ᠰᠠᠶᠢᠬᠠᠨ᠋ᠦ᠌ᠯᠵᠡᠢ ᠰᠤᠮᠤᠨ ᠤ ᠲᠤᠷᠤᠮ ᠭᠠᠴᠠᠭᠠᠨ ᠤ ᠤᠷᠠᠨ ᠰᠠᠶᠢᠬᠠᠨ ᠤ ᠬᠦᠳᠡᠯᠭᠡᠭᠡᠨ
ᠨᠡᠶᠢᠲᠡᠯᠡᠭᠰᠡᠨ ᠴᠠᠭ᠄
2020/12/8
     ᠬᠤᠷ᠎ᠠ ᠲᠠᠢ ᠵᠤᠨ ᠤ ᠨᠠᠷᠠᠯᠠᠭ ᠡᠳᠦᠷ ᠬᠤᠳᠠᠯᠠ ᠲᠦᠮᠡᠨ ᠢᠶᠠᠨ ᠪᠠᠶᠠᠰᠬᠠᠨ᠂ ᠤᠶᠠᠩᠭ᠎ᠠ ᠰᠠᠶᠢᠬᠠᠨ ᠠᠶ᠎ᠠ ᠲᠠᠭᠤᠤ ᠪᠠᠷ ᠢᠶᠠᠨ ᠬᠦᠰᠢᠭᠡ ᠪᠠᠨ ᠢᠷᠠᠭᠰᠠᠨ ᠤᠴᠢᠷᠲᠠᠢ ᠰᠠᠶᠢᠬᠠᠨ ᠡᠨᠡᠬᠦ ᠬᠦᠳᠡᠯᠭᠡᠭᠡᠨ ᠢ ᠮᠠᠯᠴᠢᠨ ᠬᠤᠤᠰ — ᠰᠠᠴᠤᠷᠠᠬᠤ᠂ ᠭᠡᠷᠡᠯᠮ᠎ᠠ ᠬᠤᠶᠠᠷ ᠮᠠᠨᠢ ᠲᠦᠷᠪᠡᠨ ᠵᠢᠯ ᠤᠨ ᠲᠤᠷᠰᠢᠲᠠ ᠠᠯᠳᠠᠯ ᠦᠭᠡᠢ ᠡᠷᠬᠢᠯᠡᠨ ᠶᠠᠪᠤᠭᠳᠠᠭᠤᠯᠤᠭᠰᠠᠨ  ᠢ ᠠᠳᠡ ᠦᠭᠦᠯᠡᠬᠦ ᠳᠤ ᠤᠷᠮᠠᠲᠠᠢ ᠪᠠᠶᠢᠨ᠎ᠠ᠃
     ᠠᠰᠠᠭᠤᠯᠲᠠ ᠬᠠᠷᠢᠭᠤᠯᠵᠤ᠂ ᠤᠨᠤᠭ᠎ᠠ ᠤᠯᠭᠤᠬᠤ ᠮᠦᠷᠦᠶᠢᠴᠡᠭᠡᠨ᠂ ᠲᠠᠭᠤᠨ ᠤ ᠤᠷᠤᠯᠳᠤᠭᠠᠨ ᠤ ᠲᠠᠷᠠᠭ᠎ᠠ ᠪᠤᠯᠤᠭᠰᠠᠨ ︽ᠢᠰᠡᠭᠡᠢ ᠤᠷᠠᠯᠠᠯ︾ ᠤᠨ ᠪᠤᠯᠪᠠᠰᠤᠷᠠᠯ ᠳᠤ᠂ ᠭᠡᠷᠡᠯᠮ᠎ᠠ ᠶᠢᠨ ᠮᠠᠨᠢ ᠰᠦᠨᠢᠳ ᠵᠡᠭᠦᠨ ᠬᠤᠰᠢᠭᠤᠨ  ᠠᠴᠠ ᠤᠨᠴᠠᠯᠠᠨ ᠤᠷᠢᠨ ᠵᠠᠯᠠᠭᠰᠠᠨ ᠢᠰᠡᠭᠡᠢ ᠭᠠᠷ ᠤᠷᠠᠯᠠᠯ ᠤᠨ ᠦᠢᠯᠡᠳᠪᠦᠷᠢᠯᠡᠯ ᠤᠨ ᠰᠡᠴᠡᠩᠭᠡᠷᠡᠯ ᠪᠠᠭᠰᠢ ᠠᠴᠠ ᠬᠤᠷᠠᠭᠠᠨ ᠤ ᠤᠩᠭᠠᠰᠤ ᠪᠠᠷ ᠭᠠᠷ ᠤᠷᠠᠯᠠᠯ ᠤᠨ ᠪᠦᠲᠦᠭᠡᠯ ᠬᠢᠬᠦ ᠲᠤᠰᠬᠠᠢ ᠬᠢᠴᠢᠶᠡᠯᠡᠯᠭᠡ ᠨᠢ ᠬᠤᠷᠠᠭᠰᠠᠨ ᠤᠯᠠᠨ ᠤ ᠠᠩᠬᠠᠷᠤᠯ ᠰᠤᠨᠢᠷᠬᠠᠯ ᠢ ᠲᠠᠲᠠᠭᠰᠠᠨ ᠲᠡᠳᠦᠢ ᠦᠭᠡᠢ᠂  ᠰᠢᠨ᠎ᠡ ᠶᠢ ᠰᠤᠷᠤᠶ᠎ᠠ᠂ ᠮᠡᠳᠡᠶ᠎ᠡ ᠭᠡᠰᠡᠨ ᠬᠦᠰᠡᠯ ᠲᠠᠢ ᠤᠷᠠᠨ ᠪᠦᠰᠡᠭᠦᠶᠢᠴᠤᠳ ᠲᠡᠭᠡᠨ ᠰᠤᠷᠤᠯᠴᠠᠬᠤ ᠵᠠᠪᠰᠢᠶᠠᠨ ᠢ ᠤᠯᠭᠤᠵᠤ᠂ ᠤᠯᠠᠮᠵᠢᠯᠠᠯᠲᠤ ᠰᠤᠶᠤᠯ ᠢᠶᠠᠨ ᠠᠮᠢᠳᠤᠷᠠᠯ ᠤᠨ  ᠢᠶᠠᠨ ᠲᠤᠮᠲᠠ ᠠᠭᠤᠰᠤᠯᠴᠠᠭᠤᠯᠵᠤ  ᠂ ᠤᠯᠠᠨ ᠤ ᠰᠡᠳᠬᠢᠯ ᠳᠤ ᠬᠦᠷᠦᠭᠰᠡᠨ ᠤᠴᠢᠷᠲᠠᠢ ᠰᠠᠶᠢᠬᠠᠨ ᠠᠵᠢᠯᠯᠠᠭ᠎ᠠ ᠪᠤᠯᠤᠭᠰᠠᠨ ᠶᠤᠮ᠃
     ᠰᠠᠶᠢᠬᠠᠠᠠᠦ᠋ᠯᠵᠡᠢ ᠬᠠᠶᠢᠷᠠᠬᠠᠨ ᠢᠶᠠᠨ ᠪᠠᠷᠠᠳᠠᠭᠰᠠᠨ ᠲᠤᠷᠤᠮ ᠨᠤᠲᠤᠭ ᠤᠨ ᠬᠦᠭᠵᠢᠶᠡᠨᠳᠦ ᠡᠨᠡᠬᠦ ᠡᠳᠦᠷᠯᠢᠭ ᠮᠠᠨᠢ ᠭᠡᠷᠡᠯᠮ᠎ᠠ᠂ ᠰᠠᠴᠤᠷᠠᠬᠤ ᠬᠤᠶᠠᠷ ᠤᠨ ᠤᠯᠠᠨ ᠲᠠᠢ ᠪᠠᠨ ᠬᠠᠮᠲᠤ ᠪᠠᠶᠠᠰᠤᠯᠳᠤᠶ᠎ᠠ᠂ ᠮᠠᠯᠴᠢᠳ ᠪᠦᠰᠡᠭᠦᠶᠢᠴᠦᠳ ᠲᠤ  ᠪᠠᠨ ᠶᠠᠭᠤ ᠨᠢᠭᠡ ᠶᠢ ᠰᠤᠷᠤᠯᠴᠠᠬᠤ ᠵᠠᠪᠰᠢᠶᠠᠨ ᠢ ᠤᠯᠭᠤᠶ᠎ᠠ ᠭᠡᠰᠡᠨ ᠰᠠᠶᠢᠬᠠᠨ ᠰᠡᠳᠬᠢᠯ ᠵᠢᠳᠬᠦᠯ᠂ ᠰᠤᠮᠤ ᠭᠠᠴᠠᠭᠠᠨ  ᠤ ᠬᠢᠨ ᠤ ᠲᠡᠮᠵᠢᠯᠭᠡ᠂ ᠬᠠᠮᠲᠤ ᠤᠯᠠᠨ ᠤ ᠬᠠᠪᠰᠤᠷᠤᠯᠭ᠎ᠠ ᠪᠠᠷ᠂ ᠲᠤᠷᠤᠮ ᠭᠠᠴᠠᠭᠠᠨ ᠤ ᠬᠢᠨ ᠲᠡᠳᠦᠢ ᠦᠭᠡᠢ᠂ ᠤᠶᠢᠷ᠎ᠠ ᠵᠡᠷᠭᠡᠯᠡᠳᠡᠭᠡ ᠰᠤᠮᠤ ᠭᠠᠴᠠᠭᠠᠨ ᠤ ᠮᠠᠯᠴᠢᠨ ᠠᠷᠠᠳ ᠤᠨ ᠤᠷᠤᠯᠴᠠᠯᠭ᠎ᠠ ᠲᠠᠢ᠂ ᠤᠶᠠᠩᠭ᠎ᠠ ᠲᠠᠭᠤᠤ᠂ ᠤᠯᠠᠮᠵᠢᠯᠠᠯᠲᠤ ᠰᠤᠶᠤᠯ ᠤᠨ ᠰᠤᠶᠤᠷᠬᠠᠯ ᠲᠠᠢ ᠤᠳᠬ᠎ᠠ ᠲᠡᠭᠦᠰ ᠶᠠᠪᠤᠭᠳᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号