠤᠨ ᠬᠢᠨᠠᠨ ᠬᠠᠮᠢᠶᠠᠷᠴᠦ ᠦᠢᠯᠡᠴᠢᠯᠠᠬᠦ ᠶᠢ ᠬᠠᠷᠢᠯᠴᠠᠨ ᠤᠶᠠᠯᠳᠤᠭᠤᠯᠤᠭᠰᠠᠨ ᠬᠠᠮᠢᠶᠠᠷᠤᠯᠳᠠ | ᠬᠠᠮᠠᠭᠠᠯᠠᠯᠳᠠ ᠶᠢᠨ ᠪᠠᠶᠢᠭᠤᠯᠤᠯ ᠢ ᠪᠠᠶᠢᠭᠤᠯᠤᠨ᠎ᠠ᠃ ᠡᠬᠦᠳᠡᠨ ᠡᠮᠤᠨᠡᠬᠢ ᠭᠤᠷᠪᠡ ᠶᠢ ᠲᠠᠭᠠᠭᠠᠴᠢᠯᠠᠬᠤ᠂ ᠨᠡᠮ ᠤᠨ | ᠭᠡᠰᠢᠬᠦᠨ ᠤ ᠬᠠᠷᠢᠭᠤᠴᠠᠬᠤ ᠲᠤᠭᠤᠷᠢᠭ ᠵᠡᠷᠭᠡ ᠭᠡᠯᠪᠡᠷᠢ ᠶᠢ ᠠᠰᠢᠭᠯᠠᠵᠦ᠂ ᠮᠠᠯᠴᠢᠨ ᠲᠠᠷᠢᠶᠠᠴᠢᠳ ᠢ ᠵᠢᠯᠤᠭᠤᠳᠤᠨ | ᠭᠠᠴᠠᠭ᠎ᠠ ᠲᠤᠰᠬᠤᠨ ᠤ ᠵᠡᠮ᠂ ᠬᠤᠭ ᠨᠤᠪᠰᠢ ᠬᠤᠷᠢᠶᠠᠬᠤ ᠲᠦᠬᠦᠭᠡᠷᠤᠮᠵᠢ ᠪᠡ ᠤᠯᠠᠨ ᠨᠠᠶᠢᠳᠠ ᠶᠢᠨ | ᠨᠤᠭᠤᠭᠠᠷᠠᠭᠤᠯᠤᠭᠰᠠᠨ ᠭᠠᠵᠡᠷ ᠵᠡᠷᠭᠡ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠳᠤ ᠤᠷᠤᠯᠴᠠᠬᠤ ᠶᠢ | ᠵᠤᠷᠢᠭᠵᠢᠭᠤᠯᠤᠨ᠎ᠠ᠃ ᠭᠠᠴᠠᠭ᠎ᠠ ᠲᠤᠰᠬᠤᠨ ᠤ ᠠᠷᠠᠳ ᠤᠨ ᠦᠪᠡᠷᠳᠡᠭᠡᠨ ᠵᠠᠰᠠᠬᠤ ᠲᠦᠷᠢᠮ ᠲᠤᠭᠳᠠᠭᠠᠯ᠂ ᠭᠠᠴᠠᠭ᠎ᠠ | ᠲᠤᠰᠬᠤᠨ ᠤ ᠲᠦᠷᠢᠮ ᠠᠷᠠᠳ ᠤᠨ ᠬᠡᠷ᠎ᠡ ᠶᠢᠨ ᠤᠨᠴᠠᠯᠢᠭᠳᠤ ᠴᠢᠳᠠᠪᠬᠢ ᠶᠢ ᠬᠦᠢᠴᠡᠳ ᠪᠠᠳᠠᠷᠠᠭᠤᠯᠵᠦ᠂ ᠨᠡᠮ ᠤᠨ | ᠭᠡᠰᠢᠬᠦᠨ ᠺᠡᠳ᠋ᠷᠴᠤᠳ᠂ ᠶᠤᠰᠤ ᠮᠤᠷᠠᠯ ᠤᠨ ᠵᠢᠱᠢᠶᠠᠴᠢ ᠵᠡᠷᠭᠡ ᠶᠢᠨ ᠲᠠᠭᠠᠭᠤᠯᠤᠭᠴᠢ ᠦᠢᠯᠡᠳᠤᠯ ᠢ ᠨᠢ ᠢᠳᠡᠪᠬᠢᠳᠡᠢ | ᠪᠠᠳᠠᠷᠠᠭᠤᠯᠤᠨ᠂ ᠨᠠᠶᠢᠳᠠ ᠶᠢᠨ ᠡᠮᠬᠢ ᠵᠢᠷᠤᠮ ᠪᠡ ᠰᠠᠶᠢᠨ ᠰᠠᠶᠢᠬᠠᠨ ᠲᠠᠳᠬᠠᠯ ᠢ ᠨᠢ ᠪᠠᠳᠠᠷᠠᠭᠤᠯᠵᠦ᠂ ᠦᠷᠭᠡᠨ | ᠤᠯᠠᠨ ᠮᠠᠯᠴᠢᠨ ᠲᠠᠷᠢᠶᠠᠴᠢᠳ ᠤᠨ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢ ᠤᠬᠠᠮᠰᠠᠷ ᠠᠴᠠ ᠪᠠᠨ | ᠬᠠᠶᠢᠷᠠᠯᠠᠨ ᠬᠠᠮᠠᠭᠠᠯᠠᠬᠤ ᠶᠢ ᠨᠢ ᠵᠢᠯᠤᠭᠤᠳᠤᠨ᠎ᠠ᠃ | ᠭᠤᠷᠪᠡ᠂ ᠲᠦᠷᠦᠯ ᠬᠤᠪᠢᠶᠠᠨ ᠬᠠᠮᠢᠶᠠᠷᠤᠨ ᠬᠠᠮᠠᠭᠠᠯᠠᠬᠤ ᠦᠨᠳᠤᠷ ᠦᠷ᠎ᠡ ᠠᠰᠢᠭᠳᠤ ᠲᠤᠭᠳᠠᠴᠠ ᠶᠢ | ᠪᠦᠷᠢᠨᠰᠢᠬᠦᠯᠦᠨ᠎ᠡ | ︵ᠶᠢᠰᠦ︶ ᠤᠯᠠᠨ ᠨᠠᠶᠢᠳᠠ ᠶᠢᠨ ᠡᠵᠡᠩᠨᠡᠯᠳᠡ ᠶᠢᠨ ᠪᠤᠰᠤ ᠴᠢᠨᠡᠷᠳᠡᠢ ᠰᠠᠭᠤᠷᠢ ᠲᠦᠬᠦᠭᠡᠷᠤᠮᠵᠢ ᠶᠢᠨ ᠠᠵᠢᠯ | ᠲᠦᠷᠦᠯ ᠤᠨ ᠰᠠᠯᠠᠭ᠎ᠠ ᠮᠦᠴᠢᠷ ᠪᠤᠶᠤ ᠭᠠᠴᠠᠭ᠎ᠠ ᠲᠤᠰᠬᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠶᠢᠨ | ᠬᠠᠮᠢᠶᠠᠷᠤᠯᠳᠠ ᠬᠠᠮᠠᠭᠠᠯᠠᠯᠳᠠ ᠶᠢᠨ ᠲᠤᠭᠳᠠᠴᠠ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠯᠠᠨ | ᠨᠠᠶᠢᠳᠠ ᠶᠢᠨ ᠬᠠᠮᠢᠶᠠᠷᠤᠯᠳᠠ ᠪᠡ ᠦᠢᠯᠡᠴᠢᠯᠠᠬᠡᠨ ᠤ ᠲᠦᠬᠦᠭᠡᠷᠤᠮᠵᠢ᠂ ᠨᠤᠭᠤᠭᠠᠷᠠᠭᠤᠯᠤᠯᠳᠠ ᠶᠢᠨ ᠲᠦᠬᠦᠭᠡᠷᠤᠮᠵᠢ᠂ | ᠵᠡᠮ ᠵᠡᠷᠭᠡ ᠡᠵᠡᠩᠨᠡᠯᠳᠡ ᠶᠢᠨ ᠪᠤᠰᠤ ᠴᠢᠨᠡᠷᠳᠡᠢ ᠰᠠᠭᠤᠷᠢ ᠲᠦᠬᠦᠭᠡᠷᠤᠮᠵᠢ ᠶᠢ ᠡᠷᠭᠡ ᠬᠠᠷᠢᠶ᠎ᠠ ᠶᠢᠨ ᠬᠠᠮᠢᠶᠠᠷᠤᠯᠳᠠ | ᠶᠤᠰᠤᠭᠠᠷ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠭᠠᠴᠠᠭ᠎ᠠ ᠲᠤᠰᠬᠤᠨ ᠤ ᠬᠠᠮᠳᠤ | ᠶᠢᠨ ᠵᠤᠬᠢᠶᠠᠨ ᠪᠠᠶᠢᠭᠤᠯᠤᠯᠳᠠ ᠲᠤᠰ ᠲᠤᠰ ᠬᠠᠮᠢᠶᠠᠷᠤᠯᠳᠠ ᠬᠠᠮᠠᠭᠠᠯᠠᠯᠳᠠ ᠶᠢᠨ ᠬᠠᠷᠢᠭᠤᠴᠠᠯᠭ᠎ᠠ ᠡᠬᠦᠷᠭᠡᠯᠡᠵᠦ᠂ | ᠵᠠᠰᠠᠭ ᠤᠨ ᠤᠷᠳᠤᠨ ᠤ ᠤᠷᠤᠭᠤᠯᠤᠯᠳᠠ ᠪᠠᠷ ᠭᠤᠤᠯ ᠪᠤᠯᠭᠠᠬᠤ ᠪᠤᠶᠤ ᠭᠠᠴᠠᠭ᠎ᠠ ᠲᠤᠰᠬᠤᠨ ᠤ ᠬᠠᠮᠳᠤ ᠶᠢᠨ | ᠵᠤᠬᠢᠶᠠᠨ ᠪᠠᠶᠢᠭᠤᠯᠤᠯᠳᠠ ᠶᠢᠨ ᠤᠷᠤᠭᠤᠯᠤᠯᠳᠠ᠂ ᠵᠠᠰᠠᠭ ᠤᠨ ᠤᠷᠳᠤᠨ ᠵᠤᠬᠢᠰᠳᠡᠢ ᠪᠠᠷ ᠨᠦᠬᠦᠪᠤᠷᠢᠯᠠᠬᠦ ᠶᠢ | ᠪᠠᠷᠢᠮᠳᠠᠯᠠᠨ᠂ ᠬᠠᠮᠢᠶᠠᠷᠤᠯᠳᠠ ᠬᠠᠮᠠᠭᠠᠯᠠᠯᠳᠠ ᠶᠢᠨ ᠪᠡᠯᠡ ᠮᠦᠩᠬᠦ ᠶᠢ ᠲᠤᠭ᠎ᠠ ᠶᠤᠰᠤᠭᠠᠷ ᠨᠢ ᠨᠠᠶᠢᠳᠠᠪᠤᠷᠢᠵᠢᠭᠤᠯᠬᠤ ᠶᠢ | ᠪᠠᠳᠤᠯᠠᠨ᠎ᠠ᠃ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠭᠠᠴᠠᠭ᠎ᠠ ᠲᠤᠰᠬᠤᠨ ᠤ | ᠬᠠᠮᠳᠤ ᠶᠢᠨ ᠵᠤᠬᠢᠶᠠᠨ ᠪᠠᠶᠢᠭᠤᠯᠤᠯᠳᠠ ᠶᠢᠨ ᠰᠢᠭᠤᠳ ᠬᠠᠮᠢᠶᠠᠷᠤᠯᠳᠠ ᠬᠠᠮᠠᠭᠠᠯᠠᠯᠳᠠ ᠶᠢᠨ ᠦᠢᠯᠡᠴᠢᠯᠡᠭᠡ ᠬᠠᠩᠭᠠᠵᠦ | ᠪᠠᠶᠢᠭᠰᠠᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠲᠠᠰᠢ ᠬᠤᠪᠢᠷᠠᠭᠤᠯᠬᠤ ᠶᠢ ᠨᠢ ᠵᠤᠷᠢᠭᠵᠢᠭᠤᠯᠵᠦ᠂ ᠬᠠᠮᠢᠶ᠎ᠠ | ᠪᠦᠬᠦᠢ ᠲᠡᠮᠵᠢᠯᠬᠡ ᠶᠢᠨ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠦᠨ᠂ ᠨᠡᠶᠢᠬᠡᠮ ᠤᠨ ᠬᠦᠴᠦᠨ ᠢ ᠡᠮᠬᠢ ᠵᠢᠷᠤᠮ | ᠲᠠᠢ ᠵᠢᠯᠤᠭᠤᠳᠤᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠳᠤ ᠤᠷᠤᠯᠴᠠᠭᠤᠯᠤᠨ᠎ᠠ᠃ ᠬᠠᠮᠳᠤ ᠶᠢᠨ ᠠᠵᠦ ᠠᠬᠤᠢ | ᠶᠢᠨ ᠪᠤᠳᠠᠳᠤ ᠬᠦᠴᠦᠨ ᠢᠶᠠᠷ ᠴᠢᠩᠭ᠎ᠠ ᠭᠠᠴᠠᠭ᠎ᠠ ᠲᠤᠰᠬᠤᠨ ᠢ ᠵᠤᠷᠢᠭᠵᠢᠭᠤᠯᠵᠦ᠂ ᠲᠤᠰᠬᠠᠶᠢᠵᠢᠭᠰᠠᠨ ᠬᠠᠮᠢᠶᠠᠷᠤᠯᠳᠠ | ᠬᠠᠮᠠᠭᠠᠯᠠᠯᠳᠠ ᠶᠢᠨ ᠪᠠᠶᠢᠭᠤᠯᠤᠮᠵᠢ᠂ ᠨᠡᠶᠢᠬᠡᠮ ᠤᠨ ᠪᠦᠯᠬᠦᠮ᠂ ᠨᠠᠶᠢᠳᠠ ᠶᠢᠨ ᠠᠰᠠᠷᠠᠮᠵᠢ ᠶᠢᠨ ᠬᠦᠴᠦᠨ ᠵᠡᠷᠭᠡ ᠲᠠᠢ | ᠬᠠᠮᠳᠤᠷᠠᠯᠴᠠᠬᠤ ᠪᠠᠷ ᠲᠠᠮᠵᠢᠭᠤᠯᠤᠨ ᠠᠳᠠᠯ ᠠᠬᠤᠢ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠵᠦ᠂ | ᠨᠢᠬᠡᠳᠤᠯᠳᠠᠢ ᠬᠠᠮᠢᠶᠠᠷᠤᠯᠳᠠ ᠬᠠᠮᠠᠭᠠᠯᠠᠯᠳᠠ ᠶᠢ ᠭᠡᠷᠡᠭᠵᠢᠬᠦᠯᠦᠨ᠎ᠡ᠃ ᠨᠠᠶᠢᠳᠠ ᠶᠢᠨ ᠠᠰᠠᠷᠠᠮᠵᠢ ᠶᠢᠨ ᠴᠢᠨᠡᠷᠳᠡᠢ | ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠪᠠᠶᠢᠷᠢ ᠲᠤᠬᠢᠷᠠᠭᠤᠯᠬᠤ ᠶᠢ ᠲᠡᠮᠵᠢᠵᠦ᠂ ᠭᠠᠴᠠᠭ᠎ᠠ ᠲᠤᠰᠬᠤᠨ ᠤ | ᠠᠷᠠᠳ ᠤᠨ ᠲᠤᠳᠤᠷ᠎ᠡ ᠠᠴᠠ ᠬᠠᠮᠢᠶᠠᠷᠤᠭᠴᠢ ᠤᠷᠢᠵᠦ᠂ ᠬᠦᠳᠡᠯᠮᠤᠷᠢᠯᠠᠬᠦ ᠴᠢᠳᠠᠪᠤᠷᠢ ᠲᠠᠢ ᠶᠠᠳᠠᠭᠤ ᠬᠦᠴᠢᠷᠳᠡᠯᠳᠡᠢ | ᠬᠦᠮᠦᠨ ᠠᠮᠠ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠳᠤ ᠤᠷᠤᠯᠴᠠᠬᠤ ᠶᠢ ᠨᠢ ᠵᠤᠷᠢᠭᠵᠢᠭᠤᠯᠵᠦ᠂ | ᠭᠠᠴᠠᠭ᠎ᠠ ᠲᠤᠰᠬᠤᠨ ᠳᠤ ᠬᠠᠷᠢᠶᠠᠯᠠᠭᠳᠠᠬᠤ ᠰᠠᠭᠤᠷᠢ ᠲᠦᠬᠦᠭᠡᠷᠤᠮᠵᠢ ᠶᠢᠨ ᠡᠳᠤᠷ ᠲᠤᠳᠤᠮ ᠤᠨ ᠲᠤᠭᠤᠷᠢᠨ | ᠪᠠᠶᠢᠴᠠᠭᠠᠯᠳᠠ᠂ ᠪᠠᠭ᠎ᠠ ᠰᠠᠭ᠎ᠠ ᠰᠠᠯᠪᠢᠨ ᠵᠠᠰᠠᠯᠳᠠ᠂ ᠴᠡᠪᠡᠷᠯᠡᠯᠳᠡ ᠵᠡᠷᠭᠡ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ | ᠬᠠᠷᠢᠭᠤᠴᠠᠭᠤᠯᠤᠨ᠎ᠠ᠃ | ︵ᠠᠷᠪᠡ︶ ᠲᠠᠰᠯᠡᠬᠦ ᠡᠵᠡᠩᠨᠡᠯᠳᠡ ᠶᠢᠨ ᠴᠢᠨᠡᠷᠳᠡᠢ ᠰᠠᠭᠤᠷᠢ ᠲᠦᠬᠦᠭᠡᠷᠤᠮᠵᠢ ᠶᠢᠨ ᠤᠯᠠᠨ ᠡᠰᠢᠴᠢᠯᠡᠭᠰᠡᠨ | ᠬᠠᠮᠢᠶᠠᠷᠤᠯᠳᠠ ᠬᠠᠮᠠᠭᠠᠯᠠᠯᠳᠠ ᠶᠢᠨ ᠲᠤᠭᠳᠠᠴᠠ ᠶᠢ ᠪᠦᠷᠢᠨᠰᠢᠬᠦᠯᠦᠨ᠎ᠡ᠃ ᠡᠵᠡᠩᠨᠡᠯᠳᠡ ᠶᠢᠨ ᠠᠰᠢᠭ ᠬᠤᠨᠵᠢᠪᠤᠷᠢ ᠨᠢ | ᠪᠦᠳᠤᠭᠡᠨ ᠪᠠᠶᠢᠭᠤᠯᠤᠯᠳᠠ ᠪᠡ ᠡᠵᠡᠩᠨᠡᠯᠳᠡ ᠶᠢᠨ ᠦᠪᠡᠷ ᠤᠨ ᠦᠷᠳᠡᠭ ᠢ ᠨᠦᠬᠦᠪᠤᠷᠢᠯᠡᠵᠦ ᠲᠡᠶᠢᠯᠬᠦ ᠦᠬᠡᠢ ᠲᠡᠰᠯᠡᠬᠦ | ᠡᠵᠡᠩᠨᠡᠯᠳᠡ ᠶᠢᠨ ᠴᠢᠨᠡᠷᠳᠡᠢ ᠲᠦᠬᠦᠭᠡᠷᠤᠮᠵᠢ ᠳᠤ ᠡᠵᠡᠩᠨᠡᠯᠳᠡ ᠶᠢᠨ ᠭᠤᠤᠯ ᠴᠤᠭᠴᠠ᠂ ᠭᠠᠴᠠᠭ᠎ᠠ ᠲᠤᠰᠬᠤᠨ ᠤ | ᠬᠠᠮᠳᠤ ᠶᠢᠨ ᠵᠤᠬᠢᠶᠠᠨ ᠪᠠᠶᠢᠭᠤᠯᠤᠯᠳᠠ ᠪᠡ ᠰᠤᠮᠤ ᠪᠠᠯᠭᠠᠰᠤᠨ ᠤ ᠵᠠᠰᠠᠭ ᠤᠨ ᠤᠷᠳᠤᠨ ᠬᠠᠮᠳᠤᠪᠡᠷ ᠬᠠᠮᠢᠶᠠᠷᠤᠯᠳᠠ | ᠬᠠᠮᠠᠭᠠᠯᠠᠯᠳᠠ ᠶᠢᠨ ᠬᠠᠷᠢᠭᠤᠴᠠᠯᠭ᠎ᠠ ᠡᠬᠦᠷᠭᠡᠯᠡᠨ᠎ᠡ᠃ ᠭᠠᠴᠠᠭ᠎ᠠ ᠲᠤᠰᠬᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ | ᠨᠢ ᠡᠵᠡᠩᠨᠡᠯᠳᠡ ᠶᠢᠨ ᠭᠤᠤᠯ ᠴᠤᠭᠴᠠ ᠲᠠᠢ ᠬᠠᠮᠵᠢᠯᠴᠠᠨ ᠭᠡᠷᠡᠭᠯᠡᠭᠴᠢ ᠰᠦᠢᠳᠭᠡᠯ ᠲᠤᠰᠢᠶᠠᠬᠤ ᠵᠡᠷᠭᠡ ᠭᠡᠯᠪᠡᠷᠢ ᠪᠠᠷ | ᠡᠵᠡᠩᠨᠡᠯᠳᠡ ᠶᠢᠨ ᠠᠰᠢᠭ ᠤᠷᠤᠯᠭ᠎ᠠ ᠤᠯᠵᠦ᠂ ᠰᠤᠮᠤ ᠪᠠᠯᠭᠠᠰᠤᠨ ᠤ ᠵᠠᠰᠠᠭ ᠤᠨ ᠤᠷᠳᠤᠨ ᠪᠡ ᠠᠵᠦ ᠠᠬᠤᠢ ᠶᠢᠨ | ᠪᠤᠳᠠᠳᠤ ᠬᠦᠴᠦᠨ ᠢᠶᠠᠷ ᠴᠢᠩᠭ᠎ᠠ ᠭᠠᠴᠠᠭ᠎ᠠ ᠲᠤᠰᠬᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠪᠤᠳᠠᠳᠤ ᠪᠠᠶᠢᠳᠠᠯ | ᠢᠶᠠᠨ ᠦᠨᠳᠤᠰᠤᠯᠠᠨ ᠡᠵᠡᠩᠨᠡᠯᠳᠡ ᠶᠢᠨ ᠭᠤᠤᠯ ᠴᠤᠭᠴᠠ ᠳᠤ ᠵᠦᠢ ᠵᠤᠬᠢᠰᠳᠡᠢ ᠨᠦᠬᠦᠪᠤᠷᠢ ᠦᠭᠴᠦ᠂ | ᠲᠦᠬᠦᠭᠡᠷᠤᠮᠵᠢ ᠶᠢᠨ ᠭᠡᠪ ᠤᠨ ᠠᠵᠢᠯᠯᠠᠭ᠎ᠠ ᠪᠡ ᠡᠳᠤᠷ ᠲᠤᠳᠤᠮ ᠤᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ | ᠪᠠᠳᠤᠯᠠᠨ᠎ᠠ᠃ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠡᠵᠡᠩᠨᠡᠯᠳᠡ ᠶᠢᠨ ᠠᠵᠦ ᠠᠬᠤᠶᠢᠯᠠᠯ | ᠤᠨ ᠭᠠᠴᠠᠭ᠎ᠠ ᠲᠤᠰᠬᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠪᠠ ᠲᠤᠰᠬᠠᠢ ᠬᠤᠷᠰᠢᠶᠠᠵᠢᠯ ᠯᠤᠭ᠎ᠠ | ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠬᠠᠮᠳᠤᠷᠠᠯᠴᠠᠭ᠎ᠠ ᠬᠢᠬᠦ ᠶᠢ ᠨᠢ ᠵᠤᠷᠢᠭᠵᠢᠭᠤᠯᠵᠦ᠂ ᠮᠠᠯᠴᠢᠨ | ᠲᠠᠷᠢᠶᠠᠴᠢᠨ ᠬᠠᠮᠢᠶᠠᠷᠤᠭᠴᠢ ᠶᠢ ᠤᠷᠢᠵᠦ ᠡᠨᠡᠬᠦ ᠠᠵᠢᠯ ᠳᠤ ᠤᠷᠤᠯᠴᠠᠭᠤᠯᠤᠨ᠂ ᠬᠠᠮᠢᠶᠠᠷᠤᠯᠳᠠ ᠬᠠᠮᠠᠭᠠᠯᠠᠯᠳᠠ ᠶᠢᠨ | ᠠᠵᠢᠯ ᠤᠨ ᠭᠤᠤᠯ ᠴᠤᠭᠴᠠ ᠶᠢᠨ ᠵᠦᠢ ᠵᠤᠬᠢᠰᠳᠡᠢ ᠠᠰᠢᠭ ᠤᠷᠤᠯᠭ᠎ᠠ ᠤᠯᠬᠤ ᠶᠢ ᠨᠢ ᠪᠠᠳᠤᠯᠠᠵᠦ᠂ ᠤᠯᠠᠨ | ᠡᠰᠢᠴᠢᠯᠡᠭᠰᠡᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠪᠦᠳᠤᠴᠠ ᠬᠡᠯᠪᠡᠷᠢ ᠶᠢ ᠪᠦᠷᠢᠯᠳᠤᠬᠦᠯᠦᠨ᠎ᠡ᠃ ᠡᠯ᠎ᠡ | ᠭᠠᠵᠡᠷ ᠤᠷᠤᠨ ᠡᠷᠭᠡᠪᠰᠢ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠦ᠂ ᠬᠤᠳᠠ ᠬᠦᠳᠡᠭᠡ ᠶᠢᠨ ᠨᠢᠬᠡ | ᠴᠤᠭᠴᠠᠵᠢᠭᠰᠡᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠵᠡᠮ ᠪᠡ ᠴᠠᠭ ᠤᠨ ᠬᠤᠪᠢᠶᠠᠷᠢ ᠶᠢ ᠲᠤᠭᠳᠠᠭᠠᠵᠦ᠂ | ᠬᠤᠳᠠ ᠶᠢᠨ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢ ᠮᠠᠯᠵᠢᠬᠤ | ᠲᠠᠷᠢᠶᠠᠯᠠᠬᠤ ᠤᠷᠤᠨ ᠲᠡᠰᠢ ᠤᠷᠳᠤᠳᠬᠠᠬᠤ ᠶᠢ ᠠᠬᠢᠭᠤᠯᠤᠨ᠎ᠠ᠃ | ᠲᠦᠷᠪᠡ᠂ ᠬᠠᠮᠢᠶᠠᠷᠤᠯᠳᠠ ᠬᠠᠮᠠᠭᠠᠯᠠᠯᠳᠠ ᠶᠢᠨ ᠢᠵᠢ ᠪᠦᠷᠢᠨ ᠲᠦᠷᠢᠮ ᠢ ᠲᠡᠬᠦᠯᠳᠡᠷᠵᠢᠬᠦᠯᠦᠨ᠎ᠡ | ︵ᠠᠷᠪᠡᠨ ᠨᠢᠭᠡ︶ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ | ᠦᠮᠴᠢᠯᠠᠯ ᠤᠨ ᠡᠷᠭᠡ ᠶᠢᠨ ᠬᠠᠮᠢᠶᠠᠷᠤᠯᠳᠠ ᠶᠢᠨ ᠲᠦᠷᠢᠮ ᠢ ᠪᠦᠷᠢᠨᠰᠢᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ | ᠬᠠᠮᠳᠤ ᠶᠢᠨ ᠦᠮᠴᠢᠯᠠᠯ ᠤᠨ ᠡᠷᠭᠡ ᠶᠢᠨ ᠲᠦᠷᠢᠮ ᠤᠨ ᠦᠬᠡᠷᠡᠴᠢᠯᠠᠯᠳᠠ ᠲᠠᠢ ᠤᠶᠠᠯᠳᠤᠭᠤᠯᠵᠦ᠂ ᠬᠠᠮᠢᠶᠠᠷᠤᠯᠳᠠ | ᠶᠢᠨ ᠠᠷᠭ᠎ᠠ ᠶᠢ ᠰᠤᠳᠤᠯᠤᠨ ᠲᠤᠭᠳᠠᠭᠠᠵᠦ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ | ᠲᠦᠬᠦᠭᠡᠷᠤᠮᠵᠢ ᠶᠢᠨ ᠡᠷᠭᠡ ᠶᠢ ᠲᠤᠭᠳᠠᠭᠠᠨ ᠦᠨᠡᠮᠯᠡᠯ ᠤᠯᠭᠤᠬᠤ ᠠᠵᠢᠯ ᠢ ᠠᠬᠢᠭᠤᠯᠤᠨ᠂ ᠮᠠᠯᠵᠢᠬᠤ ᠲᠠᠷᠢᠶᠠᠯᠠᠬᠤ | ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢ ᠡᠳ᠋ ᠤᠨ ᠵᠠᠰᠠᠭ ᠠᠴᠠ ᠪᠡᠯᠡ ᠮᠦᠩᠬᠦ ᠤᠷᠤᠭᠤᠯᠤᠨ | ᠪᠦᠳᠤᠭᠡᠨ ᠪᠠᠶᠢᠭᠤᠯᠤᠭᠰᠠᠨ ᠪᠤᠯ ᠦᠮᠴᠢᠯᠠᠯ ᠤᠨ ᠡᠷᠭᠡ ᠨᠢ ᠲᠦᠷᠦᠯ ᠵᠦᠢᠯ ᠢ ᠭᠡᠷᠡᠭᠵᠢᠬᠦᠯᠬᠦ ᠬᠠᠷᠢᠭᠤᠴᠠᠯᠭ᠎ᠠ ᠶᠢ | ᠡᠬᠦᠷᠭᠡᠯᠡᠵᠦ ᠪᠠᠶᠢᠭ᠎ᠠ ᠬᠤᠰᠢᠭᠤ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ ᠡᠷᠭᠡ ᠤᠯᠭᠤᠭᠰᠠᠨ ᠰᠠᠯᠠᠭ᠎ᠠ | ᠮᠦᠴᠢᠷ ᠲᠤ ᠬᠠᠷᠢᠶᠠᠯᠠᠭᠳᠠᠨ᠎ᠠ︔ ᠭᠠᠴᠠᠭ᠎ᠠ ᠲᠤᠰᠬᠤᠨ ᠤ ᠵᠤᠬᠢᠶᠠᠨ ᠪᠠᠶᠢᠭᠤᠯᠤᠯᠳᠠ ᠳᠤ ᠲᠤᠳᠤᠷᠬᠠᠢ ᠬᠤᠪᠢᠶᠠᠷᠢᠯᠠᠨ | ᠦᠭᠬᠦᠭᠰᠡᠨ ᠪᠤᠶᠤ ᠭᠠᠴᠠᠭ᠎ᠠ ᠲᠤᠰᠬᠤᠨ ᠤ ᠵᠤᠬᠢᠶᠠᠨ ᠪᠠᠶᠢᠭᠤᠯᠤᠯᠳᠠ ᠦᠪᠡᠷᠳᠡᠭᠡᠨ ᠪᠡᠯᠡ ᠮᠦᠩᠬᠦ ᠬᠦᠳᠡᠯᠮᠤᠷᠢ | ᠬᠦᠴᠦ ᠴᠤᠭᠯᠠᠭᠤᠯᠤᠭᠰᠠᠨ ᠤ ᠬᠠᠮᠳᠤ ᠵᠠᠰᠠᠭ ᠤᠨ ᠤᠷᠳᠤᠨ ᠤ ᠨᠦᠬᠦᠪᠤᠷᠢ᠂ ᠨᠡᠶᠢᠬᠡᠮ ᠤᠨ ᠲᠤᠰᠠᠯᠠᠮᠵᠢ ᠵᠡᠷᠭᠡ ᠶᠢ | ᠬᠦᠷᠳᠡᠨ ᠰᠢᠨ᠎ᠡ ᠪᠠᠷ ᠪᠠᠶᠢᠭᠤᠯᠤᠭᠰᠠᠨ ᠪᠤᠯ ᠦᠮᠴᠢᠯᠠᠯ ᠤᠨ ᠡᠷᠭᠡ ᠨᠢ ᠭᠠᠴᠠᠭ᠎ᠠ ᠲᠤᠰᠬᠤᠨ ᠤ ᠵᠤᠬᠢᠶᠠᠨ | ᠪᠠᠶᠢᠭᠤᠯᠤᠯᠳᠠ ᠳᠤ ᠬᠠᠷᠢᠶᠠᠯᠠᠭᠳᠠᠨ᠎ᠠ᠃ ᠠᠵᠦ ᠠᠬᠤᠶᠢᠯᠠᠯ ᠠᠵᠢᠯ ᠦᠢᠯᠡᠰ ᠤᠨ ᠨᠢᠭᠡᠴᠠ ᠪᠡᠯᠡ ᠤᠷᠤᠭᠤᠯᠤᠨ | ᠰᠢᠨ᠎ᠡ ᠪᠠᠷ ᠪᠠᠶᠢᠭᠤᠯᠤᠭᠰᠠᠨ ᠴᠠᠬᠢᠯᠭᠠᠨ ᠬᠦᠴᠦ᠂ ᠰᠢᠳᠠᠮᠠᠬᠠᠢ ᠭᠡᠢ᠂ ᠴᠢᠮᠡᠭᠡ ᠨᠡᠪᠳᠡᠷᠡᠯᠭᠡ᠂ ᠰᠢᠤᠳᠠᠨ ᠵᠡᠷᠭᠡ | ᠡᠵᠡᠩᠨᠡᠯᠳᠡ ᠶᠢᠨ ᠴᠢᠨᠡᠷᠳᠡᠢ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠦᠮᠴᠢᠯᠠᠯ ᠤᠨ ᠡᠷᠭᠡ ᠨᠢ ᠪᠡᠯᠡ | ᠤᠷᠤᠭᠤᠯᠤᠭᠰᠠᠨ ᠭᠤᠤᠯ ᠴᠤᠭᠴᠠ ᠳᠤ ᠬᠠᠷᠢᠶᠠᠯᠠᠭᠳᠠᠨ᠎ᠠ᠃ | ︵ᠠᠷᠪᠡ ᠬᠤᠶᠠᠷ︶ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠪᠤᠯᠤᠨ ᠬᠠᠮᠢᠶᠠᠷᠤᠯᠳᠠ ᠬᠠᠮᠠᠭᠠᠯᠠᠯᠳᠠ | ᠶᠢᠨ ᠲᠤᠭᠳᠠᠴᠠ ᠶᠢ ᠵᠡᠷᠭᠡᠪᠡᠷ ᠨᠠᠶᠢᠳᠠᠪᠤᠷᠢᠵᠢᠭᠤᠯᠬᠤ ᠲᠦᠷᠢᠮ ᠢ ᠪᠠᠶᠢᠭᠤᠯᠤᠨ᠎ᠠ᠃ ᠬᠤᠳᠠ ᠬᠦᠳᠡᠭᠡ ᠶᠢᠨ | ᠠᠭᠤᠰᠤᠯᠴᠠᠭᠰᠠᠨ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠪᠦᠬᠦ ᠬᠤᠰᠢᠭᠤᠨ ᠤ ᠤᠷᠤᠨ ᠵᠠᠢ ᠶᠢᠨ | ᠲᠦᠯᠦᠪᠵᠢᠬᠦᠯᠬᠡ᠂ ᠬᠤᠳᠠ ᠬᠦᠳᠡᠭᠡᠨ ᠤ ᠪᠦᠳᠤᠭᠡᠨ ᠪᠠᠶᠢᠭᠤᠯᠤᠯᠳᠠ ᠶᠢᠨ ᠲᠦᠯᠦᠪᠵᠢᠬᠦᠯᠬᠡ᠂ ᠭᠠᠴᠠᠭ᠎ᠠ ᠲᠤᠰᠬᠤᠨ | ᠤ ᠲᠦᠯᠦᠪᠵᠢᠬᠦᠯᠬᠡ ᠵᠢᠴᠢ ᠪᠤᠰᠤᠳ ᠲᠤᠰᠬᠠᠢ ᠲᠦᠷᠦᠯ ᠤᠨ ᠲᠦᠯᠦᠪᠵᠢᠬᠦᠯᠬᠡ ᠲᠠᠢ ᠤᠶᠠᠯᠳᠤᠭᠤᠯᠵᠦ᠂ ᠮᠠᠯᠵᠢᠬᠤ | ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢ ᠵᠦᠢ ᠵᠤᠬᠢᠰᠳᠡᠢ ᠪᠠᠶᠢᠷᠢᠯᠠᠭᠤᠯᠤᠨ | ᠪᠠᠶᠢᠭᠤᠯᠵᠦ᠂ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢᠨ ᠡᠵᠡᠩᠨᠡᠯᠳᠡ ᠬᠠᠮᠠᠭᠠᠯᠠᠯᠳᠠ ᠶᠢ ᠪᠦᠬᠦ ᠲᠠᠯ᠎ᠠ ᠪᠠᠷ | ᠪᠤᠳᠤᠯᠬᠢᠯᠠᠨ᠂ ᠪᠦᠳᠤᠭᠡᠨ ᠪᠠᠶᠢᠭᠤᠯᠵᠦ ᠬᠠᠮᠢᠶᠠᠷᠬᠤ ᠭᠤᠤᠯ ᠴᠤᠭᠴᠠ ᠶᠢ ᠵᠡᠷᠭᠡ ᠳᠤᠨᠢ ᠲᠤᠭᠳᠠᠭᠠᠵᠦ᠂ ᠵᠡᠷᠭᠡᠪᠡᠷ | ᠨᠠᠶᠢᠳᠠᠪᠤᠷᠢᠵᠢᠭᠤᠯᠬᠤ ᠶᠢ ᠪᠠᠶᠠᠯᠠᠬᠦᠯᠦᠨ᠎ᠡ᠃ ᠲᠦᠷᠦᠯ ᠵᠦᠢᠯ ᠢ ᠵᠢᠷᠤᠵᠦ ᠲᠦᠯᠦᠪᠯᠡᠬᠦ ᠱᠠᠳᠤᠨ ᠳᠤ᠂ ᠲᠦᠬᠦᠭᠡᠷᠤᠮᠵᠢ | ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠭᠤᠤᠯ ᠴᠤᠭᠴᠠ᠂ ᠬᠠᠷᠢᠭᠤᠴᠠᠯᠭ᠎ᠠ᠂ ᠠᠷᠭ᠎ᠠ ᠮᠠᠶ᠋ᠢᠭ᠂ | ᠵᠠᠷᠤᠳᠠᠯ ᠤᠨ ᠢᠷᠠᠯᠳᠠ ᠵᠡᠷᠭᠡ ᠶᠢ ᠤᠷᠢᠳᠠᠴᠢ ᠨᠦᠬᠦᠴᠠᠯ ᠪᠤᠯᠭᠠᠵᠦ᠂ ᠭᠡᠷᠡᠭᠯᠡᠭᠰᠡᠨ ᠵᠢᠯ ᠬᠤᠭᠤᠴᠠᠭ᠎ᠠ ᠶᠢ | ᠦᠨᠳᠤᠰᠤᠯᠠᠨ ᠲᠦᠷᠦᠯ ᠵᠦᠢᠯ ᠤᠨ ᠬᠠᠮᠢᠶᠠᠷᠤᠯᠳᠠ ᠬᠠᠮᠠᠭᠠᠯᠠᠯᠳᠠ ᠶᠢᠨ ᠵᠠᠷᠤᠳᠠᠯ ᠢ ᠬᠠᠮᠳᠤ ᠳᠤᠨᠢ ᠪᠡᠯᠡ ᠮᠦᠩᠭᠦ | ᠶᠢᠨ ᠲᠦᠢᠮᠦ ᠲᠦᠰᠦᠪ ᠲᠤ ᠤᠷᠤᠭᠤᠯᠤᠨ᠎ᠠ᠃ ᠲᠦᠷᠦᠯ ᠵᠦᠢᠯ ᠤᠨ ᠪᠠᠷᠢᠯᠭ᠎ᠠ ᠲᠠᠭᠤᠰᠤᠨ ᠰᠢᠯᠭᠠᠨ ᠬᠤᠷᠢᠶᠠᠬᠤ | ᠦᠶ᠎ᠠ ᠳᠤ᠂ ᠬᠠᠮᠢᠶᠠᠷᠤᠯᠳᠠ ᠬᠠᠮᠠᠭᠠᠯᠠᠯᠳᠠ ᠶᠢᠨ ᠲᠤᠭᠳᠠᠴᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠮᠳᠤ | ᠳᠤᠨᠢ ᠰᠢᠯᠭᠠᠨ ᠬᠤᠷᠢᠶᠠᠨ᠎ᠠ᠃ | ︵ᠠᠷᠪᠡᠨ ᠭᠤᠷᠪᠡ︶ ᠭᠡᠷᠡᠭᠯᠡᠭᠴᠢ ᠰᠦᠢᠳᠭᠡᠯ ᠲᠤᠰᠢᠶᠠᠬᠤ ᠲᠦᠷᠢᠮ ᠢ ᠲᠡᠬᠦᠯᠳᠡᠷᠵᠢᠬᠦᠯᠦᠨ᠎ᠡ᠃ ᠨᠦᠬᠦᠴᠠᠯ | ᠲᠠᠢ ᠰᠤᠮᠤ ᠪᠠᠯᠭᠠᠰᠤ ᠪᠤᠶᠤ ᠭᠠᠴᠠᠭ᠎ᠠ ᠲᠤᠰᠬᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠨᠢ ᠮᠠᠯᠵᠢᠬᠤ | ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠪᠡ | ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠳᠤ ᠮᠠᠯᠴᠢᠨ ᠲᠠᠷᠢᠶᠠᠴᠢᠨ ᠡᠷᠦᠬᠡ ᠰᠦᠢᠳᠭᠡᠯ ᠲᠤᠰᠢᠶᠠᠬᠤ ᠲᠦᠷᠢᠮ ᠢ | ᠪᠠᠶᠢᠭᠤᠯᠬᠤ ᠶᠢ ᠵᠤᠷᠢᠭᠵᠢᠭᠤᠯᠵᠦ᠂ ᠡᠳ᠋ ᠤᠨ ᠵᠠᠰᠠᠭ ᠤᠨ ᠨᠦᠬᠦᠪᠤᠷᠢ ᠪᠡ ᠮᠠᠯᠴᠢᠨ ᠲᠠᠷᠢᠶᠠᠴᠢᠨ ᠡᠷᠦᠬᠡ ᠵᠦᠢ | ᠵᠤᠬᠢᠰᠳᠡᠢ ᠪᠠᠷ ᠡᠬᠦᠷᠭᠡᠯᠡᠬᠦ ᠲᠤᠭᠳᠠᠴᠠ ᠶᠢ ᠲᠡᠬᠦᠯᠳᠡᠷᠵᠢᠬᠦᠯᠦᠨ᠎ᠡ᠃ | ︵ᠠᠷᠪᠡᠨ ᠲᠦᠷᠪᠡ︶ ᠬᠠᠮᠢᠶᠠᠷᠤᠯᠳᠠ ᠬᠠᠮᠠᠭᠠᠯᠠᠯᠳᠠ ᠶᠢᠨ ᠪᠡᠷᠢᠮᠵᠢᠶ᠎ᠠ ᠶᠢ ᠪᠠᠶᠢᠭᠤᠯᠤᠨ ᠪᠦᠷᠢᠨᠰᠢᠬᠦᠯᠦᠨ᠎ᠡ᠃ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠪᠡ ᠬᠦᠳᠡᠭᠡ ᠲᠤᠰᠬᠤᠨ ᠢ ᠬᠦᠭᠵᠢᠬᠦᠯᠬᠦ ᠬᠠᠷᠠᠯᠳᠠ | ᠶᠢᠨ ᠱᠠᠭᠠᠷᠳᠠᠯᠭ᠎ᠠ ᠶᠢ ᠨᠢᠭᠡᠳᠤᠯᠳᠠᠢ ᠲᠦᠯᠦᠪᠵᠢᠬᠦᠯᠦᠨ ᠨᠠᠶᠢᠳᠠᠪᠤᠷᠢᠵᠢᠭᠤᠯᠵᠦ᠂ ᠦᠷᠭᠡᠨ ᠤᠯᠠᠨ ᠭᠡᠷᠡᠭᠯᠡᠭᠴᠢᠳ ᠤᠨ | ᠰᠡᠳᠬᠢᠯ ᠬᠠᠨᠤᠮᠵᠢᠳᠡᠢ ᠪᠠᠶᠢᠬᠤ ᠶᠢ ᠬᠦᠢᠴᠡᠳ ᠪᠤᠳᠤᠯᠬᠢᠯᠠᠨ᠂ ᠠᠳᠠᠯᠢ ᠪᠤᠰᠤ ᠭᠠᠵᠡᠷ ᠤᠷᠤᠨ᠂ ᠮᠠᠯᠵᠢᠬᠤ | ᠲᠠᠷᠢᠶᠠᠯᠠᠬᠤ ᠤᠷᠤᠨ ᠤ ᠠᠳᠠᠯᠢ ᠪᠤᠰᠤ ᠲᠦᠷᠦᠯ ᠬᠡᠯᠪᠡᠷᠢ ᠶᠢᠨ ᠤᠷᠤᠰᠢᠨ ᠰᠠᠭᠤᠬᠤ ᠤᠷᠤᠨ ᠰᠠᠭᠤᠴᠠ ᠶᠢᠨ | ᠠᠷᠢᠭᠤᠨ ᠴᠡᠪᠡᠷ ᠤᠨ ᠤᠨᠴᠠᠯᠢᠭ ᠲᠤ ᠬᠠᠨᠳᠤᠭᠤᠯᠵᠦ᠂ ᠬᠠᠮᠢᠶᠠᠷᠤᠯᠳᠠ ᠬᠠᠮᠠᠭᠠᠯᠠᠯᠳᠠ ᠶᠢᠨ ᠪᠡᠷᠢᠮᠵᠢᠶ᠎ᠠ ᠪᠡ ᠲᠦᠷᠢᠮ | ᠢ ᠲᠤᠭᠳᠠᠭᠠᠵᠦ᠂ ᠬᠠᠮᠢᠶᠠᠷᠤᠯᠳᠠ ᠬᠠᠮᠠᠭᠠᠯᠠᠯᠳᠠ ᠶᠢᠨ ᠬᠠᠷᠠᠯᠳᠠ᠂ ᠶᠡᠰᠤ ᠴᠢᠨᠡᠷ ᠤᠨ ᠱᠠᠭᠠᠷᠳᠠᠯᠭ᠎ᠠ᠂ ᠠᠷᠭ᠎ᠠ ᠮᠠᠶ᠋ᠢᠭ | ᠂ ᠠᠵᠢᠯᠯᠠᠭᠤᠯᠬᠤ ᠶᠠᠪᠤᠴᠠ ᠵᠡᠷᠭᠡ ᠶᠢ ᠲᠤᠳᠤᠷᠬᠠᠶᠢᠯᠠᠨ᠎ᠠ᠃ ᠬᠠᠮᠢᠶᠠᠷᠤᠯᠳᠠ ᠬᠠᠮᠠᠭᠠᠯᠠᠯᠳᠠ ᠶᠢᠨ ᠦᠨᠡᠯᠡᠯᠳᠡ ᠶᠢᠨ | ᠲᠤᠭᠳᠠᠯᠴᠠᠭ᠎ᠠ ᠶᠢ ᠪᠠᠶᠢᠭᠤᠯᠵᠦ᠂ ᠬᠠᠮᠢᠶᠠᠷᠤᠯᠳᠠ ᠬᠠᠮᠠᠭᠠᠯᠠᠯᠳᠠ ᠶᠢᠨ ᠬᠢᠷᠢ ᠲᠦᠪᠰᠢᠨ ᠪᠡ ᠶᠠᠰᠦ ᠴᠢᠨᠡᠷ ᠤᠨ | ᠱᠠᠭᠠᠷᠳᠠᠯᠭ᠎ᠠ ᠶᠢ ᠵᠦᠢ ᠵᠤᠬᠢᠰᠳᠡᠢ ᠲᠤᠭᠳᠠᠭᠠᠵᠦ᠂ ᠲᠦᠬᠦᠬᠡᠷᠤᠮᠵᠢ ᠶᠢ ᠠᠮᠤᠷ ᠲᠦᠪᠰᠢᠨ ᠪᠦᠭᠡᠳ ᠪᠦᠳᠤᠮᠵᠢᠳᠡᠢ | ᠦᠷᠬᠦᠯᠵᠢᠯᠡᠨ ᠭᠡᠷᠡᠭᠯᠡᠵᠦ ᠲᠠᠶᠢᠯᠬᠦ ᠶᠢ ᠠᠬᠢᠭᠤᠯᠤᠨ᠎ᠠ᠃ | ︵ᠠᠷᠪᠡᠨ ᠲᠠᠪᠤ︶ ᠵᠠᠬ᠎ᠠ ᠲᠡᠯᠬᠡᠬᠦᠷᠵᠢᠭᠰᠡᠨ᠂ ᠲᠤᠰᠬᠠᠶᠢᠵᠢᠭᠰᠠᠨ ᠬᠠᠮᠢᠶᠠᠷᠤᠯᠳᠠ ᠬᠠᠮᠠᠭᠠᠯᠠᠯᠳᠠ ᠶᠢᠨ ᠲᠦᠷᠢᠮ | ᠢ ᠪᠠᠶᠢᠭᠤᠯᠤᠨ᠎ᠠ᠃ ᠨᠡᠶᠢᠬᠡᠮ ᠤᠨ ᠬᠦᠷᠦᠩᠭᠡ ᠪᠡ ᠲᠤᠰᠬᠠᠶᠢᠵᠢᠭᠰᠠᠨ ᠬᠠᠮᠢᠶᠠᠷᠤᠯᠳᠠ ᠬᠠᠮᠠᠭᠠᠯᠠᠯᠳᠠ ᠶᠢᠨ ᠠᠵᠦ | ᠠᠬᠤᠶᠢᠯᠠᠯ ᠢ ᠵᠤᠷᠢᠭᠵᠢᠭᠤᠯᠤᠨ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ | ᠶᠢᠨ ᠬᠠᠮᠢᠶᠠᠷᠤᠯᠳᠠ ᠬᠠᠮᠠᠭᠠᠯᠠᠯᠳᠠ ᠳᠤ ᠤᠷᠤᠯᠴᠠᠭᠤᠯᠬᠤ ᠲᠦᠷᠦ ᠶᠢᠨ ᠪᠤᠳᠤᠯᠭ᠎ᠠ ᠶᠢ ᠲᠤᠭᠳᠠᠭᠠᠨ | ᠲᠡᠬᠦᠯᠳᠡᠷᠵᠢᠬᠦᠯᠵᠦ᠂ ᠨᠡᠶᠢᠬᠡᠮ ᠤᠨ ᠭᠤᠤᠯ ᠴᠤᠭᠴᠠ ᠶᠢ ᠨᠢᠭᠡᠳᠤᠯᠳᠠᠢ ᠲᠦᠯᠦᠪᠵᠢᠬᠦᠯᠦᠨ ᠵᠠᠰᠠᠭ ᠤᠨ ᠤᠷᠳᠤᠨ ᠤ | ᠬᠤᠳᠠᠯᠳᠤᠨ ᠠᠪᠬᠤ ᠦᠢᠯᠡᠴᠢᠯᠡᠭᠡ ᠶᠢᠨ ᠵᠤᠯᠭᠠᠭᠤᠯᠬᠤ ᠭᠤᠤᠯ ᠴᠤᠭᠴᠠ ᠶᠢᠨ ᠭᠡᠪᠴᠢᠶᠠᠨ ᠳᠤ ᠤᠷᠤᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠡᠮ᠂ ᠲᠦᠬᠡᠬᠡᠯ ᠤᠰᠤ᠂ ᠬᠤᠭ ᠨᠤᠪᠰᠢ᠂ ᠪᠤᠬᠢᠷᠳᠤᠯ ᠤᠰᠤ ᠶᠢ | ᠰᠢᠢᠳᠪᠤᠷᠢᠯᠡᠬᠦ ᠵᠡᠷᠭᠡ ᠲᠦᠬᠦᠭᠡᠷᠤᠮᠵᠢ ᠶᠢᠨ ᠲᠠᠯ᠎ᠠ ᠪᠠᠷ ᠨᠡᠷ᠎ᠡ ᠬᠠᠳᠠᠬᠤ ᠡᠷᠭᠡ᠂ ᠵᠡᠷ ᠮᠡᠳᠡᠭᠡᠨ ᠤ ᠡᠷᠭᠡ ᠶᠢ ᠬᠢᠮᠳᠠ | ᠪᠠᠷ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠤᠨ᠂ ᠲᠤᠰᠬᠠᠶᠢᠵᠢᠭᠰᠠᠨ ᠠᠵᠦ ᠠᠬᠤᠶᠢᠯᠠᠯ ᠢ | ᠤᠷᠤᠭᠤᠯᠤᠨ ᠬᠠᠮᠢᠶᠠᠷᠤᠯᠳᠠ ᠬᠠᠮᠠᠭᠠᠯᠠᠯᠳᠠ ᠬᠢᠯᠬᠡᠬᠦ ᠠᠷᠭ᠎ᠠ ᠮᠠᠶ᠋ᠢᠭ ᠢ ᠰᠦᠪᠡᠭᠴᠢᠯᠠᠵᠦ ᠪᠤᠯᠤᠨ᠎ᠠ᠃ | ᠲᠠᠪᠤ᠂ ᠤᠯᠠᠨ ᠠᠷᠭ᠎ᠠ ᠵᠡᠮ ᠢᠶᠠᠷ ᠬᠠᠮᠢᠶᠠᠷᠤᠯᠳᠠ ᠬᠠᠮᠠᠭᠠᠯᠠᠯᠳᠠ ᠶᠢᠨ ᠵᠠᠷᠤᠳᠠᠯ ᠢ ᠴᠤᠭᠯᠠᠭᠤᠯᠤᠨ᠎ᠠ | ︵ᠠᠷᠪᠡᠨ ᠵᠢᠷᠭᠤᠭ᠎ᠠ︶ ᠵᠠᠰᠠᠭ ᠤᠨ ᠤᠷᠳᠤᠨ ᠤ ᠤᠷᠤᠭᠤᠯᠤᠯᠳᠠ ᠶᠢᠨ ᠲᠤᠭᠳᠠᠴᠠ ᠶᠢ ᠲᠦᠷᠭᠡᠭᠡᠨ | ᠪᠠᠶᠢᠭᠤᠯᠤᠨ᠎ᠠ᠃ ᠬᠠᠮᠢᠶᠠᠷᠤᠯᠳᠠ ᠬᠠᠮᠠᠭᠠᠯᠠᠯᠳᠠ ᠶᠢᠨ ᠪᠡᠷᠢᠮᠵᠢᠶ᠎ᠠ ᠪᠡ ᠬᠠᠷᠢᠭᠤᠴᠠᠯᠭ᠎ᠠ ᠶᠢ ᠦᠨᠳᠤᠰᠤᠯᠠᠨ᠂ ᠬᠤᠳᠠ | ᠬᠦᠳᠡᠭᠡ ᠶᠢ ᠨᠢᠬᠡ ᠴᠤᠭᠴᠠᠵᠢᠭᠤᠯᠤᠭᠰᠠᠨ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢᠨ | ᠪᠠᠶᠢᠭᠤᠯᠤᠯ ᠢ ᠪᠠᠶᠢᠭᠤᠯᠵᠦ᠂ ᠵᠠᠰᠠᠭ ᠤᠨ ᠤᠷᠳᠤᠨ ᠤ ᠲᠠᠭᠠᠭᠠᠴᠢᠯᠠᠬᠤ ᠶᠤᠰᠤᠳᠠᠢ ᠮᠠᠯᠵᠢᠬᠤ ᠲᠠᠷᠢᠶᠠᠯᠠᠬᠤ ᠤᠷᠤᠨ ᠤ | ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠵᠠᠷᠤᠳᠠᠯ ᠢ | ᠲᠤᠰ ᠱᠠᠳᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠎ᠠ᠃ | ︵ᠠᠷᠪᠡᠨ ᠲᠤᠯᠤᠭ᠎ᠠ︶ ᠬᠠᠮᠢᠶᠠᠷᠤᠯᠳᠠ ᠬᠠᠮᠠᠭᠠᠯᠠᠯᠳᠠ ᠶᠢᠨ ᠵᠠᠷᠤᠳᠠᠯ ᠤᠨ ᠢᠷᠡᠯᠳᠡ ᠶᠢᠨ ᠵᠡᠮ ᠢ | ᠦᠷᠭᠡᠳᠭᠡᠨ᠎ᠡ᠃ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠪᠡ ᠬᠤᠯᠪᠤᠭᠳᠠᠯ | ᠪᠦᠬᠦᠢ ᠠᠵᠦ ᠠᠬᠤᠶᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠪᠤᠯᠤᠨ ᠨᠡᠶᠢᠭᠡᠮ | ᠤᠨ ᠬᠦᠷᠦᠩᠭᠡ ᠶᠢᠨ ᠬᠠᠮᠳᠤᠷᠠᠯᠴᠠᠬᠤ ᠬᠡᠯᠪᠡᠷᠢ ᠶᠢ ᠰᠢᠨᠡᠴᠢᠯᠠᠵᠦ᠂ ᠵᠠᠬ᠎ᠠ ᠲᠠᠯᠭᠡᠬᠦᠷᠴᠢᠯᠡᠭᠰᠡᠨ ᠪᠡᠯᠡ ᠴᠤᠭᠯᠠᠭᠤᠯᠬᠤ | ᠠᠷᠭ᠎ᠠ ᠵᠡᠮ ᠢ ᠴᠢᠷᠮᠡᠶᠢᠨ ᠨᠡᠭᠡᠭᠡᠵᠦ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ | ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠵᠠᠷᠤᠳᠠᠯ ᠤᠨ ᠤᠷᠤᠭᠤᠯᠤᠯᠳᠠ ᠶᠢ ᠪᠠᠳᠤᠯᠠᠨ᠎ᠠ᠃ ᠮᠠᠯᠵᠢᠬᠤ | ᠲᠠᠷᠢᠶᠠᠯᠠᠬᠤ ᠤᠷᠤᠨ ᠤ ᠬᠠᠮᠳᠤ ᠶᠢᠨ ᠵᠤᠬᠢᠶᠠᠨ ᠪᠠᠶᠢᠭᠤᠯᠤᠯᠳᠠ ᠨᠢ ᠨᠠᠶᠢᠳᠠ ᠶᠢᠨ ᠠᠰᠠᠷᠠᠮᠵᠢ ᠶᠢᠨ ᠮᠦᠩᠬᠦ᠂ | ᠭᠠᠴᠠᠭ᠎ᠠ ᠲᠤᠰᠬᠤᠨ ᠤ ᠠᠷᠠᠳ ᠤᠨ ︽ᠲᠤᠰᠬᠠᠢ ᠶᠠᠪᠤᠳᠠᠯ ᠢ ᠲᠤᠰᠬᠠᠢ ᠵᠦᠪᠯᠡᠬᠦ︾ ᠲᠦᠷᠢᠮ ᠵᠡᠷᠭᠡ ᠪᠠᠷ | ᠲᠠᠮᠵᠢᠭᠤᠯᠤᠨ ᠬᠠᠮᠢᠶᠠᠷᠤᠯᠳᠠ ᠬᠠᠮᠠᠭᠠᠯᠠᠯᠳᠠ ᠶᠢᠨ ᠪᠡᠯᠡ ᠮᠦᠩᠬᠦ ᠶᠢ ᠢᠳᠡᠪᠬᠢᠳᠡᠢ ᠪᠠᠷ ᠴᠤᠭᠯᠠᠭᠤᠯᠵᠦ ᠪᠤᠯᠤᠨ᠎ᠠ᠃ | ᠠᠵᠦ ᠠᠬᠤᠶᠢᠯᠠᠯ᠂ ᠨᠡᠶᠢᠬᠡᠮ ᠤᠨ ᠵᠤᠬᠢᠶᠠᠨ ᠪᠠᠶᠢᠭᠤᠯᠤᠯᠳᠠ᠂ ᠬᠤᠪᠢ ᠬᠦᠮᠦᠨ ᠢ ᠵᠤᠷᠢᠭᠵᠢᠭᠤᠯᠤᠨ ᠪᠡᠯᠡ ᠮᠦᠩᠬᠦ | ᠡᠳ᠋ ᠪᠤᠳᠠᠰ ᠢᠶᠠᠨ ᠬᠠᠨᠳᠢᠪᠯᠡᠬᠤ᠂ ᠬᠠᠷᠢᠯᠴᠠᠨ ᠬᠠᠪᠰᠤᠷᠤᠨ ᠲᠡᠳᠬᠦᠬᠦ᠂ ᠭᠠᠴᠠᠭ᠎ᠠ ᠲᠤᠰᠬᠤᠨ ᠢ ᠲᠠᠭᠠᠭᠠᠴᠢᠯᠠᠬᠤ᠂ | ᠲᠦᠷᠦᠯ ᠵᠦᠢᠯ ᠢ ᠲᠠᠭᠠᠭᠠᠴᠢᠯᠠᠬᠤ ᠵᠡᠷᠭᠡ ᠭᠡᠯᠪᠡᠷᠢ ᠪᠠᠷ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ | ᠤᠷᠴᠢᠨ ᠲᠤᠭᠤᠷᠢᠨ ᠢ ᠴᠡᠪᠡᠷ ᠲᠡᠭᠰᠢ ᠬᠠᠮᠢᠶᠠᠷᠴᠦ ᠬᠠᠮᠠᠭᠠᠯᠠᠬᠤ ᠶᠢ ᠨᠢ ᠲᠡᠮᠵᠢᠨ᠎ᠡ᠃ ᠮᠠᠯᠵᠢᠬᠤ ᠲᠠᠷᠢᠶᠠᠯᠠᠬᠤ | ᠤᠷᠤᠨ ᠤ ᠬᠠᠮᠳᠤ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢ ᠵᠤᠷᠢᠭᠵᠢᠭᠤᠯᠤᠨ ᠬᠠᠮᠳᠤ ᠶᠢᠨ | ᠡᠵᠡᠩᠨᠡᠯᠳᠡ ᠶᠢᠨ ᠴᠢᠨᠡᠷᠳᠡᠢ ᠪᠦᠳᠤᠭᠡᠨ ᠪᠠᠶᠢᠭᠤᠯᠤᠯᠳᠠ ᠳᠤ ᠭᠡᠷᠡᠭᠯᠡᠬᠦ ᠭᠠᠵᠡᠷ᠂ ᠰᠤᠯᠠ ᠰᠡᠯᠡᠬᠦᠦ ᠭᠡᠷ ᠪᠠᠶᠢᠰᠢᠩ ᠢ | ᠬᠠᠤᠯᠢ ᠶᠤᠰᠤᠭᠠᠷ ᠠᠮᠢᠳᠤᠯᠢᠭ ᠢᠶᠠᠷ ᠭᠡᠷᠡᠭᠯᠡᠬᠦ ᠵᠡᠷᠭᠡ ᠤᠯᠠᠨ ᠠᠷᠭ᠎ᠠ ᠵᠡᠮ ᠢᠶᠠᠷ ᠪᠡᠯᠡ ᠮᠦᠩᠬᠦ ᠴᠤᠭᠯᠠᠭᠤᠯᠤᠨ | ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠴᠡᠪᠡᠷ ᠲᠡᠭᠰᠢ ᠬᠠᠮᠢᠶᠠᠷᠴᠦ | ᠬᠠᠮᠠᠭᠠᠯᠠᠬᠤ ᠳᠤ ᠭᠡᠷᠡᠭᠯᠡᠨ᠎ᠡ᠃ | ᠵᠢᠷᠭᠤᠭ᠎ᠠ᠂ ᠪᠠᠳᠤᠯᠠᠭ᠎ᠠ ᠶᠢᠨ ᠠᠷᠭ᠎ᠠ ᠪᠡᠷᠢᠯ | ︵ᠠᠷᠪᠡᠨ ᠨᠡᠢᠮᠠ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠬᠤᠰᠢᠭᠤ | ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ | ᠶᠢᠨ ᠠᠵᠢᠯ ᠤᠨ ᠤᠳᠤᠷᠢᠳᠬᠤ ᠲᠤᠭᠤᠶᠢᠯᠠᠩ ᠨᠢ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ | ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ ᠴᠢᠩᠭᠠᠳᠬᠠᠬᠤ ᠶᠢ ᠴᠢᠬᠤᠯᠠ ᠵᠦᠪᠯᠡᠬᠦ ᠵᠦᠢᠯ | ᠳᠡᠭᠡᠨ ᠤᠷᠤᠭᠤᠯᠵᠦ᠂ ᠬᠠᠮᠢᠶᠠᠷᠤᠯᠳᠠ ᠬᠠᠮᠠᠭᠠᠯᠠᠯᠳᠠ ᠶᠢᠨ ᠪᠠᠶᠢᠭᠤᠯᠤᠯ ᠤᠨ ᠲᠤᠭᠳᠠᠴᠠ ᠶᠢ ᠰᠢᠨᠡᠴᠢᠯᠠᠨ᠂ ᠲᠤᠬᠠᠢ | ᠶᠢᠨ ᠭᠠᠵᠡᠷ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠭᠡᠷᠡᠭᠵᠢᠬᠦᠯᠬᠦ ᠰᠠᠨᠠᠯ ᠢ ᠲᠤᠭᠳᠠᠭᠠᠨ᠎ᠠ᠃ ᠡᠯ᠎ᠡ | ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠡᠬᠦᠷᠭᠡ ᠬᠠᠷᠢᠭᠤᠴᠠᠯᠭ᠎ᠠ ᠶᠤᠰᠤᠭᠠᠷ ᠪᠠᠨ ᠠᠵᠢᠯ | ᠢᠶᠠᠨ ᠬᠤᠪᠢᠶᠠᠷᠢᠯᠠᠵᠦ᠂ ᠭᠡᠷᠡᠭᠵᠢᠬᠦᠯᠬᠦ ᠲᠦᠰᠦᠯ ᠲᠤᠭᠳᠠᠭᠠᠵᠦ᠂ ᠢᠵᠢ ᠪᠦᠷᠢᠨ ᠠᠷᠭ᠎ᠠ ᠪᠡᠷᠢᠯ ᠢ ᠨᠠᠷᠢᠯᠢᠭᠵᠢᠭᠤᠯᠤᠨ | ᠂ ᠨᠢᠭᠳᠠ ᠬᠠᠮᠵᠢᠯᠴᠠᠵᠦ᠂ ᠲᠠᠷᠠᠭᠠᠴᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ ᠰᠠᠶᠢᠳᠤᠷ ᠬᠢᠬᠦ ᠶᠢ ᠨᠢ | ᠲᠠᠮᠵᠢᠨ ᠵᠢᠯᠤᠭᠤᠳᠤᠨ᠎ᠠ᠃ | ︵ᠠᠷᠪᠡ ᠶᠢᠰᠦ︶ ᠬᠢᠨᠠᠯᠳᠠ ᠲᠠᠯᠪᠢᠬᠤ ᠪᠡ ᠬᠢᠨᠠᠨ ᠰᠢᠯᠭᠠᠯᠳᠠ ᠶᠢ ᠴᠢᠩᠭᠠᠳᠬᠠᠨ᠎ᠠ᠃ ᠬᠤᠰᠢᠭᠤ ᠮᠠᠯᠵᠢᠬᠤ | ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ | ᠠᠵᠢᠯ ᠤᠨ ᠤᠳᠤᠷᠢᠳᠬᠤ ᠲᠤᠭᠤᠶᠢᠯᠠᠩ ᠡᠵᠡᠩᠨᠡᠯᠳᠡ ᠶᠢᠨ ᠴᠢᠨᠡᠷ ᠴᠢᠨᠰᠠᠭ᠎ᠠ ᠪᠡ ᠦᠢᠯᠡᠴᠢᠯᠠᠭᠡᠨ ᠤ ᠦᠷ᠎ᠡ | ᠪᠦᠳᠤᠮᠵᠢ ᠶᠢᠨ ᠪᠠᠶᠢᠴᠠᠭᠠᠯᠳᠠ ᠶᠢ ᠲᠤᠭᠳᠠᠮᠠᠯ ᠬᠤᠭᠤᠴᠠᠭ᠎ᠠ ᠲᠠᠢ ᠦᠷᠨᠢᠬᠦᠯᠵᠦ᠂ ᠤᠷᠳᠤ ᠬᠤᠭᠤᠴᠠᠭᠠᠨ ᠤ | ᠪᠦᠳᠤᠮᠵᠢᠳᠡᠢ ᠠᠵᠢᠯᠯᠠᠭ᠎ᠠ ᠶᠢ ᠪᠠᠳᠤᠯᠠᠨ᠎ᠠ᠃ ᠱᠠᠭᠠᠷᠳᠠᠨ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠦ᠂ ᠬᠢᠨᠡᠯᠳᠡ | ᠲᠠᠯᠪᠢᠵᠦ ᠬᠠᠷᠢᠭᠤᠴᠠᠯᠭ᠎ᠠ ᠭᠡᠯᠡᠯᠴᠡᠬᠦ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ | ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ ᠦᠷᠨᠢᠬᠦᠯᠦᠭᠰᠡᠨ ᠪᠠᠶᠢᠳᠠᠯ ᠢ ᠬᠦᠳᠡᠭᠡ | ᠲᠤᠰᠬᠤᠨ ᠢ ᠬᠦᠭᠵᠢᠬᠦᠯᠦᠭᠰᠡᠨ ᠪᠤᠳᠠᠳᠤ ᠦᠷ᠎ᠡ ᠪᠦᠳᠤᠮᠵᠢ ᠶᠢᠨ ᠬᠢᠨᠡᠨ ᠰᠢᠯᠭᠠᠯᠳᠠ ᠳᠤ ᠤᠷᠤᠭᠤᠯᠤᠨ᠎ᠠ᠃ | ᠵᠤᠷᠢᠭᠵᠢᠭᠤᠯᠤᠨ ᠬᠢᠵᠠᠭᠠᠷᠯᠠᠬᠤ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠮᠢᠶᠠᠷᠤᠯᠳᠠ ᠬᠠᠮᠠᠭᠠᠯᠠᠯᠳᠠ ᠶᠢᠨ | ᠠᠵᠢᠯ ᠢ ᠦᠷᠨᠢᠬᠦᠯᠦᠭᠰᠡᠨ ᠪᠠᠶᠢᠳᠠᠯ ᠰᠠᠶᠢᠨ ᠪᠤᠯ ᠵᠤᠬᠢᠰᠳᠡᠢ ᠪᠠᠷ ᠱᠠᠩᠨᠠᠬᠤ ᠪᠤᠶᠤ ᠨᠦᠬᠦᠪᠤᠷᠢ ᠶᠢ ᠨᠢ ᠨᠡᠮᠡᠭᠳᠡᠬᠦᠯᠵᠦ | ᠪᠤᠯᠤᠨ᠎ᠠ︔ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠢ ᠦᠷᠨᠢᠬᠦᠯᠦᠭᠰᠡᠨ ᠪᠠᠶᠢᠳᠠᠯ ᠨᠠᠯᠢᠶᠠᠳ ᠠᠨᠠᠢ ᠪᠤᠯ ᠪᠤᠯᠵᠤᠨ | ᠶᠠᠷᠢᠯᠴᠠᠬᠤ᠂ ᠵᠠᠷᠯᠢᠭᠳᠡᠨ ᠵᠠᠯᠠᠷᠠᠭᠤᠯᠬᠤ᠂ ᠵᠠᠰᠠᠭ ᠵᠠᠬᠢᠷᠭᠠᠨ ᠤ ᠰᠢᠳᠭᠡᠯ ᠤᠯᠭᠤᠬᠤ᠂ ᠨᠦᠬᠦᠪᠤᠷᠢ ᠶᠢ ᠨᠢ ᠬᠠᠰᠤᠬᠤ | ᠂ ᠬᠢᠷᠢ ᠭᠡᠮ ᠢ ᠨᠢ ᠬᠤᠷᠢᠶᠠᠨ ᠠᠪᠴᠦ ᠬᠦᠴᠦᠨ ᠦᠬᠡᠢ ᠪᠤᠯᠭᠠᠬᠤ ᠵᠡᠷᠭᠡ ᠰᠢᠳᠭᠡᠯ ᠤᠯᠭᠤᠨ᠎ᠠ᠃ | | | | | | | | | ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ | ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ | | ᠠᠵᠢᠯ ᠤᠨ ᠭᠡᠷᠡᠭᠴᠡᠭᠡ ᠶᠢ ᠦᠨᠳᠤᠰᠤᠯᠠᠵᠦ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ | ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠤᠳᠤᠷᠢᠳᠬᠤ | ᠲᠤᠭᠤᠶᠢᠯᠠᠩ ᠢ ᠪᠠᠶᠢᠭᠤᠯᠪᠡ᠃ ᠪᠤᠳᠠᠳᠠᠢ ᠵᠦᠢᠯᠡᠰ ᠨᠢ ᠲᠤᠤᠷᠡᠬᠢ ᠮᠡᠳᠤ᠄ | ᠨᠢᠬᠡ᠂ ᠪᠦᠷᠢᠯᠳᠤᠬᠦᠨ | ᠲᠤᠭᠤᠶᠢᠯᠠᠩ ᠤᠨ ᠲᠠᠷᠤᠭ᠎ᠠ᠄ ᠬᠠᠰᠪᠠᠭᠠᠳᠤᠷ ᠬᠤᠰᠢᠭᠤ ᠨᠡᠮ ᠤᠨ ᠬᠤᠷᠢᠶᠠᠨ ᠤ ᠪᠠᠶᠢᠩᠭᠤ ᠶᠢᠨ | ᠭᠡᠰᠢᠬᠦᠨ᠂ ᠪᠠᠶᠢᠩᠭᠤ ᠶᠢᠨ ᠲᠡᠳ᠋ ᠬᠤᠰᠢᠭᠤ ᠲᠠᠷᠤᠭ᠎ᠠ | ᠲᠡᠳ᠋ ᠲᠤᠭᠤᠶᠢᠯᠠᠩ ᠤᠨ ᠲᠠᠷᠤᠭ᠎ᠠ᠄ ᠯᠢᠦ ᠡᠾᠦ᠋ᠩ ᠲᠤᠤ ᠬᠤᠰᠢᠭᠤ ᠬᠦᠭᠵᠢᠭᠦᠯᠦᠯᠳᠡ ᠪᠡ | ᠦᠬᠡᠷᠡᠴᠢᠯᠠᠯᠳᠠ ᠶᠢᠨ ᠵᠦᠪᠯᠡᠯ ᠤᠨ ᠡᠷᠬᠢᠯᠡᠭᠴᠢ | ᠪᠦᠷᠢᠯᠳᠤᠬᠦᠨ᠄ ᠰᠤᠷᠳᠠᠯᠳᠤ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ | ᠲᠤᠪᠴᠢᠶᠠᠨ ᠤ ᠲᠠᠷᠤᠭ᠎ᠠ | ᠪᠤᠯᠠᠭ ᠬᠤᠰᠢᠭᠤ ᠡᠳ᠋ ᠤᠨ ᠵᠠᠰᠠᠭ ᠤᠨ ᠲᠤᠪᠴᠢᠶᠠᠨ ᠤ ᠲᠠᠷᠤᠭ᠎ᠠ | ᠰᠥᠸᠧ ᠭᠠᠩ ᠬᠤᠰᠢᠭᠤ ᠰᠤᠷᠭᠠᠨ ᠬᠦᠮᠦᠵᠢᠯ ᠤᠨ ᠲᠤᠪᠴᠢᠶᠠᠨ ᠤ ᠲᠠᠷᠤᠭ᠎ᠠ | ᠬᠠᠳᠠᠪᠠᠭᠠᠳᠤᠷ ᠬᠤᠰᠢᠭᠤ ᠠᠷᠠᠳ ᠤᠨ ᠶᠠᠪᠤᠳᠠᠯ ᠤᠨ ᠲᠤᠪᠴᠢᠶᠠᠨ ᠤ ᠲᠠᠷᠤᠭ᠎ᠠ | ᠸᠠᠩ ᠢ ᠰᠥᠩ ᠬᠤᠰᠢᠭᠤ ᠤᠷᠤᠨ ᠰᠠᠭᠤᠴᠠ ᠪᠡ ᠪᠦᠳᠤᠭᠡᠨ ᠪᠠᠶᠢᠭᠤᠯᠤᠯᠳᠠ ᠶᠢᠨ ᠲᠤᠪᠴᠢᠶᠠᠨ | ᠤ ᠲᠠᠷᠤᠭ᠎ᠠ | ᠯᠢᠦ ᠶᠥᠩ ᠬᠤᠰᠢᠭᠤ ᠵᠡᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶᠠᠨ ᠤ ᠲᠠᠷᠤᠭ᠎ᠠ | ᠴᠤᠭᠵᠢᠯᠳᠤ ᠬᠤᠰᠢᠭᠤ ᠰᠤᠶᠤᠯ ᠲᠠᠮᠢᠷ ᠵᠢᠭᠤᠯᠴᠢᠯᠠᠯ ᠷᠡᠳᠢᠤ᠋ ᠲᠧᠯᠸᠢᠰ ᠲᠤᠪᠴᠢᠶᠠᠨ ᠤ | ᠲᠠᠷᠤᠭ᠎ᠠ | ᠰᠡᠴᠡᠨᠪᠢᠯᠢᠭ ᠬᠤᠰᠢᠭᠤ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠵᠦᠪᠯᠡᠯ ᠤᠨ ᠡᠷᠬᠢᠯᠡᠭᠴᠢ | ᠵᠠᠩ ᠯᠧᠢ ᠬᠤᠰᠢᠭᠤ ᠪᠡᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠤᠪᠴᠢᠶᠠᠨ ᠤ | ᠲᠠᠷᠤᠭ᠎ᠠ | ᠪᠠᠨ ᠵᠢᠶᠠᠨ ᠶᠢᠩ ᠬᠤᠰᠢᠭᠤ ᠤᠢ ᠰᠢᠭᠤᠢ ᠪᠡ ᠨᠤᠳᠤᠭ ᠪᠡᠯᠴᠢᠭᠡᠷ ᠤᠨ ᠲᠤᠪᠴᠢᠶᠠᠨ ᠤ ᠲᠠᠷᠤᠭ᠎ᠠ | ᠲᠠᠩ ᠸᠧᠨ ᠱᠧᠩ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠲᠠᠷᠤᠭ᠎ᠠ | ᠵᠢᠷᠭᠠᠯ ᠬᠤᠰᠢᠭᠤ ᠴᠠᠬᠢᠯᠭᠠᠨ ᠬᠠᠩᠭᠠᠬᠤ ᠲᠤᠪᠴᠢᠶᠠᠨ ᠤ ᠲᠠᠷᠤᠭ᠎ᠠ | ᠶᠢᠨ ᠸᠠᠩ ᠰᠠᠶᠢᠬᠠᠨᠳᠠᠯ᠎ᠠ ᠪᠠᠯᠭᠠᠰᠤᠨ ᠤ ᠲᠠᠷᠤᠭ᠎ᠠ | ᠯᠥᠸᠧ ᠡᠾᠦ᠋ᠩ ᠪᠢᠨ ᠵᠢᠷᠤᠭᠡ ᠪᠠᠯᠭᠠᠰᠤᠨ ᠤ ᠲᠠᠷᠤᠭ᠎ᠠ | ᠪᠤᠤ ᠴᠢᠩ ᠦᠷᠭᠡᠨᠳᠡᠯ᠎ᠡ ᠪᠠᠯᠭᠠᠰᠤᠨ ᠤ ᠲᠠᠷᠤᠭ᠎ᠠ | ᠤᠳᠬᠤᠨᠪᠠᠭᠠᠳᠤᠷ ᠰᠠᠩᠪᠤᠯᠠᠭ ᠰᠤᠮᠤᠨ ᠤ ᠲᠠᠷᠤᠭ᠎ᠠ | ᠰᠤᠶᠤᠯᠳᠤ ᠰᠠᠶᠢᠬᠠᠠᠠᠦ᠋ᠯᠵᠠᠢ ᠰᠤᠮᠤᠨ ᠤ ᠲᠠᠷᠤᠭ᠎ᠠ | ᠴᠤᠭᠳᠤ ᠡᠷᠢᠶᠠᠠᠨᠠᠭᠤᠷ ᠰᠤᠮᠤᠨ ᠤ ᠲᠠᠷᠤᠭ᠎ᠠ | ᠰᠤᠶᠤᠯᠪᠦ᠋ᠷᠢᠨ ᠠᠴᠢᠳᠤᠠᠠᠭᠤᠯᠠ ᠰᠤᠮᠤᠨ ᠤ ᠲᠠᠷᠤᠭ᠎ᠠ | ᠬᠤᠶᠠᠷ᠂ ᠤᠳᠤᠷᠢᠳᠬᠤ ᠲᠤᠭᠤᠶᠢᠯᠠᠩ ᠤᠨ ᠡᠬᠦᠷᠭᠡ ᠬᠠᠷᠢᠭᠤᠴᠠᠯᠭ᠎ᠠ | ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ | ᠬᠠᠮᠢᠶᠠᠷᠤᠯᠳᠠ ᠬᠠᠮᠠᠭᠠᠯᠠᠯᠳᠠ ᠶᠢᠨ ᠠᠵᠢᠯ ᠤᠨ ᠤᠳᠤᠷᠢᠳᠬᠤ ᠲᠤᠭᠤᠶᠢᠯᠠᠩ ᠨᠢ ᠪᠦᠬᠦ ᠬᠤᠰᠢᠭᠤᠨ ᠤ ᠮᠠᠯᠵᠢᠬᠤ | ᠲᠠᠷᠢᠶᠠᠯᠠᠬᠤ ᠤᠷᠤᠨ ᠤ ᠤᠯᠠᠨ ᠨᠠᠶᠢᠳᠠ ᠶᠢᠨ ᠰᠠᠭᠤᠷᠢ ᠲᠦᠬᠦᠭᠡᠷᠤᠮᠵᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ | ᠠᠵᠢᠯ ᠢ ᠲᠦᠷᠤᠬᠦᠯᠡᠨ ᠦᠷᠨᠢᠬᠦᠯᠵᠦ᠂ ᠡᠯ᠎ᠡ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠲᠤᠰᠢᠶᠠᠯ ᠬᠠᠷᠢᠭᠤᠴᠠᠯᠭ᠎ᠠ ᠪᠠᠷ ᠢᠶᠠᠨ ᠠᠵᠢᠯ ᠬᠤᠪᠢᠶᠠᠷᠢᠯᠠᠵᠦ᠂ ᠭᠡᠷᠡᠭᠵᠢᠬᠦᠯᠬᠦ ᠲᠦᠰᠦᠯ ᠲᠤᠭᠳᠠᠭᠠᠨ᠂ ᠢᠵᠢ | ᠪᠦᠷᠢᠨ ᠠᠷᠭ᠎ᠠ ᠪᠡᠷᠢᠯ ᠢ ᠨᠠᠷᠢᠯᠢᠭᠵᠢᠭᠤᠯᠤᠨ᠂ ᠨᠢᠭᠳᠠ ᠬᠠᠮᠵᠢᠯᠴᠠᠵᠦ᠂ ᠲᠠᠷᠠᠭᠠᠴᠢ ᠶᠢᠨ ᠬᠠᠮᠢᠶᠠᠷᠤᠯᠳᠠ | ᠬᠠᠮᠠᠭᠠᠯᠠᠯᠳᠠ ᠶᠢᠨ ᠠᠵᠢᠯ ᠢ ᠰᠠᠶᠢᠳᠤᠷ ᠲᠡᠮᠵᠢᠨ ᠵᠢᠯᠤᠭᠤᠳᠤᠨ᠎ᠠ᠃ | ᠭᠤᠷᠪᠡ᠂ ᠪᠤᠰᠤᠳ ᠠᠵᠢᠯ | ᠤᠳᠤᠷᠢᠳᠬᠤ ᠲᠤᠭᠤᠶᠢᠯᠠᠩ ᠤᠨ ᠠᠯᠪᠡᠨ ᠭᠡᠷ ᠢ ᠬᠤᠰᠢᠭᠤ ᠬᠦᠭᠵᠢᠬᠦᠯᠦᠯᠳᠡ ᠪᠡ ᠦᠬᠡᠷᠡᠴᠢᠯᠠᠯᠳᠠ ᠶᠢᠨ | ᠵᠦᠪᠯᠡᠯ ᠳᠤ ᠲᠤᠬᠢᠷᠠᠭᠤᠯᠵᠦ᠂ ᠤᠳᠤᠷᠢᠳᠬᠤ ᠲᠤᠭᠤᠶᠢᠯᠠᠩ ᠤᠨ ᠡᠳᠤᠷ ᠲᠤᠳᠤᠮ ᠤᠨ ᠠᠵᠢᠯ ᠢ ᠪᠤᠳᠠᠳᠠᠢ | ᠬᠠᠷᠢᠭᠤᠴᠠᠨ᠎ᠠ᠂ ᠠᠯᠪᠡᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠰᠢᠭᠤ ᠬᠦᠭᠵᠢᠬᠦᠯᠦᠯᠳᠡ ᠪᠡ ᠦᠬᠡᠷᠡᠴᠢᠯᠠᠯᠳᠠ | ᠶᠢᠨ ᠵᠦᠪᠯᠡᠯ ᠤᠨ ᠲᠡᠳ᠋ ᠡᠷᠬᠢᠯᠡᠭᠴᠢ ᠵᠤᠤ ᠶᠢᠨ ᠹᠠ ᠬᠠᠪᠰᠤᠷᠭᠠᠨ ᠬᠠᠷᠢᠭᠤᠴᠠᠨ᠎ᠠ᠃ ᠠᠵᠢᠯᠳᠠᠨ᠄ ᠠᠯᠳᠠᠨᠪᠠᠭᠠᠨ᠎ᠠ᠃ | ᠬᠠᠷᠢᠯᠴᠠᠬᠤ ᠤᠳᠠᠰᠤ᠄ 0479 — 7215578᠃ | | |