ᠰᠦᠨᠢᠳ ᠬᠤᠨᠢ ︽ᠪᠠᠶᠠᠵᠢᠯ ᠤᠨ ᠬᠤᠨᠢ︾ ᠪᠣᠯᠵᠦ ᠮᠠᠯᠴᠢᠨ ᠲᠦᠡᠮᠨ ᠠᠰᠢᠭ ᠬᠦᠷᠳᠡᠵᠦ ᠪᠠᠶᠢᠨ᠎ᠠ
ᠨᠡᠶᠢᠲᠡᠯᠡᠭᠰᠡᠨ ᠴᠠᠭ᠄
2020/12/9
     ᠰᠦᠨᠢᠳ ᠬᠤᠨᠢ ᠨᠢ ᠦᠨᠥᠷ ᠠᠮᠳᠠ ᠪᠠᠷ ᠢᠶᠠᠨ ᠤᠨᠴᠠᠯᠢᠭᠳᠠᠵᠦ᠂ ᠬᠤᠯᠠ ᠤᠶᠢᠷ᠎ᠠ ᠳᠤ ᠪᠠᠨ ᠠᠯᠳᠠᠷᠰᠢᠭᠰᠠᠨ ᠪᠠᠶᠢᠳᠠᠭ᠃ ᠤᠶᠢᠷ᠎ᠠ ᠶᠢᠨ ᠵᠢᠯ ᠤᠨ ᠳᠣᠷᠰᠢ᠂ ᠡᠷᠢᠶᠡᠨᠨᠠᠭᠤᠷ ᠰᠣᠮᠣᠨ ᠤ ᠦᠷᠦᠰᠢᠶᠡᠯᠲᠦ ᠭᠠᠴᠠᠭ᠎ᠠ ᠨᠢ ᠰᠦᠨᠢᠳ ᠬᠤᠨᠢ ᠮᠠᠯᠵᠢᠬᠤ ᠳᠠᠪᠠᠭᠤᠯᠢᠭ ᠢᠶᠠᠨ ᠠᠰᠢᠭᠯᠠᠨ᠂ ᠰᠦᠨᠢᠳ ᠬᠤᠨᠢᠨ ᠤ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠠᠶᠠᠨ ᠵᠠᠮ ᠢᠶᠠᠨ ᠡᠯᠭᠦᠭᠰᠡᠨ ᠶᠤᠮ᠃
     2019 ᠤᠨ ᠠᠴᠠ ᠡᠬᠢᠯᠡᠨ ᠦᠷᠦᠰᠢᠶᠡᠯᠲᠦ ᠭᠠᠴᠠᠭ᠎ᠠ ᠨᠢ ᠳᠣᠮᠳᠠᠳᠦ ᠣᠯᠣᠰ ᠤᠨ ᠠᠭᠠᠷ ᠠᠶᠠᠯᠠᠯ ᠤᠨ ᠪᠦᠯᠦᠭᠯᠡᠯ  ᠤᠨ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠳᠦᠷᠦᠯ ᠵᠦᠢᠯ ᠲᠠᠢ ᠣᠶᠠᠯᠳᠣᠭᠤᠯᠣᠨ᠂ ᠭᠠᠴᠠᠭᠠᠨ ᠤ ᠬᠠᠮᠲᠦ ᠶᠢᠨ ᠨᠣᠳᠤᠭ ᠪᠡᠯᠴᠢᠭᠡᠷ ᠢᠶᠠᠨ ᠠᠰᠢᠭᠯᠠᠨ᠂ ᠰᠦᠨᠢᠳ ᠬᠤᠨᠢᠨ ᠤ ᠳᠡᠵᠢᠬᠡᠨ ᠦᠷᠡᠵᠢᠬᠦᠯᠬᠦ ᠰᠠᠭᠤᠷᠢᠨ ᠭᠠᠵᠠᠷ ᠢ ᠪᠠᠶᠢᠭᠤᠯᠵᠦ᠂ ᠡᠬᠦᠨ ᠤ ᠵᠡᠷᠭᠡᠪᠡᠷ ᠰᠦᠨᠢᠳ ᠬᠤᠨᠢᠨ ᠤ ᠳᠡᠵᠢᠬᠡᠨ ᠦᠷᠡᠵᠢᠬᠦᠯᠬᠦ ᠳᠤᠰᠬᠠᠢ ᠬᠤᠷᠰᠢᠶᠠᠵᠢᠯ ᠢ ᠪᠠᠶᠢᠭᠤᠯᠵᠦ᠂1000 ᠳᠣᠯᠣᠭᠠᠢ ᠰᠢᠯᠢᠳᠡᠭ ᠡᠭᠦᠯᠳᠡᠷ ᠤᠨ ᠰᠦᠨᠢᠳ ᠡᠬᠡ ᠮᠠᠯ ᠢ ᠬᠤᠳᠠᠯᠳᠣᠨ ᠠᠪᠴᠦ᠂ ︽ᠰᠠᠭᠤᠷᠢᠨ ᠭᠠᠵᠠᠷ + ᠬᠤᠷᠰᠢᠶᠠᠵᠢᠯ + ᠮᠠᠯᠴᠢᠨ ᠡᠷᠦᠬᠡ︾ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠶᠢ ᠠᠬᠢᠭᠤᠯᠣᠨ᠂ ᠮᠠᠯᠴᠢᠳ ᠤᠨ ᠣᠷᠣᠯᠭ᠎ᠠ ᠨᠡᠮᠡᠭᠳᠡᠵᠦ᠂ ᠬᠠᠮᠲᠦ ᠶᠢᠨ ᠠᠵᠦ ᠠᠬᠤᠢ ᠪᠣᠵᠠᠭᠠᠶᠢᠷᠠᠬᠰᠠᠨ ᠬᠤᠣᠰ ᠠᠰᠢᠭ ᠢ ᠡᠬᠦᠳᠦᠭᠰᠡᠨ ᠪᠠᠶᠢᠨ᠎ᠠ᠃
      ︽ᠡᠨᠡ ᠵᠢᠯ ᠭᠠᠴᠠᠭᠠᠨ ᠠᠴᠠ30 ᠳᠣᠯᠣᠭᠠᠢ ᠡᠬᠡ ᠮᠠᠯ ᠳᠠᠭᠠᠭᠠᠴᠢᠯᠠᠨ᠂ ᠳᠦᠯ ᠤᠨ ᠣᠨᠳᠣᠷᠠᠭᠰᠠᠨ ᠨᠣᠷᠮ᠎ᠠ100 % ᠳᠤ ᠬᠦᠷᠴᠦ᠂ ᠡᠨᠡ ᠵᠢᠯ ᠤᠨ ᠵᠠᠬ᠎ᠠ ᠳᠡᠯᠬᠡᠭᠦᠷ ᠤᠨ ᠦᠨ᠎ᠡ ᠪᠠᠷ ᠪᠣᠳᠣᠪᠠᠯ ᠬᠤᠷᠠᠭ᠎ᠠ ᠪᠦᠷᠢ ᠶᠢᠨ ᠳᠡᠭᠰᠢᠳᠬᠡᠭᠰᠡᠨ ᠦᠨ᠎ᠡ 900 ᠳᠦᠬᠦᠷᠢᠭ ᠲᠤ ᠬᠦᠷᠴᠦ ᠳᠡᠶᠢᠯᠦᠨ᠎ᠡ︾ ᠭᠡᠵᠦ ᠮᠠᠯᠴᠢᠨ ᠰᠡᠷᠬᠦᠯᠡᠩ ᠠᠴᠠ ᠪᠠᠶᠠᠷᠳᠠᠶᠢᠬᠠᠨ ᠶᠠᠷᠢᠵᠦ ᠪᠠᠶᠢᠯ᠎ᠠ᠃ ᠣᠶᠢᠯᠭᠠᠭᠰᠠᠨ ᠢᠶᠠᠷ ᠦᠷᠦᠰᠢᠶᠡᠯᠲᠦ ᠭᠠᠴᠠᠭ᠎ᠠ ᠨᠢ 500 ᠢᠯᠡᠭᠦᠤ ᠳᠣᠯᠣᠭᠠᠢ ᠡᠬᠡ ᠮᠠᠯ ᠪᠠᠨ ᠬᠤᠷᠰᠢᠶᠠᠵᠢᠯ ᠳᠤ ᠪᠠᠨ ᠳᠦᠪᠯᠡᠷᠡᠬᠦᠯᠦᠨ ᠮᠠᠯᠵᠢᠵᠦ᠂ ᠦᠯᠡᠳᠡᠭᠰᠡᠨ 400 ᠢᠯᠡᠬᠦᠤ ᠳᠤᠯᠤᠭᠠᠢ ᠡᠬᠡ ᠮᠠᠯ ᠢ ᠳᠣᠯᠣᠭᠠᠢ ᠪᠦᠷᠢ 180 ᠳᠦᠭᠦᠷᠢᠭ ᠤᠨ ᠬᠢᠮᠳᠠ ᠦᠨ᠎ᠡ ᠪᠠᠷ ᠮᠠᠯᠵᠢᠬᠤ ᠳᠤᠷᠰᠢᠯᠭ᠎ᠠ ᠲᠠᠢ ᠮᠠᠯᠴᠢᠨ ᠡᠷᠦᠬᠡ ︵ᠡᠷᠦᠬᠡ ᠪᠦᠷᠢ 30 ᠳᠣᠯᠣᠭᠠᠢ︶ ᠳᠤ ᠳᠠᠭᠠᠭᠠᠴᠢᠯᠠᠭᠤᠯᠣᠨ ᠦᠭᠴᠦ᠂ ᠲᠤᠰ ᠵᠢᠯ  ᠳᠡᠭᠡᠨ ᠳᠠᠭᠠᠭᠠᠴᠢᠯᠠᠭᠰᠠᠨ ᠡᠷᠦᠬᠡ ᠪᠦᠷᠢ 20000 ᠳᠦᠬᠦᠷᠢᠭ ᠤᠨ ᠣᠷᠣᠯᠭ᠎ᠠ  ᠶᠢ ᠡᠬᠦᠳᠦᠭᠰᠡᠨ ᠪᠠᠶᠢᠨ᠎ᠠ᠃ ᠡᠬᠦᠨ ᠤ ᠬᠠᠮᠲᠦ᠂ ᠰᠦᠨᠢᠳ ᠬᠤᠨᠢᠨ ᠤ ᠳᠡᠵᠢᠬᠡᠨ ᠦᠷᠡᠵᠢᠬᠦᠯᠬᠦ ᠳᠣᠰᠬᠠᠢ ᠬᠤᠷᠰᠢᠶᠠᠵᠢᠯ ᠨᠢ 500 ᠢᠯᠡᠬᠦᠤ ᠳᠣᠯᠣᠭᠠᠢ ᠰᠦᠨᠢᠳ ᠡᠬᠦᠯᠳᠡᠷ ᠤᠨ ᠬᠤᠷᠠᠭ᠎ᠠ ᠳᠣᠰᠴᠦ᠂ ᠴᠡᠪᠡᠷ ᠣᠷᠣᠯᠭ᠎ᠠ ᠨᠢ18 ᠳᠦᠮᠡᠨ ᠳᠦᠭᠦᠷᠢᠭ ᠲᠤ ᠬᠦᠷᠦᠭᠰᠡᠨ ᠪᠠᠶᠢᠨ᠎ᠠ᠃
       ᠡᠨᠡ ᠵᠢᠯ ᠦᠷᠦᠰᠢᠶᠡᠯᠲᠦ ᠭᠠᠴᠠᠭ᠎ᠠ ᠨᠢ ᠳᠣᠮᠳᠠᠳᠦ ᠣᠯᠣᠰ ᠤᠨ ᠠᠭᠠᠷ ᠠᠶᠠᠯᠠᠯ ᠤᠨ ᠪᠦᠯᠦᠭᠯᠡᠯ  ᠤᠨ ᠬᠠᠯᠠᠭᠤᠨ ᠳᠡᠮᠵᠢᠯᠭᠡ ᠳᠣᠣᠷ᠎ᠠ᠂ ᠰᠦᠨᠢᠳ ᠪᠠᠷᠠᠭᠤᠨ ᠬᠤᠰᠢᠭᠤᠨ ᠤ ᠶᠦᠨ ᠴᠣᠸᠠᠩ ᠡᠯᠧᠺᠲᠷᠣᠨ ᠬᠤᠳᠠᠯᠳᠣᠭᠠᠨ ᠤ ᠬᠢᠵᠠᠭᠠᠷᠲᠦ ᠺᠣᠮᠫᠠᠨᠢ ᠵᠡᠷᠭᠡ ᠵᠠᠭᠤᠴᠢᠯᠠᠭᠤᠷ  ᠢ ᠠᠰᠢᠭᠯᠠᠨ᠂ ︽ᠢᠨᠲ᠋ᠧᠷᠨᠧᠲ + ᠣᠨᠴᠠᠯᠢᠭᠲᠦ ᠮᠠᠯ ᠤᠨ ᠪᠦᠳᠦᠭᠡᠭᠳᠡᠬᠦᠨ︾ ᠬᠦᠭᠵᠢᠯᠳᠡ ᠶᠢᠨ ᠬᠡᠯᠪᠡᠷᠢ ᠪᠠᠷ᠂ ᠲᠤᠤᠷ ᠰᠦᠯᠵᠢᠶ᠎ᠠ ᠶᠢ ᠠᠰᠢᠭᠯᠠᠨ ᠤᠳᠤᠬᠠᠨ ᠪᠣᠯᠳᠠᠯ᠎ᠠ 100 ᠢᠯᠡᠭᠦᠦ ᠳᠣᠯᠣᠭᠠᠢ ᠰᠦᠨᠢᠳ ᠡᠬᠦᠯᠳᠡᠷ ᠤᠨ ᠬᠤᠷᠠᠭ᠎ᠠ ᠬᠤᠳᠠᠯᠳᠣᠵᠦ᠂ ᠪᠣᠷᠣᠯᠠᠭᠤᠯᠣᠭᠰᠠᠨ ᠣᠷᠣᠯᠭ᠎ᠠ ᠨᠢ 10 ᠳᠦᠮᠡᠨ ᠳᠦᠬᠦᠷᠢᠭ ᠲᠤ ᠬᠦᠷᠦᠭᠰᠡᠨ ᠪᠦᠭᠡᠳ ᠦᠷᠦᠰᠢᠶᠡᠯᠲᠦ ᠭᠠᠴᠠᠭᠠᠨ ᠤ ᠨᠠᠮ ᠤᠨ ᠡᠭᠦᠷ ᠪᠤᠯᠤᠨ‌ᠡᠯᠧᠺᠲᠷᠣᠨ ᠬᠤᠳᠠᠯᠳᠣᠭᠠᠨ ᠤ ᠬᠢᠵᠠᠭᠠᠷᠲᠦ ᠺᠣᠮᠫᠠᠨᠢ ᠨᠢ ᠭᠠᠴᠠᠭᠠᠨ ᠤ ᠪᠠᠨ ᠮᠠᠯ ᠤᠨ ᠪᠦᠳᠤᠭᠡᠭᠳᠡᠭᠦᠨ ᠢ ᠲᠤᠤᠷ ᠰᠦᠯᠵᠢᠶ᠎ᠠ ᠪᠠᠷ ᠪᠤᠷᠤᠯᠠᠭᠤᠯᠬᠤ ᠤᠷᠳᠤ ᠬᠤᠭᠤᠴᠠᠭᠠᠳᠦ ᠬᠠᠮᠳᠤᠷᠠᠨ ᠠᠵᠢᠯᠯᠠᠬᠤ ᠬᠠᠷᠢᠯᠴᠠᠭ᠎ᠠ ᠶᠢ ᠪᠠᠶᠢᠭᠤᠯᠵᠦ ᠮᠠᠯᠴᠢᠳ ᠳᠠᠭᠠᠨ ᠨᠡᠩ ᠶᠡᠭᠡ ᠠᠰᠢᠭ ᠬᠦᠷᠳᠡᠭᠡᠭᠦ ᠪᠠᠷ ᠲᠦᠯᠤᠪᠯᠡᠵᠦ ᠪᠠᠶᠢᠨ᠎ᠠ᠃  ︵ᠡᠷᠢᠶᠡᠨᠨᠠᠭᠤᠷ ᠰᠤᠮᠤᠨ ᠤ ᠠᠷᠢᠭᠤᠨᠰᠤᠶᠤᠯ ᠬᠠᠩᠭᠠᠪᠠ︶
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号