ᠰᠤᠷᠭᠠᠨ ᠬᠥᠮᠦᠵᠢᠯ ᠤᠨ ᠶᠠᠮᠤᠨ — ᠵᠠᠷᠴᠢᠮ ᠳᠡᠭᠡᠷ᠎ᠡ ᠪᠠᠨ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠠᠴᠠ ᠡᠮᠦᠨ᠎ᠡ  ᠲᠤᠬᠠᠢ ᠶᠢᠨ ᠲᠠᠯᠠᠪᠠᠢ ᠶᠢᠨ ᠰᠤᠷᠭᠠᠭᠤᠯᠢ ᠶᠢᠨ ᠰᠢᠯᠭᠠᠯᠲᠠ ᠶᠢ ᠵᠣᠬᠢᠶᠠᠨ ᠪᠠᠶᠢᠭᠤᠯᠬᠤ ᠥᠬᠡᠶ
ᠨᠡᠶᠢᠲᠡᠯᠡᠭᠰᠡᠨ ᠴᠠᠭ᠄
2020/3/17
     2020 ᠣᠨ ᠤ 3 ᠰᠠᠷ᠎ᠠ ᠶᠢᠨ 12 ᠤᠨ ᠡᠳᠦᠷ᠂ ᠰᠤᠷᠭᠠᠨ ᠬᠥᠮᠦᠵᠢᠯ ᠤᠨ ᠶᠠᠮᠤᠨ ᠸᠢᠳᠢᠣ᠋ ᠬᠤᠷᠠᠯ ᠬᠤᠷᠠᠯᠳᠤᠭᠤᠯᠵᠤ 2020 ᠣᠨ ᠤ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ᠃ ᠬᠤᠷᠠᠯ ᠠᠴᠠ᠂ 2020 ᠣᠨ ᠳᠤ ᠪᠥᠬᠦ ᠤᠯᠤᠰ ᠤᠨ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠵᠢᠱᠢᠯᠲᠡ ᠪᠠᠷ 115 ᠲᠦᠮᠡ ᠪᠠᠶᠢᠵᠤ᠂ ᠲᠦᠷᠦᠭᠦᠤ ᠨᠢᠭᠡ ᠬᠤᠭᠤᠴᠠᠭᠠᠨ ᠳᠤ ᠰᠢᠨ᠎ᠡ ᠲᠢᠲᠢᠮᠯᠢᠭ ᠠᠭᠤᠰᠬᠢᠨ  ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ᠂ ᠬᠤᠯᠪᠣᠭᠳᠠᠯ ᠪᠥᠬᠦᠶ ᠶᠡᠭᠡ ᠳᠡᠭᠡᠳᠦ ᠰᠤᠷᠭᠠᠭᠤᠯᠢ ᠨᠢ ᠴᠥᠮ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ  ᠰᠤᠷᠭᠠᠭᠤᠯᠢ ᠶᠢᠨ ᠰᠢᠯᠭᠠᠯᠲᠠ ᠶᠢᠨ ᠠᠵᠢᠯ ᠢ ᠬᠤᠶᠢᠰᠢᠯᠠᠭᠤᠯᠪᠠ᠃ ᠡᠯ᠎ᠡ ᠭᠠᠵᠠᠷ ᠤᠷᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠬᠢᠵᠢᠭ ᠢ ᠰᠡᠷᠭᠡᠶᠢᠯᠡᠨ ᠬᠤᠷᠢᠬᠯᠠᠬᠤ ᠪᠠ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠤᠷᠭᠠᠭᠤᠯᠢ ᠶᠢᠨ ᠰᠢᠯᠭᠠᠯᠲᠠ ᠳᠤ ᠬᠥᠮᠦᠰ ᠤᠨ ᠶᠡᠭᠡ ᠬᠡᠪᠴᠢᠶᠡᠨ ᠤ ᠰᠢᠯᠵᠢᠯᠲᠡ ᠪᠠ ᠴᠤᠬᠯᠠᠷᠠᠯ ᠢ ᠡᠭᠦᠰᠭᠡᠭᠦ ᠠᠴᠠ ᠰᠡᠷᠭᠡᠶᠢᠯᠡᠬᠦ ᠶᠢᠨ ᠲᠥᠯᠥᠭᠡ᠂ ᠵᠠᠷᠴᠢᠮ ᠳᠡᠭᠡᠷ᠎ᠡ ᠪᠠᠨ 2020 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ   ᠤᠯᠤᠰ ᠤᠨ ᠨᠢᠭᠡᠳᠦᠯᠲᠡᠢ ᠰᠢᠯᠭᠠᠯᠲᠠ ᠠᠴᠠ ᠡᠮᠦᠨ᠎ᠡ ᠲᠤᠬᠠᠢ ᠶᠢᠨ ᠲᠠᠯᠠᠪᠠᠢ ᠶᠢᠨ ᠰᠤᠷᠭᠠᠭᠤᠯᠢ ᠶᠢᠨ ᠰᠢᠯᠭᠠᠯᠲᠠ ᠶᠢ ᠵᠣᠬᠢᠶᠠᠨ ᠪᠠᠶᠢᠭᠤᠯᠬᠤ ᠥᠬᠡᠶ ᠭᠡᠵᠦ ᠵᠢᠭᠠᠵᠤ ᠭᠠᠷᠭᠠᠪᠠ᠃      ᠰᠤᠷᠭᠠᠨ ᠬᠥᠮᠦᠵᠢᠯ ᠤᠨ ᠶᠠᠮᠤᠨ ᠠᠴᠠ᠂ ᠡᠯ᠎ᠡ ᠬᠤᠯᠪᠣᠭᠳᠠᠯ ᠪᠥᠬᠦᠶ ᠶᠡᠭᠡ ᠳᠡᠭᠡᠳᠦ ᠰᠤᠷᠭᠠᠭᠤᠯᠢ ᠨᠢ ᠠᠳᠠᠯᠢ ᠪᠤᠰᠤ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠰᠢᠯᠢᠨ ᠰᠣᠩᠭᠤᠬᠤ ᠣᠨᠴᠠᠯᠢᠭ ᠢ ᠦᠨᠳᠦᠰᠦᠯᠡᠨ᠂ ᠰᠤᠷᠭᠠᠭᠤᠯᠢ ᠶᠢᠨ ᠰᠢᠯᠭᠠᠯᠲᠠ ᠶᠢᠨ ᠠᠵᠢᠯ ᠤᠨ ᠲᠥᠰᠦᠯ ᠢᠶᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ᠃ ᠲᠤᠰᠬᠠᠶ ᠮᠡᠷᠭᠡᠵᠢᠯ ᠤᠨ  ᠰᠢᠯᠭᠠᠯᠲᠠ ᠶᠢᠨ ᠱᠠᠭᠠᠷᠳᠠᠯᠭ᠎ᠠ ᠲᠠᠢ ᠬᠤᠯᠪᠣᠭᠳᠠᠬᠤ ᠬᠡᠮᠵᠢᠶ᠎ᠡ ᠪᠠᠷ ᠥᠨᠳᠥᠷ ᠪᠤᠰᠤ ᠲᠤᠰᠬᠠᠶ ᠮᠡᠷᠭᠡᠵᠢᠯ᠂ ᠮᠤᠵᠢ ᠶᠢᠨ ᠱᠠᠲᠤᠨ ᠤ ᠨᠢᠭᠡᠳᠦᠯᠲᠡᠶ ᠰᠢᠯᠭᠠᠯᠲᠠ ᠶᠢᠨ ᠨᠢᠭᠡᠨᠲᠡ ᠬᠠᠮᠤᠷᠤᠭᠰᠠᠨ ᠲᠤᠰᠬᠠᠶ ᠮᠡᠷᠭᠡᠵᠢᠯ ᠳᠤ ᠪᠤᠯ᠂ ᠶᠡᠭᠡ ᠳᠡᠭᠡᠳᠦ ᠰᠤᠷᠭᠠᠭᠤᠯᠢ ᠨᠢ ᠰᠤᠷᠭᠠᠭᠤᠯᠢ ᠶᠢᠨ ᠰᠢᠯᠭᠠᠯᠲᠠ ᠶᠢᠨ ᠲᠤᠰᠬᠠᠶ ᠮᠡᠷᠭᠡᠵᠢᠯ ᠤᠨ ᠬᠡᠪᠴᠢᠶ᠎ᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃  ᠰᠤᠷᠭᠠᠭᠤᠯᠢ ᠶᠢᠨ ᠰᠢᠯᠭᠠᠯᠲᠠ ᠶᠢ ᠦᠷᠭᠦᠯᠵᠢᠯᠡᠨ ᠵᠣᠬᠢᠶᠠᠨ ᠪᠠᠶᠢᠭᠤᠯᠬᠤ ᠭᠡᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ ᠪᠤᠯ᠂ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠶᠡᠭᠡ ᠳᠡᠭᠡᠳᠦ ᠰᠤᠷᠭᠠᠭᠤᠯᠢ ᠶᠢᠨ ᠰᠢᠯᠭᠠᠭᠤᠯᠤᠭᠴᠢ ᠠᠴᠠ ᠪᠦᠲᠦᠭᠡᠯ ᠢᠶᠠᠨ ᠲᠡᠪᠰᠢᠭᠦᠯᠭᠦ᠂ ᠰᠦᠯᠵᠢᠶᠡᠨ ᠳᠡᠭᠡᠷᠡᠬᠢ ᠸᠢᠳᠢᠣ᠋ ᠪᠠᠷ  ᠨᠢᠭᠤᠷᠲᠠᠨ ᠰᠢᠯᠭᠠᠬᠤ ᠵᠡᠷᠭᠡ ᠠᠷᠭ᠎ᠠ ᠬᠡᠯᠪᠡᠷᠢ ᠪᠠᠷ ᠬᠢᠨᠠᠨ ᠰᠢᠯᠭᠠᠬᠤ ᠶᠢ ᠵᠣᠷᠢᠭᠵᠢᠭᠤᠯᠤᠨ᠎ᠠ᠃ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠮᠥᠷᠲᠡᠭᠡᠨ ᠦᠷᠭᠦᠯᠵᠢᠯᠡᠨ ᠰᠤᠷᠭᠠᠭᠤᠯᠢ ᠶᠢᠨ ᠰᠢᠯᠭᠠᠯᠲᠠ ᠶᠢ ᠵᠣᠬᠢᠶᠠᠨ ᠪᠠᠶᠢᠭᠤᠯᠬᠤ ᠭᠡᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ ᠪᠣᠯ᠂ ᠤᠷᠢᠳ ᠢᠶᠠᠷ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠳᠤ ᠠᠩᠬᠠᠨ ᠤ ᠰᠤᠩᠭᠤᠯᠳᠠ ᠬᠢᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠳᠠᠷᠠᠭ᠎ᠠ ᠳᠠᠭᠢᠵᠤ ᠲᠤᠬᠠᠢ ᠶᠢᠨ ᠲᠠᠯᠠᠪᠠᠢ ᠶᠢᠨ ᠰᠤᠷᠭᠠᠭᠤᠯᠢ ᠶᠢᠨ ᠰᠢᠯᠭᠠᠯᠲᠠ ᠶᠢ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ᠎ᠠ᠃ ᠪᠣᠳᠠᠲᠠᠶ ᠲᠥᠰᠦᠯ ᠢ ᠶᠡᠭᠡ ᠳᠡᠭᠡᠳᠦ ᠰᠤᠷᠭᠠᠭᠤᠯᠢ ᠠᠴᠠ ᠲᠣᠭᠲᠠᠭᠠᠨ᠎ᠠ᠃ ᠵᠠᠷᠢᠮ ᠬᠥᠳᠡᠭᠡ ᠲᠣᠰᠬᠤᠨ ᠪᠣᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠵᠡᠷᠭᠡ ᠲᠤᠤᠷ ᠰᠦᠯᠵᠢᠶ᠎ᠡ ᠪᠣᠯᠤᠨ ᠤᠶᠤᠠᠳᠤ ᠬᠡᠷᠡᠭᠯᠡᠭᠴᠢ ᠶᠢᠨ ᠲᠤᠨᠤᠬ ᠦᠭᠡᠢ ᠰᠢᠯᠭᠠᠭᠤᠯᠤᠭᠴᠢ ᠳᠤ ᠪᠤᠯ᠂ ᠶᠡᠭᠡ ᠳᠡᠭᠡᠳᠦ ᠰᠤᠷᠭᠠᠭᠤᠯᠢ ᠠᠴᠠ ᠢᠳᠡᠪᠬᠢᠲᠡᠶ ᠪᠠᠷ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠦᠨᠳᠦᠰᠦᠨ ᠵᠦᠢᠯ ᠢ ᠨᠢ  ᠪᠠᠲᠤᠯᠠᠬᠤ ᠬᠡᠷᠡᠭᠲᠡᠢ᠂ ᠵᠢᠱᠢᠶᠡᠯᠡᠪᠡᠯ ᠰᠢᠯᠭᠠᠭᠤᠯᠤᠭᠴᠢ ᠶᠢᠨ ᠭᠤᠶᠤᠴᠢᠯᠠᠯ ᠢ ᠦᠨᠳᠦᠰᠦᠯᠡᠨ᠂ ᠰᠣᠷᠣᠭᠴᠢ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢ ᠵᠣᠬᠢᠴᠠᠭᠤᠯᠵᠤ  ᠪᠠᠶᠢᠭᠠᠳ ᠸᠢᠳᠢᠣ᠋ ᠰᠢᠩᠭᠡᠭᠡᠨ ᠦᠢᠯᠡᠳᠬᠦ ᠦᠢᠯᠡᠴᠢᠯᠡᠭᠡ ᠶᠢ ᠦᠨ᠎ᠠ ᠲᠦᠯᠦᠪᠦᠷᠢ ᠦᠭᠡᠢ ᠪᠠᠷ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号