ᠮᠠᠯ ᠤᠨ ᠬᠠᠰᠢᠶ᠎ᠠ ᠰᠠᠷᠠᠪᠴᠢ ᠶᠢᠨ ᠡᠷᠡᠬᠦᠯ ᠬᠠᠮᠠᠭᠠᠯᠠᠯ ᠢ ᠠᠩᠬᠠᠷᠤᠭᠠᠷᠠᠢ
ᠨᠡᠶᠢᠲᠡᠯᠡᠭᠰᠡᠨ ᠴᠠᠭ᠄
2020/3/19
     ᠤᠷᠤᠨ ᠨᠤᠳᠤᠭ ᠤᠨ ᠠᠮᠢᠳᠦᠷᠠᠯ ᠤᠨ ᠵᠠᠩ ᠲᠠᠳᠬᠠᠯ ᠪᠤᠯᠤᠨ ᠮᠠᠯ ᠤᠨᠤᠭ᠎ᠠ ᠲᠡᠵᠢᠭᠡᠵᠥ ᠠᠷᠠᠴᠢᠯᠠᠬᠤ ᠠᠷᠭ᠎ᠠ ᠪᠠᠷᠢᠯ ᠠᠳᠠᠯᠢ ᠦᠭᠡᠢ ᠪᠤᠯᠬᠤᠷ ᠮᠠᠯ ᠤᠨᠤᠭ᠎ᠠ ᠶᠢᠨ ᠬᠠᠰᠢᠶ᠎ᠠ ᠰᠠᠷᠠᠪᠴᠢ ᠶᠢ ᠪᠠᠷᠢᠵᠦ ᠪᠠᠶᠢᠷᠢᠰᠢᠭᠤᠯᠬᠤ ᠨᠢ ᠴᠤ ᠶᠠᠩᠵᠦ ᠪᠦᠷᠢ ᠶᠢᠨ ᠪᠠᠶᠢᠳᠠᠭ᠃ ᠮᠠᠯ ᠤᠨ ᠬᠠᠰᠢᠶ᠎ᠠ ᠰᠠᠷᠠᠪᠴᠢ ᠶᠢᠨ ᠡᠷᠡᠬᠦᠯ ᠬᠠᠮᠠᠭᠠᠯᠠᠯ ᠨᠢ ᠮᠠᠯ ᠤᠨ ᠬᠡᠮ ᠬᠢᠵᠢᠭ ᠢ ᠰᠡᠷᠭᠡᠶᠢᠯᠡᠬᠦ᠂ ᠴᠢᠨᠠᠭᠰᠢᠯᠠᠨ ᠦᠨᠢᠷ ᠦᠰᠦᠯᠳᠡ ᠲᠠᠢ ᠰᠢᠭᠤᠳ ᠬᠤᠯᠪᠤᠭᠳᠠᠬᠤ ᠲᠤᠯᠠ ᠴᠢᠬᠤᠯᠠᠴᠢᠯᠠᠵᠤ ᠦᠵᠡᠬᠦ ᠬᠡᠷᠡᠭᠳᠡᠢ ᠶᠤᠮ᠃      ᠡ᠊ᠩ ᠤᠨ ᠪᠠᠶᠢᠳᠠᠯ ᠲᠤᠤᠷ᠎ᠠ ᠲᠤᠤᠷᠠᠬᠢ ᠬᠡᠳᠦᠨ ᠲᠠᠯ᠎ᠠ ᠪᠠᠷ ᠠᠩᠬᠠᠷᠪᠠᠯ ᠵᠤᠬᠢᠨ᠎ᠠ᠃      ᠨᠢᠭᠡ᠂ ᠮᠠᠯ ᠤᠨ ᠬᠠᠰᠢᠶ᠎ᠠ ᠰᠠᠷᠠᠪᠴᠢ ᠪᠠᠶᠢᠭᠤᠯᠬᠤ ᠳᠤ ᠲᠡᠵᠢᠭᠡᠵᠥ ᠠᠷᠠᠴᠢᠯᠠᠬᠤ ᠳᠤ ᠳᠦᠭᠦᠮ ᠪᠦᠭᠡᠳ ᠠᠷᠢᠭᠤᠳᠬᠠᠵᠦ ᠴᠡᠪᠡᠷᠯᠡᠬᠦ ᠪᠠ ᠡᠵᠡᠩᠨᠡᠵᠦ ᠬᠠᠮᠢᠶᠠᠷᠬᠤ ᠳᠤ ᠠᠮᠠᠷᠬᠠᠨ ᠪᠠᠶᠢᠯᠭᠠᠬᠤ ᠬᠡᠷᠡᠭᠲᠡᠢ᠃      ᠬᠤᠶᠠᠷ᠂ ᠮᠠᠯ ᠤᠨᠤᠭ᠎ᠠ ᠶᠢᠨ ᠬᠠᠰᠢᠶ᠎ᠠ ᠰᠠᠷᠠᠪᠴᠢ ᠪᠠᠨ ᠦᠨᠳᠦᠷ᠂ ᠰᠠᠯᠬᠢ ᠨᠡᠪᠲᠡᠷᠠᠬᠦ ᠳᠤ ᠰᠠᠶᠢᠨ᠂ ᠨᠠᠷᠠᠨ ᠤ ᠭᠡᠷᠡᠯ ᠭᠦᠢᠴᠡᠳ ᠲᠤᠰᠬᠤ ᠭᠠᠵᠠᠷ᠂ ᠰᠠᠭᠤᠬᠤ ᠬᠡᠷ ᠠᠴᠠ ᠠᠳᠠᠭ ᠲᠤ ᠪᠠᠨ 30  ᠮᠧᠲᠷ ᠵᠠᠶᠢᠳᠠᠢ ᠪᠠᠶᠢᠷᠢᠯᠠᠭᠤᠯᠪᠠᠯ ᠰᠠᠶᠢᠨ᠃      ᠭᠤᠷᠪᠠ᠂ ᠬᠠᠰᠢᠶ᠎ᠠ ᠰᠠᠷᠠᠪᠴᠢ ᠪᠠᠨ ᠪᠤᠷᠦᠭᠠᠨ ᠳᠤ ᠭᠤᠭᠤᠵᠢᠬᠤ ᠦᠭᠡᠢ᠂ ᠴᠠᠰᠦ ᠬᠤᠷᠠᠬᠤ ᠦᠭᠡᠢ ᠪᠠᠶᠢᠯᠭᠠᠵᠦ᠂ ᠦᠷᠭᠦᠯᠵᠢ ᠬᠠᠭᠤᠷᠠᠢ ᠪᠦᠭᠡᠳ ᠴᠡᠪᠡᠷᠬᠡᠨ ᠪᠠᠶᠢᠯᠭᠠᠬᠤ ᠬᠡᠷᠡᠭᠲᠡᠢ᠃      ᠲᠦᠷᠪᠠ᠂ ᠡᠪᠡᠰᠦ ᠪᠤᠷᠳᠤᠭ᠎ᠠ ᠪᠤᠯᠪᠠᠰᠤᠷᠠᠭᠤᠯᠬᠤ᠂ ᠬᠠᠳᠠᠭᠠᠯᠠᠵᠦ ᠬᠤᠷᠢᠶᠠᠬᠤ ᠭᠠᠵᠠᠷ ᠢᠶᠠᠨ ᠠᠷᠢᠭᠤᠨ ᠴᠡᠪᠡᠷ ᠪᠠᠶᠢᠯᠭᠠᠬᠤ ᠬᠡᠷᠡᠭᠳᠡᠢ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号