ᠬᠤᠷᠠᠭ᠎ᠠ ᠶᠢ ᠬᠠᠰᠢᠶᠠᠯᠠᠵᠤ ᠪᠤᠷᠳᠤᠬᠤ ᠠᠷᠭ᠎ᠠ
ᠨᠡᠶᠢᠲᠡᠯᠡᠭᠰᠡᠨ ᠴᠠᠭ᠄
2020/3/17
     ᠬᠦᠳᠡᠭᠡ ᠲᠤᠰᠬᠤᠨ ᠮᠠᠯᠵᠢᠬᠤ ᠤᠷᠤᠨ ᠢᠶᠠᠷ ᠬᠠᠰᠢᠶᠠᠯᠠᠨ ᠲᠡᠵᠢᠭᠡᠬᠦ ᠦᠢᠯᠡᠰ ᠲᠦᠷᠭᠡᠨ ᠬᠦᠭᠵᠢᠬᠦ ᠶᠢ ᠳᠠᠭᠠᠯᠳᠤᠨ ᠬᠤᠷᠠᠭ᠎ᠠ ᠶᠢ ᠪᠤᠷᠳᠤᠨ ᠬᠤᠳᠠᠯᠳᠤᠵᠤ ᠲᠦᠷᠭᠡᠨ ᠠᠰᠢᠭ ᠬᠦᠷᠲᠡᠬᠦ ᠪᠤᠯᠵᠠᠢ᠃ ᠬᠤᠷᠠᠭ᠎ᠠ ᠶᠢ ᠪᠤᠷᠳᠤᠬᠤ ᠬᠠᠷᠠᠯᠲᠠ ᠪᠤᠯ ᠪᠡᠶ᠎ᠡ ᠶᠢᠨ ᠬᠦᠨᠳᠦ ᠶᠢᠨ ᠨᠡᠮᠡᠭᠳᠡᠯᠳᠠ ᠪᠠ ᠪᠤᠷᠳᠤᠭᠠᠨ ᠤ ᠠᠰᠢᠭᠯᠠᠯᠲᠠ ᠶᠢᠨ ᠨᠤᠷᠮ᠎ᠡ ᠶᠢ ᠲᠡᠭᠡᠭᠰᠢᠯᠡᠭᠦᠯᠬᠦ ᠶᠠᠪᠤᠳᠠᠯ ᠪᠤᠯᠤᠨ᠎ᠠ᠃      ᠬᠤᠷᠠᠭ᠎ᠠ ᠶᠢ ᠬᠠᠰᠢᠶᠠᠯᠠᠨ ᠲᠡᠵᠢᠭᠡᠵᠤ ᠪᠤᠷᠳᠤᠬᠤ ᠨᠢ ᠦᠷ᠎ᠡ ᠠᠰᠢᠭ ᠰᠠᠶᠢᠲᠠᠢ ᠨᠢᠭᠡ ᠵᠦᠢᠯ ᠤᠨ ᠠᠷᠭ᠎ᠠ ᠠᠪᠴᠠᠯ ᠪᠤᠯᠬᠤ ᠶᠤᠮ᠃ ᠬᠤᠷᠠᠭ᠎ᠠ ᠶᠢ ᠬᠠᠰᠢᠶᠠᠯᠠᠨ ᠲᠡᠵᠢᠭᠡᠵᠦ ᠪᠤᠷᠳᠤᠬᠤ ᠳᠤ ᠬᠦᠬᠡ ᠳᠠᠷᠤᠰᠢ ᠪᠠ ᠬᠠᠭᠤᠷᠠᠢ ᠡᠪᠡᠰᠦ ᠪᠠᠷ ᠭᠦᠢᠴᠡᠳ ᠲᠡᠵᠢᠭᠡᠭᠰᠡᠨ ᠤ ᠰᠠᠭᠤᠷᠢᠨ ᠲᠡᠭᠡᠷ᠎ᠡ᠂ ᠡᠷᠦᠳᠡᠰᠦ ᠪᠤᠳᠠᠰ ᠠᠭᠤᠯᠤᠭᠰᠠᠨ ᠪᠤᠷᠳᠤᠭ᠎ᠠ ᠪᠠ ᠨᠠᠷᠢᠯᠢᠭ ᠪᠤᠷᠳᠤᠭ᠎ᠠ ᠶᠢ ᠭᠦᠢᠴᠡᠳ ᠨᠦᠬᠦᠪᠦᠷᠢᠯᠡᠬᠦ ᠶᠢ ᠰᠠᠶᠢᠲᠤᠷ ᠠᠩᠬᠠᠷᠬᠤ ᠬᠡᠷᠡᠭᠲᠠᠢ᠃ ᠡᠷᠦᠳᠡᠰᠦ ᠪᠤᠳᠠᠰ ᠠᠭᠤᠯᠤᠭᠰᠠᠨ ᠳᠥᠷᠪᠡᠯᠵᠢᠨ ᠬᠡᠰᠡᠭᠲᠦ ᠳᠠᠪᠤᠰᠤ ᠶᠢ ᠬᠤᠨᠢᠨ ᠬᠠᠰᠢᠶᠠᠨ ᠤ ᠨᠢᠭᠡ ᠦᠨᠴᠦᠭ ᠲᠤ ᠡᠯᠬᠦᠨ᠂ ᠬᠤᠷᠠᠭ᠎ᠠ ᠶᠢᠨ ᠦᠪᠡᠷᠳᠡᠬᠡᠨ ᠲᠤᠯᠢᠶᠠᠵᠤ ᠡᠷᠦᠳᠡᠰᠤ ᠨᠦᠬᠦᠪᠦᠷᠢᠯᠡᠬᠦ ᠶᠢ ᠪᠠᠲᠤᠯᠠᠨ᠎ᠠ᠃ ᠨᠠᠷᠢᠯᠢᠭ ᠪᠤᠷᠳᠤᠭᠠᠨ ᠤ ᠲᠠᠯ᠎ᠠ  ᠪᠠᠷ ᠬᠡᠪᠡᠯ᠂ ᠡᠷᠳᠡᠨᠢ ᠰᠢᠰᠢ᠂ ᠪᠤᠷᠴᠠᠭ ᠤᠨ ᠵᠦᠢᠯ ᠵᠡᠷᠭᠡ ᠪᠠᠷ ᠦᠪᠡᠰᠦᠪᠡᠨ ᠨᠡᠶᠢᠷᠠᠭᠤᠯᠤᠨ ᠪᠤᠷᠳᠤᠭ᠎ᠠ ᠬᠢᠵᠦ ᠲᠡᠵᠢᠭᠡᠵᠦ ᠪᠤᠯᠤᠨ᠎ᠠ᠃ ᠬᠡᠷᠪᠡ ᠬᠤᠷᠠᠭ᠎ᠠ ᠶᠢ ᠬᠠᠰᠢᠶᠠᠯᠠᠨ ᠲᠡᠵᠢᠭᠡᠵᠦ ᠪᠤᠷᠳᠤᠨ ᠬᠤᠳᠠᠯᠳᠤᠪᠠᠯ᠂ ᠬᠤᠳᠠᠯᠳᠤᠬᠤ ᠴᠠᠭ ᠢ  1 — 2 ᠰᠠᠷ᠎ᠠ ᠡᠷᠲᠡ ᠪᠣᠯᠭᠠᠵᠤ ᠪᠤᠯᠤᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号