ᠡᠳᠡᠭᠡᠷ ᠰᠢᠯᠭᠠᠯᠲᠠ ᠶᠢ ᠬᠤᠶᠢᠰᠢᠯᠠᠭᠤᠯᠵᠠᠢ
ᠨᠡᠶᠢᠲᠡᠯᠡᠭᠰᠡᠨ ᠴᠠᠭ᠄
2020/3/17
     ᠰᠢᠨ᠎ᠠ ᠲᠢᠲᠢᠮᠯᠢᠭ ᠸᠢᠷᠦ᠋ᠰ ᠤᠨ ᠬᠠᠯᠳᠠᠪᠤᠷᠢᠲᠦ ᠬᠢᠵᠢᠭ ᠢ ᠰᠡᠷᠭᠡᠶᠢᠯᠡᠨ ᠲᠠᠷᠤᠬᠤ ᠲᠤᠬᠠᠢ ᠤᠯᠤᠰ ᠤᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢᠨ ᠳᠠᠭᠠᠤ᠂ ᠰᠢᠯᠭᠠᠭᠤᠯᠤᠭᠰᠠᠳ ᠪᠤᠯᠤᠨ ᠰᠢᠯᠭᠠᠯᠲᠠ ᠶᠢᠨ ᠠᠵᠢᠯ ᠬᠠᠷᠢᠭᠤᠴᠠᠵᠤ ᠪᠠᠶᠢᠭ᠎ᠠ ᠬᠠᠮᠢᠶᠠᠲᠠᠢ ᠬᠦᠮᠦᠰ ᠤᠨ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠶᠤᠯᠭᠦᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠤᠶᠢᠷ᠎ᠠ ᠳᠤ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠬᠡᠰᠡᠭ ᠰᠢᠯᠭᠠᠯᠲᠠ ᠶᠢᠨ ᠴᠠᠭ ᠢ ᠬᠤᠶᠢᠰᠢᠯᠠᠭᠤᠯᠤᠭᠰᠠᠨ ᠪᠠᠶᠢᠨ᠎ᠠ᠃      2 ᠳ᠋ᠤᠭᠠᠷ ᠰᠠᠷ᠎ᠠ ᠶᠢᠨ 11᠎ ᠤ ᠡᠳᠦᠷ ᠠᠴᠠ 24᠎ ᠤ ᠡᠳᠦᠷ ᠪᠣᠯᠲᠠᠯ᠎ᠠ ᠶᠠᠪᠤᠭᠳᠠᠬᠤ ᠪᠠᠷ ᠪᠠᠶᠢᠭᠰᠠᠨ ᠦᠪᠦᠷ ᠮᠤᠩᠭᠤᠯ ᠤᠨ ᠤᠷᠠᠯᠢᠭ ᠤᠨ ᠲᠡᠭᠡᠲᠦ ᠰᠤᠷᠭᠠᠭᠤᠯᠢ ᠳᠤ ᠰᠢᠯᠭᠠᠯᠲᠠ ᠶᠢᠨ ᠴᠡᠭ ᠲᠣᠬᠢᠷᠠᠭᠤᠯᠤᠭᠰᠠᠨ ᠲᠦᠪ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠣᠷᠣᠨ ᠤ ᠭᠠᠳᠠᠨᠠᠬᠢ ᠶᠡᠭᠡ ᠲᠡᠭᠡᠲᠦ ᠰᠤᠷᠭᠠᠭᠤᠯᠢ ᠶᠢᠨ ᠤᠷᠠᠯᠢᠭ ᠤᠨ ᠴᠢᠭᠯᠡᠯ ᠢᠶᠠᠷ ᠰᠤᠷᠤᠭᠴᠢ ᠡᠯᠰᠡᠬᠦ ᠰᠢᠯᠭᠠᠯᠲᠠ ᠶᠢ ᠬᠤᠶᠢᠰᠢᠯᠠᠭᠤᠯᠵᠠᠢ᠃      2 ᠳ᠋ᠤᠭᠠᠷ ᠰᠠᠷ᠎ᠠ ᠶᠢᠨ 4᠎ ᠤ ᠡᠳᠦᠷ ᠠᠴᠠ 27᠎ ᠤ ᠡᠳᠦᠷ ᠪᠣᠯᠲᠠᠯ᠎ᠠ ᠶᠠᠪᠤᠭᠳᠠᠬᠤ ᠪᠠᠷ ᠪᠠᠶᠢᠭᠰᠠᠨ ᠦᠪᠦᠷ ᠮᠤᠩᠭᠤᠯ ᠤᠨ ᠤᠷᠠᠯᠢᠭ ᠤᠨ ᠲᠡᠭᠡᠲᠦ ᠰᠤᠷᠭᠠᠭᠤᠯᠢ ᠵᠡᠷᠭᠡ ᠦᠪᠡᠷᠲᠡᠭᠡᠨ ᠵᠠᠰᠠᠬᠤ ᠤᠷᠤᠨ ᠤ ᠬᠡᠪᠴᠢᠶᠡᠨ ᠳᠠᠬᠢ ᠶᠡᠭᠡ ᠲᠡᠭᠡᠲᠦ ᠰᠤᠷᠭᠠᠭᠤᠯᠢ ᠶᠢᠨ ᠤᠷᠠᠯᠢᠭ ᠤᠨ ᠴᠢᠭᠯᠡᠯ ᠢᠶᠠᠷ ᠰᠤᠷᠤᠭᠴᠢ ᠡᠯᠰᠡᠬᠦ ᠰᠢᠯᠭᠠᠯᠲᠠ ᠶᠢ ᠬᠤᠶᠢᠰᠢᠯᠠᠭᠤᠯᠵᠠᠢ᠃      3 ᠳ᠋ᠤᠭᠠᠷ ᠰᠠᠷ᠎ᠠ ᠶᠢᠨ 14᠎ ᠤ ᠡᠳᠦᠷ ᠶᠠᠪᠤᠭᠳᠠᠬᠤ ᠪᠠᠷ ᠪᠠᠶᠢᠭᠰᠠᠨ ᠪᠠᠭᠰᠢ ᠶᠢᠨ ᠬᠢᠷᠢ ᠬᠡᠮ ᠤᠨ ᠦᠨᠡᠮᠯᠡᠯ ᠣᠯᠬᠤ 2020 ᠤᠨ ᠤ ᠳᠡᠭᠡᠷ᠎ᠡ ᠬᠠᠭᠠᠰ ᠵᠢᠯ ᠤᠨ ᠰᠢᠯᠭᠠᠯᠲᠠ ᠶᠢᠨ ᠴᠠᠭ ᠢ ᠬᠤᠶᠢᠰᠢᠯᠠᠭᠤᠯᠵᠠᠢ᠃      3 ᠳ᠋ᠤᠭᠠᠷ ᠰᠠᠷ᠎ᠠ ᠠᠴᠠ ᠡᠬᠢᠯᠡᠨ ᠶᠠᠪᠤᠭᠳᠠᠬᠤ ᠪᠠᠷ ᠪᠠᠶᠢᠭᠰᠠᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 2020 ᠤᠨ ᠤ ᠡᠩ ᠤᠨ ᠶᠡᠭᠡ ᠲᠡᠭᠡᠲᠦ ᠰᠤᠷᠭᠠᠭᠤᠯᠢ ᠳᠤ ᠰᠢᠯᠭᠠᠭᠤᠯᠬᠤ ᠰᠤᠷᠤᠭᠴᠢᠳ ᠤᠨ ᠪᠡᠶ᠎ᠡ ᠎ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯ ᠢ ᠬᠤᠶᠢᠰᠢᠯᠠᠭᠤᠯᠵᠠᠢ᠃      4 ᠳ᠋ᠤᠭᠡᠷ ᠰᠠᠷ᠎ᠠ ᠶᠢᠨ 11᠎ ᠤ ᠡᠳᠦᠷ ᠠᠴᠠ 12᠎ ᠤᠨ ᠡᠳᠦᠷ ᠪᠣᠯᠲᠠᠯ᠎ᠠ ᠶᠠᠪᠤᠭᠳᠠᠬᠤ ᠪᠠᠷ ᠪᠠᠶᠢᠭᠰᠠᠨ ᠥᠪᠡᠷᠲᠡᠭᠡᠨ ᠰᠤᠷᠤᠯᠴᠠᠭᠰᠠᠨ ᠬᠥᠮᠥᠰ ᠲᠤ ᠵᠣᠷᠢᠭᠤᠯᠤᠭᠰᠠᠨ ᠪᠦᠬᠦ ᠤᠯᠤᠰ ᠤᠨ ᠲᠡᠭᠡᠲᠦ ᠵᠡᠷᠭᠡ ᠶᠢᠨ ᠰᠤᠷᠭᠠᠨ ᠬᠦᠮᠦᠵᠢᠯ ᠤᠨ ᠰᠢᠯᠭᠠᠯᠲᠠ ᠶᠢ ᠬᠤᠶᠢᠰᠢᠯᠠᠭᠤᠯᠵᠠᠢ᠃      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠭᠢᠮ ᠤᠨ ᠬᠠᠮᠢᠶᠠᠲᠠᠢ ᠠᠵᠢᠯ ᠦᠢᠯᠡᠰ ᠤᠨ ᠨᠢᠬᠡᠴᠡ ᠶᠢᠨ 2020 ᠤᠨ ᠤ ᠠᠵᠢᠯᠲᠠᠨ ᠡᠯᠰᠡᠬᠦ ᠰᠢᠯᠭᠠᠯᠲᠠ ᠶᠢ ᠬᠤᠶᠢᠰᠢᠯᠠᠭᠤᠯᠵᠠᠢ᠃      3 ᠳ᠋ᠤᠭᠠᠷ ᠰᠠᠷ᠎ᠠ ᠶᠢᠨ 21᠎ ᠤ ᠡᠳᠦᠷ ᠶᠠᠪᠤᠭᠳᠠᠬᠤ ᠪᠠᠷ ᠪᠠᠶᠢᠭᠰᠠᠨ ᠪᠤᠭᠤᠲᠦ ᠬᠤᠲᠠ ᠶᠢᠨ ᠠᠵᠢᠯ ᠦᠢᠯᠡᠰ ᠎ ᠤᠨ ᠨᠢᠭᠡᠴᠡ ᠶᠢᠨ ᠠᠵᠢᠯᠲᠠᠨ ᠡᠯᠰᠡᠬᠦ ᠰᠢᠯᠭᠠᠯᠲᠠ ᠶᠢ ᠬᠤᠶᠢᠰᠢᠯᠠᠭᠤᠯᠵᠠᠢ᠃  
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号