ᠮᠠᠨ ᠤ ᠬᠤᠰᠢᠭᠤᠨ ᠤ ᠤᠯᠠᠭᠠᠨᠮᠥ᠋ᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ︾ ᠤᠨ ᠴᠣᠯᠠ ᠬᠦᠷᠲᠡᠭᠰᠡᠨ
ᠨᠡᠶᠢᠲᠡᠯᠡᠭᠰᠡᠨ ᠴᠠᠭ᠄
2020/12/7
                       ᠡᠬᠡ ᠪᠢᠴᠢᠭ᠄ ᠰᠡᠷᠭᠦᠯᠡᠩ     ᠵᠢᠷᠤᠭ᠄ ᠭᠡᠭᠡᠨ        ᠤᠶᠢᠷ᠎ᠠ ᠳᠤ᠂ ᠮᠠᠨ ᠤ ᠬᠤᠰᠢᠭᠤᠨ ᠤ ᠤᠯᠠᠭᠠᠨᠮᠥ᠋ᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ︾ ᠤᠨ ᠴᠣᠯᠠ  ᠬᠦᠷᠲᠡᠵᠦ᠂ ᠬᠤᠰᠢᠭᠤ ᠰᠣᠶᠣᠯ ᠤᠬᠠᠭᠤᠯᠭ᠎ᠠ  ᠶᠢᠨ ᠲᠣᠮᠣ ᠠᠰᠠᠷ ᠲᠤ ᠢᠯᠡᠷᠬᠡᠶᠢᠯᠡᠯ ᠣᠯᠭᠤᠬᠤ ᠶᠣᠰᠣᠯᠠᠯ ᠶᠠᠪᠤᠭᠳᠠᠭᠤᠯᠤᠨ᠂ ᠴᠤᠯᠠ ᠤᠯᠭᠤᠭᠰᠠᠨ ᠠᠯᠪᠠᠨ ᠮᠠᠲ᠋ᠧᠷᠢᠶᠠᠯ ᠢ ᠤᠩᠰᠢᠨ ᠵᠠᠷᠯᠠᠵᠤ ᠢᠯᠡᠷᠬᠡᠶᠢᠯᠡᠯ ᠤᠯᠭᠤᠨ᠂ ᠦᠪᠡᠷᠲᠡᠬᠡᠨ ᠵᠠᠰᠠᠬᠤ ᠤᠷᠤᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠤᠭᠠᠲᠤ ᠬᠤᠷᠠᠯ ᠪᠤᠯᠤᠨ ᠬᠤᠰᠢᠭᠤ ᠤᠯᠠᠭᠠᠨᠮᠦ᠋ᠴᠢᠷ ᠬᠤᠶᠠᠷ ᠲᠠᠯ᠎ᠠ ᠪᠠᠷ ᠢᠶᠠᠨ ᠨᠤᠮ ᠪᠢᠴᠢᠭ ᠪᠡᠯᠭᠡᠯᠡᠭᠰᠡᠨ ᠪᠠᠶᠢᠨ᠎ᠠ᠃
     ᠦᠪᠡᠷᠲᠡᠬᠡᠨ ᠵᠠᠰᠠᠬᠤ ᠤᠷᠤᠨ ᠤ ᠨᠡᠶᠢᠬᠡᠮ ᠤᠨ ᠰᠢᠨᠵᠢᠯᠡᠬᠦ ᠤᠬᠠᠭᠠᠨ ᠤ ᠬᠢᠨ ᠤ  ᠬᠤᠯᠪᠤᠭᠠᠲᠤ ᠬᠤᠷᠠᠯ ᠤᠨ ᠬᠡᠰᠢᠬᠦᠨ᠂ ᠳᠡᠳ᠋ ᠲᠡᠷᠢᠭᠦᠯᠡᠭᠴᠢ ᠡᠷᠳᠡᠨᠢᠰᠠᠩ ᠶᠤᠰᠤᠯᠠᠯ ᠳᠤ ᠪᠠᠶᠠᠷ ᠤᠨ ᠶᠠᠷᠢᠶ᠎ᠠ ᠬᠢᠵᠦ ᠤᠯᠠᠭᠠᠨᠮᠦ᠋ᠴᠢᠷ ᠢ ᠨᠡᠶᠢᠬᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠰᠠᠭᠤᠷᠢᠨ ᠭᠠᠵᠠᠷ ᠤᠨ ᠤᠯᠠᠨ ᠲᠦᠮᠡᠨ ᠳᠤ ᠦᠢᠯᠡᠴᠢᠯᠡᠬᠦ ᠴᠢᠳᠠᠮᠵᠢ ᠶᠢ ᠭᠦᠨᠵᠡᠭᠡᠶᠢᠷᠡᠬᠦᠯᠵᠦ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠦᠷᠬᠦᠯᠵᠢᠯᠡᠨ ᠪᠠᠳᠠᠷᠠᠭᠤᠯᠬᠤ ᠬᠡᠷᠡᠭᠲᠡᠢ ᠭᠡᠵᠠᠢ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠬᠤᠰᠢᠭᠤ ᠳᠡᠳ᠋ ᠳᠠᠷᠤᠭ᠎ᠠ ᠼᠦᠩ ᠮᠧᠢ  ᠢᠯᠡᠷᠬᠡᠶᠢᠯᠡᠬᠦ ᠳᠡᠭᠡᠨ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠬᠦᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂  ᠠᠷᠠᠳ ᠲᠦᠮᠡᠨ ᠤ ᠳᠤᠮᠳᠠ  ᠬᠦᠨᠵᠡᠬᠡᠶᠢᠷᠡᠨ︾ ᠰᠦᠯᠵᠢᠶᠡᠨ  ᠤ ᠲᠡᠭᠡᠷ᠎ᠡ ᠳᠣᠣᠷᠠᠬᠢ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠭᠦᠨᠵᠡᠭᠡᠶ ᠥᠷᠨᠢᠭᠦᠯᠵᠦ᠂ ︽ᠤᠯᠠᠭᠠᠨᠮᠥ᠋ᠴᠢᠷ +︾ ᠲᠤᠰᠬᠠᠢ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠭᠪᠤᠷ᠂ ᠨᠡᠭᠦᠳᠡᠯ  ᠦᠢᠯᠡᠴᠢᠯᠡᠭᠡᠨ ᠤ ᠵᠠᠭᠪᠤᠷ  ᠢ ᠲᠡᠭᠦᠯᠳᠡᠷᠵᠢᠭᠦᠯᠵᠦ᠂  ᠰᠢᠨᠵᠢᠯᠡᠬᠦ ᠤᠬᠠᠭᠠᠨ ᠤ ᠮᠡᠳᠡᠯᠭᠡ᠂ ᠲᠡᠷᠢᠭᠦᠨ ᠤ ᠰᠣᠶᠣᠯ ᠢ ᠮᠠᠯᠴᠢᠨ ᠲᠦᠮᠡᠨ ᠤ ᠳᠤᠮᠳᠠ ᠲᠦᠭᠡᠮᠡᠯᠵᠢᠭᠦᠯᠦᠨ᠎ᠡ ᠭᠡᠵᠠᠢ᠃      ᠶᠣᠰᠣᠯᠠᠯ ᠤᠨ ᠳᠠᠷᠠᠭ᠎ᠠ᠂ ᠣᠯᠠᠨ ᠢᠶᠠᠷ ᠢᠶᠠᠨ ᠪᠠᠰᠠ ᠤᠯᠠᠭᠠᠨᠮᠥ᠋ᠴᠢᠷ ᠤᠨ ᠦᠵᠡᠭᠦᠯᠭᠡ ᠶᠢᠨ ᠲᠠᠩᠬᠢᠮ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠵᠡᠭᠦᠯᠭᠡ ᠶᠢᠨ  ᠲᠠᠩᠬᠢᠮ ᠢᠶᠠᠷ  ᠲᠣᠭᠤᠷᠢᠨ ᠦᠵᠡᠪᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号