ᠠᠷᠠᠳ ᠤᠨ ᠳᠡᠭᠡᠳᠦ ᠰᠢᠭᠦᠬᠦ ᠬᠤᠷᠢᠶ᠎ᠠ ᠬᠢᠵᠢᠭ ᠢ ᠰᠡᠷᠭᠡᠶᠢᠯᠡᠨ ᠬᠤᠷᠢᠬᠯᠠᠬᠤ ᠶᠢ ᠬᠠᠷᠰᠢᠯᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠰᠢᠳᠬᠡᠭᠰᠡᠨ ᠲᠦᠷᠦᠭᠦᠤ ᠪᠦᠯᠦᠭ ᠤᠨ 10 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2020/3/17
     ᠠᠷᠠᠳ ᠤᠨ ᠳᠡᠭᠡᠳᠦ ᠰᠢᠭᠦᠬᠦ ᠬᠤᠷᠢᠶ᠎ᠠ 2020 ᠣᠨ ᠤ 3 ᠰᠠᠷ᠎ᠠ ᠶᠢᠨ 10 ᠤ ᠡᠳᠦᠷ ᠬᠢᠵᠢᠭ ᠢ ᠰᠡᠷᠭᠡᠶᠢᠯᠡᠨ ᠬᠤᠷᠢᠬᠯᠠᠬᠤ ᠶᠢ ᠬᠠᠷᠰᠢᠯᠠᠭᠰᠠᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠰᠢᠳᠬᠡᠭᠰᠡᠨ ᠲᠦᠷᠦᠭᠦᠤ ᠪᠦᠯᠦᠭ ᠤᠨ 10 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠂ ᠡᠭᠦᠨ ᠳᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠰᠢᠯᠠᠬᠰᠠᠨ ᠬᠢᠵᠢᠭ ᠰᠡᠷᠭᠡᠶᠢᠯᠡᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠬᠤ ᠴᠢᠨᠠᠭᠰᠢᠯᠠᠪᠠᠯ ᠬᠢᠵᠢᠭ ᠰᠡᠷᠭᠡᠶᠢᠯᠡᠬᠦ ᠠᠵᠢᠯᠲᠠᠨ ᠢ ᠠᠯᠠᠬᠰᠠᠨ᠂ ᠬᠢᠵᠢᠭ ᠰᠡᠷᠭᠡᠶᠢᠯᠡᠬᠦ ᠠᠵᠢᠯᠲᠠᠨ ᠢᠶᠠᠷ ᠣᠪᠯᠠᠵᠤ ᠲᠤᠨᠤᠨ ᠳᠡᠭᠡᠷᠡᠮᠳᠡᠭᠰᠡᠨ᠂ ᠬᠤᠳᠠᠯ ᠬᠠᠭᠤᠷᠮᠠᠭ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠵᠣᠬᠢᠶᠠᠬᠰᠠᠠ ᠪᠠ ᠵᠣᠷᠢᠭᠤᠳᠠ ᠲᠠᠷᠬᠠᠭᠠᠬᠰᠠᠨ᠂ ᠬᠢᠵᠢᠭ ᠤᠨ ᠪᠠᠶᠢᠳᠠᠯ ᠢ ᠠᠰᠢᠭᠯᠠᠨ ᠬᠢᠬᠠᠨ ᠮᠡᠭᠡᠯᠡᠭᠰᠡᠨ ᠵᠢᠴᠢ ᠬᠤᠪᠣᠷ ᠴᠤᠬᠠᠬ᠂ ᠤᠰᠠᠳᠬᠤ ᠰᠢᠬᠠᠭᠰᠠᠨ ᠭᠡᠭᠡᠷ᠎ᠠ ᠶᠢᠨ ᠠᠮᠢᠲᠠᠨ ᠢ ᠬᠠᠤᠯᠢ ᠪᠤᠰᠤ ᠪᠠᠷ ᠠᠩᠨᠠᠵᠤ ᠠᠯᠠᠬᠰᠠᠨ ᠵᠡᠷᠭᠡ ᠶᠠᠯᠠᠲᠤ ᠠᠵᠢᠯᠯᠠᠭ᠎ᠠ ᠪᠠᠭᠳᠠᠵᠤ ᠪᠤᠢ᠃      ᠡᠨᠡ 10 ᠬᠡᠷᠡᠭ ᠤᠨ ᠵᠢᠱᠢᠶ᠎ᠡ ᠳᠤ᠄ ᠲᠢᠶᠠᠨ ᠣᠪᠣᠭᠲᠤ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠰᠢᠯᠠᠭᠰᠠᠨ ᠬᠡᠷᠡᠭ᠂ ᠮᠠ  ᠣᠪᠣᠭᠲᠤ ᠶᠢᠨ  ᠵᠣᠷᠢᠭᠤᠳᠠ ᠬᠥᠮᠦᠨ ᠠᠯᠠᠭᠰᠠᠨ ᠬᠡᠷᠡᠭ᠂ ᠶᠧ ᠣᠪᠣᠭᠲᠤ ᠶᠢᠨ ᠲᠣᠨᠣᠨ ᠳᠡᠭᠡᠷᠡᠮᠳᠡᠭᠰᠡᠨ ᠬᠡᠷᠡᠭ᠂ ᠯᠢᠦ ᠣᠪᠣᠭᠲᠤ ᠶᠢᠨ ᠬᠤᠳᠠᠯ ᠬᠠᠭᠤᠷᠮᠠᠭ ᠮᠡᠳᠡᠭᠡ ᠵᠠᠩᠭᠢ ᠵᠤᠬᠢᠶᠠᠬᠰᠠᠨ ᠪᠠ ᠵᠣᠷᠢᠭᠤᠳᠠ ᠲᠠᠷᠬᠠᠭᠠᠭᠰᠠᠨ ᠬᠡᠷᠡᠭ᠂ ᠵᠤᠤ ᠣᠪᠣᠭᠲᠤ ᠶᠢᠨ ᠬᠢᠬᠠᠨ ᠮᠡᠬᠡᠯᠡᠭᠰᠡᠨ ᠬᠡᠷᠡᠭ᠂ ᠰᠦᠨ ᠣᠪᠣᠭᠲᠤ᠂ ᠵᠢᠶᠠᠩ ᠣᠪᠣᠭᠲᠤ ᠶᠢᠨ ᠬᠢᠬᠠᠨ ᠮᠡᠬᠡᠯᠡᠭᠰᠡᠨ ᠬᠡᠷᠡᠭ᠂ ᠶᠧ ᠣᠪᠣᠭᠲᠤ ᠶᠢᠨ ᠠᠯᠪᠠᠨ ᠠᠵᠢᠯ ᠢ ᠬᠠᠷᠰᠢᠯᠠᠭᠰᠠᠨ ᠬᠡᠷᠡᠭ᠂ ᠲᠠᠩ  ᠣᠪᠣᠭᠲᠤ ᠶᠢᠨ  ᠬᠡᠷᠡᠭ  ᠡᠳᠦᠭᠰᠡᠨ ᠬᠡᠷᠡᠭ᠂ ᠬᠤᠸᠠᠩ ᠣᠪᠣᠭᠲᠤ ᠶᠢᠨ ᠬᠠᠤᠯᠢ ᠪᠤᠰᠤ ᠪᠠᠷ ᠫᠤᠤ ᠵᠡᠪᠰᠡᠭ ᠦᠢᠯᠡᠳᠴᠦ᠂ ᠬᠤᠪᠣᠷ ᠴᠤᠬᠠᠬ᠂ ᠤᠰᠠᠳᠬᠤ ᠰᠢᠬᠠᠭᠰᠠᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠩᠨᠠᠵᠤ ᠠᠯᠠᠭᠰᠠᠨ᠂ ᠬᠠᠤᠯᠢ ᠪᠤᠰᠤ ᠪᠠᠷ ᠫᠤᠤ ᠵᠡᠪᠰᠡᠭ ᠡᠵᠡᠮᠰᠢᠭᠰᠡᠨ ᠬᠡᠷᠡᠭ᠂ ᠴᠧᠨ ᠣᠪᠣᠭᠲᠤ ᠶᠢᠨ ᠬᠤᠪᠣᠷ ᠴᠤᠬᠠᠬ᠂ ᠤᠰᠠᠳᠬᠤ ᠰᠢᠬᠠᠭᠰᠠᠨ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ ᠬᠡᠷᠡᠭ ᠪᠠᠭᠳᠠᠨ᠎ᠠ᠃    
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号