ᠮᠠᠯᠴᠢᠨ ᠪᠥᠰᠡᠭᠦᠢ ᠶᠢᠨ ᠦᠢᠯᠡᠳᠦᠭᠰᠡᠨ ᠴᠤᠯ ᠪᠠᠶᠢᠭᠠᠯᠢᠯᠢᠭ ᠤᠷᠤᠭᠤᠯ ᠤᠨ ᠪᠤᠳᠤᠭ᠂ ᠰᠠᠪᠤᠩ ᠵᠡᠷᠭᠡ ᠪᠥᠳᠥᠭᠡᠭᠳᠡᠭᠦᠨ ᠨᠢ ᠭᠡᠷᠡᠭᠯᠡᠭᠴᠢᠳ ᠲᠤ ᠲᠠᠭᠠᠰᠢᠶᠠᠭᠳᠠᠵᠤ ᠪᠠᠶᠢᠭ᠎ᠠ
ᠨᠡᠶᠢᠲᠡᠯᠡᠭᠰᠡᠨ ᠴᠠᠭ᠄
2020/12/7
     ᠰᠥᠨᠢᠳ ᠪᠠᠷᠠᠭᠤᠨ ᠬᠤᠰᠢᠭᠤᠨ ᠤ ᠥᠷᠭᠡᠨᠳᠡᠯ᠎ᠠ  ᠪᠠᠯᠭᠠᠰᠤᠨ ᠤ ᠪᠠᠶᠠᠨᠴᠢᠯᠠᠭᠤ ᠭᠠᠴᠠᠭᠠᠨ ᠤ ᠮᠠᠯᠴᠢᠨ ᠨᠠᠷᠠᠨᠴᠡᠴᠡᠭ ᠥᠨᠢᠶᠡᠨ ᠰᠥ ᠪᠠᠷ ᠰᠠᠪᠤᠩ᠂ ᠭᠠᠷ ᠤᠨ ᠲᠤᠰᠤ᠂ ᠰᠢᠷ᠎ᠠ ᠲᠤᠰᠤ ᠪᠠᠷ ᠤᠷᠤᠭᠤᠯ ᠤᠨ ᠪᠤᠳᠤᠭ  ᠬᠢᠵᠦ ᠪᠤᠷᠤᠯᠠᠭᠤᠯᠤᠨ᠂ ᠮᠠᠯᠴᠢᠨ ᠪᠥᠰᠡᠭᠦᠢ ᠶᠢᠨ ᠮᠠᠯ ᠤᠨ ᠠᠰᠢᠭ ᠰᠢᠮ᠎ᠡ ᠪᠠᠷ ᠢᠶᠠᠨ ᠤᠶᠢᠯᠡᠳᠪᠤᠷᠢᠯᠡᠭᠰᠡᠨ ᠴᠤᠯ ᠪᠠᠶᠢᠭᠠᠯᠢᠯᠢᠭ ᠪᠥᠳᠥᠭᠡᠭᠳᠡᠭᠦᠨ ᠨᠢ ᠵᠠᠬ᠎ᠠ ᠲᠡᠯᠭᠡᠭᠦᠷ ᠲᠡᠭᠡᠷ᠎ᠡ ᠵᠤᠬᠢᠬᠤ ᠤᠷᠤᠨ ᠪᠠᠶᠢᠷᠢ ᠪᠠᠨ ᠤᠯᠤᠭᠰᠠᠨ ᠪᠠᠶᠢᠨ᠎ᠠ᠃      ᠮᠠᠯᠴᠢᠨ ᠨᠠᠷᠠᠨᠴᠡᠴᠡᠭ ᠤᠨ ᠬᠢᠨ ᠬᠤᠶᠠᠷ ᠵᠠᠭᠤᠤ ᠭᠠᠷᠤᠢ ᠬᠤᠨᠢ᠂ ᠭᠤᠴᠢ ᠰᠢᠬᠠᠮ ᠥᠭᠡᠷ᠂ ᠠᠷᠪᠠᠭᠠᠳ ᠠᠳᠤᠭᠤ ᠮᠠᠯᠵᠢᠵᠤ᠂ ᠬᠡᠭᠦᠥ ᠰᠠᠭᠠᠨ ᠴᠡᠭᠡ ᠢᠰᠭᠡᠭᠦ  ᠪᠤᠯᠤᠨ ᠴᠠᠭᠠᠨ ᠢᠳᠡᠭᠡ ᠤᠶᠢᠯᠡᠳᠪᠤᠷᠢᠯᠡᠨ ᠪᠤᠷᠤᠯᠠᠭᠤᠯᠤᠭᠠᠳ ᠲᠤᠯᠤᠭ᠎ᠠ ᠨᠠᠢᠮᠠᠨ ᠵᠢᠯ ᠪᠤᠯᠵᠤ᠂ ᠤᠳᠤᠬᠠᠨ ᠳᠤ ︽ᠨᠠᠷᠠᠨ ᠲᠠᠮᠠᠴᠢ︾ ᠴᠠᠭᠠᠨ ᠢᠳᠡᠭᠡᠨ ᠤ ᠲᠠᠸᠠᠷ ᠤᠨ ᠲᠡᠮᠳᠡᠭ  ᠢᠶᠠᠨ ᠨᠢᠭᠡᠨᠳᠡ ᠭᠤᠶᠤᠴᠢᠯᠠᠭᠠᠳ ᠪᠠᠶᠢᠨ᠎ᠠ᠃ ᠠᠵᠢᠯᠴᠢ ᠪᠥᠰᠡᠭᠦᠢ ᠶᠢᠨ ᠭᠠᠷ ᠤᠷᠠᠨ ᠪᠠᠶᠢᠳᠠᠭ ᠭᠡᠳᠡᠭ ᠢᠶᠠᠷ᠂ 2018 ᠤᠨ   ᠳᠤ ᠲᠡᠷᠡ ᠰᠥᠯᠵᠢᠶᠡᠨ ᠲᠡᠭᠡᠷ᠎ᠡ ᠠᠴᠠ ᠰᠠᠪᠤᠩ᠂ ᠤᠷᠤᠭᠤᠯ ᠤᠨ ᠪᠤᠳᠤᠭ ᠬᠢᠭᠦ ᠮᠡᠷᠭᠡᠵᠢᠯ ᠢ ᠰᠤᠷᠴᠤ᠂ ᠰᠤᠮᠤ ᠪᠤᠯᠤᠨ ᠤᠶᠢᠷ᠎ᠠ ᠬᠠᠪᠢ ᠶᠢᠨ ᠰᠤᠮᠤᠨ ᠠᠴᠠ ᠡᠷᠭᠢᠯᠡᠭᠰᠡᠨ ᠲᠤᠰᠬᠠᠢ ᠮᠡᠷᠭᠡᠵᠢᠯ ᠤᠨ ᠪᠤᠯᠪᠠᠰᠤᠷᠠᠯ  ᠳᠤ ᠤᠷᠤᠯᠴᠠᠨ᠂ ᠬᠢᠭᠦ ᠶᠠᠪᠤᠴᠠ ᠶᠢ ᠰᠢᠰᠲ᠋ᠧᠮ ᠲᠠᠢ ᠰᠤᠷᠤᠭᠰᠠᠨ ᠤ ᠲᠠᠷᠠᠭ᠎ᠠ᠂ ᠡᠭᠡᠳᠡᠭᠰᠡᠨ ᠰᠥ᠂ ᠤᠷᠤᠭᠤᠯ ᠤᠨ ᠪᠤᠳᠤᠭ᠂ ᠭᠠᠷ ᠤᠨ ᠲᠤᠰᠤ᠂ ᠰᠠᠪᠤᠩ ᠵᠡᠷᠭᠡ ᠶᠢ ᠭᠠᠷ ᠢᠶᠠᠷ ᠬᠢᠵᠤ᠂ ᠭᠡᠷᠡᠭᠯᠡᠭᠴᠢᠳ ᠲᠤ ᠲᠠᠭᠠᠰᠢᠶᠠᠭᠳᠠᠭᠤᠯᠬᠤ ᠶᠢᠨ ᠲᠤᠰᠠᠳᠠ ᠪᠤᠭᠤᠳᠠᠯ ᠪᠠᠭᠯᠠᠭ᠎ᠠ ᠶᠢ ᠴᠢᠬᠤᠯᠠᠴᠢᠯᠠᠵᠤ᠂ ᠥᠪᠡᠷ ᠤᠨ ᠬᠡᠰᠡᠨ ᠥᠪᠡᠷᠮᠢᠴᠡ ᠤᠨᠴᠠᠯᠢᠭ ᠲᠠᠢ ᠴᠤᠯ ᠪᠠᠶᠢᠭᠠᠯᠢᠯᠢᠭ ᠪᠥᠳᠥᠭᠡᠭᠳᠡᠭᠦᠨ ᠢ  ᠦᠢᠯᠡᠳᠪᠦᠷᠢᠯᠡᠵᠦ᠂ ᠭᠤᠤᠯᠳᠠᠭᠤ ᠸᠢᠴᠠᠲ ᠪᠠᠷ ᠪᠥᠬᠦ ᠤᠯᠤᠰ ᠤᠨ ᠡᠯ᠎ᠡ ᠭᠠᠵᠠᠷ  ᠲᠤ ᠪᠤᠷᠤᠯᠠᠭᠤᠯᠵᠤ᠂ ᠠᠩᠬᠠᠨ ᠤ ᠭᠤᠷᠪᠠᠨ ᠰᠠᠷ᠎ᠠ ᠳᠤ ᠪᠠᠷᠤᠭ ᠲᠥᠷᠪᠡᠨ ᠲᠥᠮᠡᠨ ᠲᠥᠭᠦᠷᠢᠭ ᠤᠨ ᠴᠡᠪᠡᠷ ᠤᠷᠤᠯᠭ᠎ᠠ  ᠤᠯᠤᠭᠰᠠᠨ ᠨᠢ ᠲᠡᠭᠦᠨ ᠳᠤ ᠲᠤᠶᠢᠯ ᠤᠨ ᠶᠡᠭᠡ ᠢᠳᠡᠭᠡᠯ ᠤᠯᠭᠤᠭᠰᠠᠨ  ᠪᠠᠶᠢᠯ᠎ᠠ᠃
     ᠤᠶᠢᠯᠡᠳᠪᠤᠷᠢᠯᠡᠯ ᠤᠨ ᠬᠡᠪᠴᠢᠶ᠎ᠡ ᠪᠠᠨ ᠥᠷᠭᠡᠳᠭᠡᠭᠦ ᠶᠢᠨ ᠲᠥᠯᠥᠭᠡ᠂ ᠡᠨᠡ ᠨᠠᠮᠤᠷ ᠨᠠᠷᠠᠨᠴᠡᠴᠡᠭ ᠤᠨ ᠬᠢ 100 ᠬᠠᠪᠳᠠᠭᠠᠢ ᠲᠥᠷᠪᠡᠯᠵᠢᠨ ᠮᠧᠲᠷ ᠤᠨ ᠲᠠᠯᠠᠪᠠᠢ ᠲᠠᠢ ᠴᠠᠭᠠᠨ ᠢᠳᠡᠭᠡᠨ ᠤ ᠪᠥᠳᠥᠭᠡᠭᠳᠡᠭᠦᠨ ᠪᠤᠯᠪᠠᠰᠤᠷᠠᠭᠤᠯᠬᠤ ᠤᠶᠢᠯᠡᠳᠪᠤᠷᠢ ᠶᠢᠨ ᠭᠡᠷ ᠪᠠᠶᠢᠭᠤᠯᠵᠤ᠂ ᠡᠨᠡ ᠬᠤᠶᠠᠷ ᠡᠳᠥᠷ ᠲᠤ ᠪᠠᠷᠢᠯᠭ᠎ᠠ ᠲᠠᠭᠤᠰᠴᠤ ᠠᠰᠢᠭᠯᠠᠯᠳᠠ ᠳᠤ ᠤᠷᠤᠬᠤ  ᠪᠠᠷ ᠪᠠᠶᠢᠨ᠎ᠠ᠃ ᠲᠤᠰ ᠤᠶᠢᠯᠡᠳᠪᠤᠷᠢ ᠶᠢᠨ ᠭᠡᠷ ᠢ ᠪᠠᠶᠢᠭᠤᠯᠬᠤ ᠳᠤ ᠨᠠᠷᠠᠨᠴᠡᠴᠡᠭ ᠥᠪᠡᠷ ᠢᠶᠠᠨ ᠲᠥᠮᠡ ᠲᠠᠪᠤᠨ ᠮᠢᠩᠭᠠᠨ ᠲᠥᠭᠦᠷᠢᠭ ᠤᠨ ᠪᠡᠯᠡ ᠭᠠᠷᠭᠠᠵᠤ᠂ ᠤᠯᠤᠰ ᠠᠴᠠ 10 ᠲᠥᠮᠡᠨ ᠲᠥᠭᠦᠷᠢᠭ ᠤᠨ ᠲᠥᠷᠥᠯ ᠵᠥᠢᠯ ᠤᠨ ᠨᠥᠭᠦᠪᠥᠷᠢ ᠤᠯᠭᠤᠵᠠᠢ᠃ ᠤᠯᠠᠮᠵᠢᠯᠠᠯᠳᠤ ᠴᠠᠭᠠᠨ ᠢᠳᠡᠭᠡᠨ ᠤ ᠤᠶᠢᠯᠡᠰ ᠤᠨ ᠬᠥᠭᠵᠢᠯᠳᠡ ᠶᠢ ᠲᠡᠮᠵᠢᠭᠦ ᠠᠯᠢ ᠤᠯᠠᠨ ᠲᠥᠷᠥ ᠶᠢᠨ ᠪᠤᠳᠤᠯᠭ᠎ᠠ ᠲᠡᠭᠦᠨ ᠤ ᠮᠠᠯ ᠤᠨ ᠠᠰᠢᠭ ᠰᠢᠮ᠎ᠡ ᠪᠠᠷ ᠢᠶᠠᠨ ᠴᠤᠯ ᠪᠠᠶᠢᠭᠠᠯᠢᠯᠢᠭ ᠪᠥᠳᠥᠭᠡᠭᠳᠡᠭᠦᠨ ᠢ ᠤᠶᠢᠯᠡᠳᠪᠤᠷᠢᠯᠡᠨ᠂ ᠤᠶᠢᠯᠡᠳᠪᠤᠷᠢᠯᠡᠯ ᠤᠨ ᠬᠡᠪᠴᠢᠶ᠎ᠡ ᠪᠠᠨ ᠥᠷᠭᠡᠳᠭᠡᠭᠦ᠂ ᠪᠥᠳᠥᠭᠡᠭᠳᠡᠭᠦᠨ ᠤ ᠲᠥᠷᠥᠯ ᠵᠥᠢᠯ ᠢᠶᠠᠨ ᠨᠡᠮᠡᠭᠳᠡᠭᠦᠯᠭᠦ ᠢᠳᠡᠭᠡᠯ ᠵᠤᠷᠢᠭ ᠢ ᠨᠢ ᠬᠥᠪᠴᠢᠯᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号