ᠳᠣᠯᠣᠳᠣᠭᠠᠷ ᠣᠳᠠᠭᠠᠨ ᠤ ᠪᠦᠬᠦ ᠣᠯᠣᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠳᠣᠷ ᠬᠢᠬᠦ ᠲᠣᠬᠠᠢ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/5/28
          ᠰᠦᠨᠢᠳ ᠪᠠᠷᠠᠭᠤᠨ ᠵᠠᠰᠠᠭ ᠲᠠᠷᠬᠠᠭᠠᠭᠰᠠᠨ ﹇2020﹈ 5 ᠳ᠋ᠣᠭᠠᠷ ᠲᠣᠭᠠᠳᠣ                     ᠳᠣᠯᠣᠳᠣᠭᠠᠷ ᠣᠳᠠᠭᠠᠨ ᠤ ᠪᠦᠬᠦ ᠣᠯᠣᠰ ᠤᠨ ᠬᠦᠮᠦᠨ ᠠᠮᠠ ᠶᠢᠨ ᠨᠡᠶᠢᠳᠡᠮ           ᠪᠠᠶᠢᠴᠠᠭᠠᠯᠳᠠ ᠶᠢᠨ ᠠᠵᠢᠯ ᠢ ᠰᠠᠶᠢᠳᠣᠷ ᠬᠢᠬᠦ ᠲᠣᠬᠠᠢ ᠰᠦᠨᠢᠳ ᠪᠠᠷᠠᠭᠤᠨ               ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠡᠯ᠎ᠡ ᠬᠠᠮᠢᠶ᠎ᠠ ᠪᠦᠬᠦᠢ ᠵᠦᠪᠯᠡᠯ᠂ ᠠᠯᠪᠠᠨ ᠭᠡᠷ᠂ ᠲᠣᠪᠴᠢᠶ᠎ᠠ᠂ ᠠᠵᠣ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ︽ᠲᠦᠷᠦ ᠶᠢᠨ ᠶᠠᠪᠣᠳᠠᠯ ᠤᠨ ᠬᠤᠷᠢᠶᠠᠨ ᠤ ᠳᠣᠯᠣᠳᠣᠭᠠᠷ ᠣᠳᠠᠭᠠᠨ ᠤ ᠪᠦᠬᠦ ᠣᠯᠣᠰ ᠤᠨ ᠬᠦᠮᠦᠨ ᠠᠮᠠ  ᠶᠢᠨ ᠨᠡᠶᠢᠳᠡᠮ ᠪᠠᠶᠢᠴᠠᠭᠠᠯᠳᠠ ᠶᠢ ᠦᠷᠨᠢᠭᠦᠯᠬᠦ ᠲᠣᠬᠠᠢ ᠮᠡᠳᠡᠭᠳᠡᠯ︾ ︵ᠲᠦᠷᠦ ᠲᠠᠷᠬᠠᠭᠠᠭᠰᠠᠨ ﹇2019﹈ 24 ᠳ᠋ᠣᠭᠡᠷ ᠲᠣᠭᠠᠳᠣ︶ ︽ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠣᠯᠣᠳᠣᠭᠠᠷ ᠣᠳᠠᠭᠠᠨ ᠤ ᠪᠦᠬᠦ ᠣᠯᠣᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢ ᠰᠠᠶᠢᠳᠣᠷ ᠬᠢᠬᠦ ᠲᠣᠬᠠᠢ ᠮᠡᠳᠡᠭᠳᠡᠯ︾ ︵ᠦᠪᠦᠷ ᠵᠠᠰᠠᠭ ᠲᠠᠷᠬᠠᠭᠠᠭᠰᠠᠨ ﹇2020﹈ 2 ᠳ᠋ᠣᠭᠠᠷ ᠲᠣᠭᠠᠳᠣ︶ ᠪᠣᠯᠣᠨ ︽ᠰᠢᠯᠢ ᠶᠢᠨ ᠭᠤᠣᠯ ᠠᠶᠢᠮᠠᠭ  ᠤᠨ ᠵᠠᠰᠠᠭ ᠵᠠᠬᠢᠷᠭᠠᠨ ᠤ ᠳᠣᠯᠣᠳᠣᠭᠠᠷ ᠣᠳᠠᠭᠠᠨ ᠤ ᠪᠦᠬᠦ ᠣᠯᠣᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ  ᠶᠢᠨ ᠠᠵᠢᠯ ᠢ ᠰᠠᠶᠢᠳᠣᠷ ᠬᠢᠬᠦ ᠲᠣᠬᠠᠢ ᠮᠡᠳᠡᠭᠳᠡᠯ︾ ︵ᠰᠢᠯᠢ ᠵᠠᠬᠢᠷᠭ᠎ᠠ ᠲᠠᠷᠬᠠᠭᠠᠭᠰᠠᠨ ﹇2020﹈ 7  ᠳ᠋ᠣᠭᠠᠷ ᠲᠣᠭᠠᠳᠣ︶ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠮᠠᠨ ᠤ ᠬᠤᠰᠢᠭᠤᠨ ᠤ ᠳᠣᠯᠣᠳᠣᠭᠠᠷ ᠣᠳᠠᠭᠠᠨ ᠤ ᠪᠦᠬᠦ ᠣᠯᠣᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠨᠠᠷᠢᠨ ᠬᠢᠨᠠᠮᠠᠭᠠᠢ ᠬᠢᠬᠦ ᠶᠢᠨ ᠲᠦᠯᠦᠭᠡ᠂ ᠬᠠᠮᠢᠶ᠎ᠠ ᠪᠦᠬᠦᠢ ᠵᠦᠢᠯ ᠢ ᠲᠣᠣᠷᠠᠬᠢ ᠮᠡᠲᠦ ᠮᠡᠳᠡᠭᠳᠡᠶ᠎ᠡ᠃      ᠨᠢᠭᠡ᠂ ᠨᠡᠶᠢᠳᠡᠮ ᠪᠠᠶᠢᠴᠠᠭᠠᠯᠳᠠ ᠶᠢᠨ ᠵᠣᠷᠢᠯᠭ᠎ᠠ      ᠳᠣᠯᠣᠳᠣᠭᠠᠷ ᠣᠳᠠᠭᠠᠨ ᠤ ᠪᠦᠬᠦ ᠣᠯᠣᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠪᠣᠯ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠰᠢᠨ᠎ᠡ ᠴᠠᠭ ᠦᠶ᠎ᠡ ᠳᠤ ᠦᠷᠨᠢᠭᠦᠯᠵᠦ ᠪᠠᠶᠢᠭ᠎ᠠ ᠨᠢᠭᠡᠨ ᠴᠢᠬᠤᠯᠠ ᠶᠡᠭᠡ ᠣᠯᠣᠰ ᠤᠨ ᠪᠠᠶᠢᠳᠠᠯ ᠣᠯᠣᠰ ᠤᠨ ᠬᠦᠴᠦᠨ᠂ ᠬᠤᠰᠢᠭᠤᠨ ᠤ ᠪᠠᠶᠢᠳᠠᠯ ᠬᠤᠰᠢᠭᠤᠨ ᠤ ᠬᠦᠴᠦᠨ ᠤ ᠪᠠᠶᠢᠴᠠᠭᠠᠯᠳᠠ ᠪᠣᠯᠣᠨ᠎ᠠ᠃ ᠬᠦᠮᠦᠨ ᠠᠮᠠ ᠶᠢᠨ ᠨᠡᠶᠢᠳᠡᠮ ᠪᠠᠶᠢᠴᠭᠠᠯᠳᠠ ᠪᠠᠷ ᠳᠠᠮᠵᠢᠨ᠂ ᠮᠠᠨ ᠤ ᠬᠤᠰᠢᠭᠤᠨ ᠤ ᠬᠦᠮᠦᠨ ᠠᠮᠠ ᠶᠢᠨ ᠬᠤᠪᠢᠷᠠᠯᠳᠠ ᠶᠢᠨ ᠬᠠᠨᠳᠣᠰᠢ ᠶᠢᠨ ᠴᠢᠨᠠᠷᠳᠠᠢ ᠣᠨᠴᠠᠯᠢᠭ ᠢ ᠲᠣᠳᠣᠷᠬᠠᠢ ᠣᠶᠢᠯᠠᠭᠠᠵᠣ ᠴᠢᠳᠠᠨ᠎ᠠ᠃ ᠮᠠᠨ ᠤ ᠬᠤᠰᠢᠭᠤᠨ ᠤ ᠬᠦᠮᠦᠨ ᠠᠮᠠ ᠶᠢᠨ ᠲᠤᠭ᠎ᠠ᠂ ᠪᠦᠳᠦᠴᠡ᠂ ᠲᠠᠷᠬᠠᠯᠳᠠ᠂ ᠬᠤᠳᠠ ᠬᠦᠳᠡᠭᠡ ᠶᠢᠨ ᠣᠷᠣᠨ ᠰᠠᠭᠤᠴᠠ ᠵᠡᠷᠭᠡ ᠲᠠᠯ᠎ᠠ ᠶᠢᠨ ᠪᠠᠶᠢᠳᠠᠯ ᠢ ᠲᠣᠳᠣᠷᠬᠠᠢ ᠪᠠᠶᠢᠴᠠᠭᠠᠵᠣ᠂ ᠬᠦᠮᠦᠨ ᠠᠮᠠ ᠶᠢᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ ᠶᠢᠨ ᠪᠠ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠣᠯᠠᠮ ᠨᠢᠭᠡ ᠠᠯᠬᠤᠮ ᠳᠡᠭᠦᠯᠳᠡᠷᠵᠢᠭᠦᠯᠬᠦ᠂ ᠬᠦᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠳᠠᠢ ᠬᠦᠭᠵᠢᠯᠳᠡ ᠶᠢ ᠠᠬᠢᠭᠤᠯᠬᠤ᠂ ︽ᠠᠷᠪᠠᠨ ᠳᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ︾ ᠶᠢᠨ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠶᠢ ᠰᠢᠨᠵᠢᠯᠡᠬᠦ ᠣᠬᠠᠭᠠᠨᠴᠢ ᠪᠠᠷ ᠲᠣᠭᠳᠠᠭᠠᠬᠤ ᠳᠤ ᠰᠢᠨᠵᠢᠯᠡᠬᠦ ᠣᠬᠠᠭᠠᠨᠴᠢ ᠵᠦᠪ ᠣᠨᠣᠪᠴᠢᠳᠠᠢ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠬᠤ ᠪᠣᠯᠣᠨ᠎ᠠ᠃ ᠡᠭᠦᠨ ᠤ ᠬᠠᠮᠳᠣ᠂ ᠲᠤᠭ᠎ᠠ ᠪᠦᠷᠢᠳᠭᠡᠯ ᠤᠨ ᠬᠢᠨᠠᠯᠳᠠ ᠶᠢᠨ ᠠᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠬᠤ᠂ ᠬᠠᠩᠭᠠᠯᠭ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ᠂ ᠠᠵᠣ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ᠂ ᠠᠷᠠᠳ ᠲᠦᠮᠡᠨ ᠢᠶᠠᠷ ᠲᠦᠪ ᠪᠣᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠲᠣᠣᠱᠯᠠᠭᠤᠯᠬᠤ᠂ ᠨᠡᠶᠢᠭᠡᠮ ᠵᠢᠷᠣᠮ ᠤᠨ ᠣᠳᠣᠬᠢᠴᠢᠯᠠᠭᠰᠠᠨ ᠣᠯᠣᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠣᠮ᠃      ᠬᠤᠶᠠᠷ᠂ ᠨᠡᠶᠢᠳᠡᠮ ᠪᠠᠶᠢᠴᠠᠭᠠᠬᠤ ᠡᠳᠡᠭᠡᠳ᠂ ᠠᠭᠤᠯᠭ᠎ᠠ᠂ ᠴᠠᠭ      ᠪᠦᠬᠦ ᠣᠯᠣᠰ ᠤᠨ ᠳᠣᠯᠣᠳᠣᠭᠠᠷ ᠣᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠭᠠᠯᠳᠠ ᠶᠢᠨ ᠡᠳᠡᠭᠡᠳ  ᠨᠢ ᠨᠡᠶᠢᠳᠡᠮ ᠪᠠᠶᠢᠴᠠᠭᠠᠬᠤ ᠬᠤᠭᠤᠴᠠᠭᠠᠨ ᠳᠠᠬᠢ ᠵᠣᠬᠢᠬᠤ ᠪᠠᠷᠢᠮᠵᠢᠶᠠᠨ ᠤ ᠴᠠᠭ ᠲᠣᠳᠣᠷ᠎ᠠ᠂ ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠢᠯᠢ ᠲᠣᠳᠣᠷ᠎ᠠ ᠪᠠᠶᠢᠭ᠎ᠠ ᠬᠦᠮᠦᠨ ᠵᠢᠴᠢ ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠢᠯᠢ ᠶᠢᠨ ᠭᠠᠳᠠᠨ᠎ᠠ ᠪᠠᠶᠢᠭ᠎ᠠ ᠪᠣᠯᠪᠠᠴᠣ ᠭᠠᠳᠠᠭᠠᠳᠣ ᠳᠤ ᠰᠠᠭᠤᠷᠢᠰᠢᠭᠠᠳᠣᠢ ᠲᠣᠮᠳᠠᠳᠣ ᠶᠢᠨ ᠢᠷᠭᠡᠳ ᠪᠣᠯᠣᠨ᠎ᠠ᠃ ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠢᠯᠢ ᠶᠢᠨ ᠲᠣᠳᠣᠷ᠎ᠠ ᠲᠦᠷ ᠰᠠᠭᠤᠭ᠎ᠠ ᠭᠠᠳᠠᠭᠠᠳᠣ ᠶᠢᠨ ᠬᠦᠮᠦᠨ ᠢ ᠪᠠᠭᠳᠠᠭᠠᠬᠤ ᠦᠭᠡᠢ᠃ ᠨᠡᠶᠢᠳᠡᠮ ᠪᠠᠶᠢᠴᠠᠭᠠᠯᠳᠠ ᠨᠢ ᠭᠤᠣᠯᠳᠠᠭᠤ ᠬᠦᠮᠦᠨ ᠠᠮᠠ ᠪᠣᠯᠣᠨ ᠰᠠᠭᠤᠭᠠᠯᠢ ᠡᠷᠦᠭᠡ ᠶᠢᠨ ᠦᠨᠳᠦᠰᠦᠨ ᠪᠠᠶᠢᠳᠠᠯ ᠢ ᠪᠠᠶᠢᠴᠠᠭᠠᠨ᠎ᠠ᠃ ᠭᠤᠣᠯ ᠠᠭᠤᠯᠭ᠎ᠠ ᠨᠢ ᠣᠪᠣᠭ ᠨᠡᠷ᠎ᠡ᠂ ᠡᠷᠭᠡᠳᠦ ᠠᠷᠠᠳ ᠤᠨ ᠦᠨᠡᠮᠯᠡᠯ ᠤᠨ ᠳ᠋ᠣᠭᠠᠷ᠂ ᠭᠦᠢᠰᠦ᠂ ᠨᠠᠰᠣ᠂ ᠦᠨᠳᠦᠰᠦᠳᠡᠨ᠂ ᠰᠣᠶᠣᠯ ᠤᠨ ᠬᠡᠮᠵᠢᠶ᠎ᠡ᠂ ᠠᠵᠢᠯ ᠲᠦᠷᠦᠯ ᠂ ᠡᠷᠬᠢᠯᠡᠭᠰᠡᠨ ᠠᠵᠢᠯ᠂ ᠨᠡᠭᠦᠳᠡᠯ ᠰᠢᠯᠵᠢᠯᠳᠡ᠂ ᠣᠷᠤᠭ ᠬᠤᠷᠢᠮ᠂ ᠲᠦᠷᠦᠯᠳᠡ᠂ ᠦᠬᠦᠯ᠂ ᠰᠠᠭᠤᠭ᠎ᠠ ᠣᠷᠣᠨ ᠰᠠᠭᠤᠴᠠ ᠶᠢᠨ ᠪᠠᠶᠢᠳᠠᠯ ᠵᠡᠷᠭᠡ᠃ ᠨᠡᠶᠢᠳᠡᠮ ᠪᠠᠶᠢᠴᠠᠭᠠᠯᠳᠠ ᠶᠢᠨ ᠪᠠᠷᠢᠮᠵᠢᠶ᠎ᠠ ᠴᠠᠭ ᠨᠢ 2020 ᠣᠨ ᠤ 11 ᠰᠠᠷ᠎ᠠ  ᠶᠢᠨ 1 ᠤ ᠡᠳᠦᠷ ᠤᠨ 0 ᠴᠠᠭ᠃      ᠭᠤᠷᠪᠠ᠂ ᠵᠣᠬᠢᠶᠠᠨ ᠪᠠᠶᠢᠭᠤᠯᠣᠨ ᠬᠡᠷᠡᠭᠵᠢᠭᠦᠯᠬᠦ      ︵ᠨᠢᠭᠡ︶ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠬᠤ᠃ ᠪᠦᠬᠦ ᠣᠯᠣᠰ ᠤᠨ ᠳᠣᠯᠣᠳᠣᠭᠠᠷ ᠣᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠨᠢ ︽ᠪᠦᠬᠦ ᠣᠯᠣᠰ ᠤᠨ ᠨᠢᠭᠡᠳᠦᠯᠳᠠᠢ ᠣᠳᠣᠷᠢᠳᠣᠯᠭ᠎ᠠ᠂ ᠰᠠᠯᠠᠭ᠎ᠠ ᠮᠦᠴᠢᠷ ᠠᠵᠢᠯ ᠬᠤᠪᠢᠶᠠᠷᠢᠯᠠᠨ ᠬᠠᠮᠵᠢᠯᠴᠠᠬᠤ᠂ ᠭᠠᠵᠠᠷ ᠣᠷᠣᠨ ᠱᠠᠳᠣ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠨᠢ ᠬᠠᠮᠳᠣ ᠪᠠᠷ ᠣᠷᠣᠯᠴᠠᠬᠤ︾ ᠵᠠᠷᠴᠢᠮ ᠢᠶᠠᠷ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃ ᠬᠠᠮᠣᠷᠠᠬᠤ ᠬᠡᠪᠴᠢᠶ᠎ᠡ ᠨᠢ ᠦᠷᠭᠡᠨ᠂ ᠣᠷᠣᠯᠴᠠᠬᠤ ᠰᠠᠯᠠᠭ᠎ᠠ ᠮᠦᠴᠢᠷ ᠣᠯᠠᠨ᠂ ᠮᠡᠷᠭᠡᠵᠢᠯ ᠤᠨ ᠱᠠᠭᠠᠷᠳᠠᠯᠭ᠎ᠠ ᠦᠨᠳᠦᠷ᠂ ᠠᠵᠢᠯ ᠤᠨ ᠬᠦᠴᠢᠷᠳᠡᠯ ᠶᠡᠭᠡ ᠪᠣᠯᠬᠤᠷ ᠡᠯ᠎ᠡ ᠭᠠᠵᠠᠷ ᠤᠨ ᠡᠯ᠎ᠡ ᠰᠠᠯᠠᠭ᠎ᠠ ᠮᠦᠴᠢᠷ ᠤᠳ ᠡᠷᠭᠡᠪᠰᠢ ᠣᠯᠣᠰ ᠲᠦᠷᠦ ᠶᠢᠨ ᠲᠠᠨᠢᠯᠳᠠ ᠪᠠᠨ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠣ᠂ ᠲᠣᠰ ᠠᠵᠢᠯ ᠢ ᠡᠳᠦᠷ ᠲᠣᠳᠣᠮ ᠤᠨ ᠴᠢᠬᠤᠯᠠ ᠵᠦᠪᠯᠡᠬᠦ ᠵᠦᠢᠯ ᠳᠡᠭᠡᠨ ᠣᠷᠣᠭᠤᠯᠵᠣ᠂ ᠣᠬᠠᠭᠤᠯᠭ᠎ᠠ ᠳᠠᠶᠢᠴᠢᠯᠠᠯᠳᠠ ᠶᠢ ᠰᠠᠶᠢᠳᠣᠷ ᠬᠢᠵᠦ᠂ ᠨᠡᠶᠢᠳᠡᠮ ᠪᠠᠶᠢᠴᠠᠭᠠᠭᠴᠢ ᠪᠠ ᠪᠠᠶᠢᠴᠠᠭᠠᠯᠳᠠ ᠶᠢᠨ ᠵᠢᠯᠣᠭᠤᠳᠣᠭᠴᠢ ᠶᠢ ᠡᠯᠰᠡᠨ ᠬᠡᠷᠡᠭᠯᠡᠬᠦ᠂ ᠨᠡᠶᠢᠳᠡᠮ ᠪᠠᠶᠢᠴᠠᠭᠠᠯᠳᠠ  ᠶᠢᠨ ᠵᠠᠷᠣᠳᠠᠯ ᠢ ᠨᠠᠶᠢᠳᠠᠪᠣᠷᠢᠵᠢᠭᠤᠯᠬᠤ ᠵᠡᠷᠭᠡ ᠡᠯ᠎ᠡ ᠲᠠᠯ᠎ᠠ ᠶᠢᠨ ᠠᠵᠢᠯ ᠢ ᠰᠠᠶᠢᠳᠣᠷ ᠬᠢᠬᠦ ᠬᠡᠷᠡᠭᠳᠠᠢ᠃ ᠬᠤᠰᠢᠭᠤ ᠠᠷᠠᠳ ᠤᠨ ᠵᠠᠰᠠᠭ ᠤᠨ ᠣᠷᠳᠣᠨ ᠨᠢ ᠪᠦᠬᠦ ᠣᠯᠣᠰ ᠤᠨ ᠳᠣᠯᠣᠳᠣᠭᠠᠷ ᠣᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠣᠳᠣᠷᠢᠳᠬᠤ ᠳᠣᠭᠤᠶᠢᠯᠠᠩ ᠢ ᠪᠠᠶᠢᠭᠤᠯᠵᠣ᠂ ᠪᠦᠬᠦ ᠬᠤᠰᠢᠭᠤᠨ ᠤ ᠨᠡᠶᠢᠳᠡᠮ ᠪᠠᠶᠢᠴᠠᠭᠠᠯᠳᠠ  ᠶᠢᠨ ᠠᠵᠢᠯ ᠢ ᠵᠣᠬᠢᠶᠠᠨ ᠪᠠᠶᠢᠭᠤᠯᠬᠤ ᠠᠵᠢᠯ ᠳᠠᠬᠢ ᠴᠢᠬᠤᠯᠠ ᠶᠡᠭᠡ ᠠᠰᠠᠭᠤᠳᠠᠯ ᠢ ᠶᠠᠷᠢᠯᠴᠠᠨ ᠰᠢᠢᠳᠪᠦᠷᠢᠯᠡᠨ᠎ᠡ᠃ ᠨᠡᠶᠢᠳᠡᠮ ᠪᠠᠶᠢᠴᠠᠭᠠᠯᠳᠠ ᠶᠢᠨ ᠣᠳᠣᠷᠢᠳᠬᠤ ᠳᠣᠭᠤᠶᠢᠯᠠᠩ ᠤᠨ ᠠᠯᠪᠠᠨ ᠭᠡᠷ ᠢ ᠬᠤᠰᠢᠭᠤ ᠲᠤᠭ᠎ᠠ ᠪᠦᠷᠢᠳᠭᠡᠯ ᠤᠨ ᠲᠣᠪᠴᠢᠶᠠᠨ ᠳᠤ ᠪᠠᠶᠢᠭᠤᠯᠵᠣ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠪᠣᠳᠠᠳᠠᠢ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃ ᠡᠯ᠎ᠡ ᠰᠣᠮᠣ ᠪᠠᠯᠭᠠᠰᠣ ᠨᠢ 2020 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠳᠡᠮ ᠪᠠᠶᠢᠴᠠᠭᠠᠯᠳᠠ ᠶᠢᠨ ᠣᠳᠣᠷᠢᠳᠬᠤ ᠳᠣᠭᠤᠶᠢᠯᠠᠩ ᠵᠢᠴᠢ ᠠᠯᠪᠠᠨ ᠭᠡᠷ ᠢ ᠪᠠᠶᠢᠭᠤᠯᠵᠣ᠂ ᠬᠠᠷᠢᠶ᠎ᠠ ᠣᠷᠣᠨ ᠤ ᠪᠠᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢ ᠵᠣᠬᠢᠶᠠᠨ ᠪᠠᠶᠢᠭᠤᠯᠣᠨ ᠶᠠᠪᠣᠭᠳᠠᠭᠤᠯᠣᠨ᠎ᠠ᠃ ᠡᠯ᠎ᠡ ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠲᠣᠭᠤᠷᠢᠭ︶ ᠤ ᠵᠦᠪᠯᠡᠯ ᠨᠢ 2020 ᠣᠨ ᠤ 4 ᠰᠠᠷ᠎ᠠ ᠶᠢᠨ ᠰᠡᠭᠦᠯᠴᠢ  ᠠᠴᠠ ᠡᠮᠦᠨ᠎ᠡ᠂ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠣᠳᠣᠷᠢᠳᠬᠤ ᠳᠣᠭᠤᠶᠢᠯᠠᠩ ᠪᠠᠶᠢᠭᠤᠯᠵᠣ᠂ ᠬᠠᠷᠢᠶ᠎ᠠ ᠭᠠᠵᠠᠷ ᠣᠷᠣᠨ ᠤ ᠪᠠᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠬᠢᠨ᠎ᠡ᠃ ᠬᠤᠰᠢᠭᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠣᠳᠣᠷᠢᠳᠬᠤ ᠳᠣᠭᠤᠶᠢᠯᠠᠩ ᠨᠢ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠦᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠣ᠂ ᠦᠷᠭᠡᠨ ᠢᠶᠠᠷ ᠵᠢᠭᠠᠨ ᠵᠢᠯᠣᠭᠤᠳᠴᠣ ᠳᠠᠶᠢᠴᠢᠯᠠᠨ᠂ ᠨᠡᠶᠢᠭᠡᠮ ᠤᠨ ᠬᠦᠴᠦᠨ ᠢ ᠵᠣᠬᠢᠶᠠᠨ ᠪᠠᠶᠢᠭᠤᠯᠣᠨ ᠣᠷᠣᠯᠴᠠᠭᠤᠯᠵᠣ᠂ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠨᠠᠷᠢᠨ ᠬᠢᠨᠠᠮᠠᠭᠠᠢ ᠬᠢᠬᠦ ᠬᠡᠷᠡᠭᠳᠠᠢ᠃      ︵ᠬᠤᠶᠠᠷ︶ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ᠃ ᠬᠤᠰᠢᠭᠤ ᠳᠣᠯᠣᠳᠣᠭᠠᠷ ᠣᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠣᠳᠣᠷᠢᠳᠬᠤ ᠳᠣᠭᠤᠶᠢᠯᠠᠩ ᠤᠨ ᠡᠯ᠎ᠡ ᠭᠡᠰᠢᠭᠦᠨ ᠪᠠᠶᠢᠭᠤᠯᠭ᠎ᠠ ᠨᠢ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠦᠪᠡᠷᠰᠡᠳ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠢᠭᠳᠠ ᠬᠠᠮᠵᠢᠯᠴᠠᠨ ᠠᠵᠢᠯᠯᠠᠵᠣ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠰᠠᠶᠢᠨ ᠬᠢᠬᠦ ᠬᠡᠷᠡᠭᠳᠠᠢ᠃ ᠬᠤᠰᠢᠭᠤ ᠨᠡᠶᠢᠳᠡᠮ ᠪᠠᠶᠢᠴᠠᠭᠠᠯᠳᠠ ᠶᠢᠨ ᠠᠯᠪᠠᠨ ᠭᠡᠷ ᠨᠢ ᠪᠦᠷᠢᠯᠳᠦᠭᠦᠨ ᠨᠢᠭᠡᠴᠡ ᠶᠢᠨ ᠬᠠᠷᠢᠯᠴᠠᠬᠤ ᠬᠤᠷᠠᠯ ᠤᠨ ᠲᠦᠷᠢᠮ᠂ ᠡᠯ᠎ᠡ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠣ᠂ ᠡᠯ᠎ᠡ ᠪᠦᠷᠢᠯᠳᠦᠭᠦᠨ ᠨᠢᠭᠡᠴᠡ ᠨᠢ ᠨᠡᠶᠢᠳᠡᠮ ᠪᠠᠶᠢᠴᠠᠭᠠᠯᠳᠠ ᠶᠢᠨ ᠠᠵᠢᠯ ᠤᠨ ᠭᠤᠣᠯ ᠶᠠᠪᠣᠴᠠ ᠳᠤ ᠬᠢᠨᠠᠨ ᠪᠠᠶᠢᠴᠠᠭᠠᠯᠳᠠ ᠪᠠ ᠵᠢᠯᠣᠭᠤᠳᠣᠯᠭ᠎ᠠ ᠬᠢᠬᠦ ᠬᠡᠷᠡᠭᠳᠠᠢ᠃ ᠬᠤᠰᠢᠭᠤ ᠲᠤᠭ᠎ᠠ ᠪᠦᠷᠢᠳᠭᠡᠯ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠳᠠ ᠶᠢᠨ ᠪᠣᠳᠠᠳᠠᠢ ᠠᠵᠢᠯ ᠢ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃ ᠬᠤᠰᠢᠭᠤ ᠣᠬᠠᠭᠤᠯᠬᠤ ᠬᠡᠯᠳᠡᠰ ᠨᠢ ᠨᠡᠶᠢᠳᠡᠮ ᠪᠠᠶᠢᠴᠠᠭᠠᠯᠳᠠ ᠶᠢᠨ ᠣᠬᠠᠭᠤᠯᠭ᠎ᠠ ᠶᠢ ᠬᠠᠷᠢᠭᠤᠴᠠᠵᠣ᠂ ᠰᠣᠨᠢᠨ ᠮᠡᠳᠡᠭᠡ ᠵᠠᠭᠤᠴᠢᠯᠠᠭᠤᠷ ᠢ ᠵᠣᠬᠢᠶᠠᠨ ᠪᠠᠶᠢᠭᠤᠯᠣᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠤᠰᠢᠭᠤ ᠲᠣᠣᠷ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ ᠨᠢ ᠨᠡᠶᠢᠳᠡᠮ ᠪᠠᠶᠢᠴᠭᠠᠯᠳᠠ ᠶᠢᠨ ᠲᠣᠣᠷ ᠰᠦᠯᠵᠢᠶᠡᠨ ᠳᠡᠭᠡᠷᠡᠬᠢ ᠣᠬᠠᠭᠤᠯᠭ᠎ᠠ ᠶᠢᠨ ᠠᠵᠢᠯ ᠢ ᠬᠠᠷᠢᠭᠤᠴᠠᠵᠣ᠂ ᠬᠤᠰᠢᠭᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠨᠢ ᠨᠡᠶᠢᠳᠡᠮ ᠪᠠᠶᠢᠴᠠᠭᠠᠯᠳᠠ ᠶᠢᠨ ᠲᠦᠰᠦᠯ ᠪᠠ ᠣᠯᠣᠰ ᠠᠷᠠᠳ ᠤᠨ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠭᠡᠢ ᠲᠦᠯᠦᠪᠵᠢᠭᠦᠯᠭᠡ ᠪᠠ ᠲᠣᠰᠬᠠᠢ ᠲᠦᠯᠦᠪᠵᠢᠭᠦᠯᠭᠡ ᠶᠢ ᠵᠣᠯᠭᠠᠭᠤᠯᠬᠤ ᠠᠵᠢᠯ ᠢ ᠬᠠᠷᠢᠭᠤᠴᠠᠵᠣ᠂ ᠨᠡᠶᠢᠳᠡᠮ ᠪᠠᠶᠢᠴᠠᠭᠠᠯᠳᠠ ᠶᠢᠨ ᠲᠦᠬᠦᠭᠡᠷᠦᠮᠵᠢ ᠶᠢᠨ ᠪᠡᠯᠡ ᠣᠷᠣᠭᠤᠯᠣᠯᠳᠠ ᠶᠢᠨ ᠪᠠᠳᠣᠯᠠᠭ᠎ᠠ ᠶᠢ ᠬᠠᠩᠭᠠᠨ᠎ᠠ᠃ ᠬᠤᠰᠢᠭᠤ ᠰᠣᠷᠭᠠᠨ ᠬᠦᠮᠦᠵᠢᠯ ᠤᠨ ᠲᠣᠪᠴᠢᠶ᠎ᠠ ᠨᠢ ᠰᠣᠷᠭᠠᠭᠤᠯᠢ ᠳᠤ ᠪᠠᠶᠢᠭ᠎ᠠ ᠰᠣᠷᠣᠭᠴᠢᠳ ᠢ ᠨᠡᠶᠢᠳᠡᠮ ᠪᠠᠶᠢᠴᠠᠭᠠᠬᠤ ᠠᠵᠢᠯ ᠳᠤ ᠬᠠᠮᠵᠢᠯᠴᠠᠨ᠎ᠠ᠃ ᠬᠤᠰᠢᠭᠤ ᠲᠣᠳᠣᠭᠠᠳᠣ ᠶᠢ ᠬᠠᠮᠠᠭᠠᠯᠠᠬᠤ ᠲᠣᠪᠴᠢᠶ᠎ᠠ ᠨᠢ ᠡᠷᠦᠭᠡ ᠠᠮᠠ ᠶᠢᠨ ᠲᠡᠪᠳᠡᠷ ᠤᠨ ᠴᠡᠭᠴᠡᠯᠡᠯᠳᠡ ᠶᠢᠨ ᠠᠵᠢᠯ ᠢ ᠬᠠᠷᠢᠭᠤᠴᠠᠵᠣ᠂ ᠨᠡᠶᠢᠳᠡᠮ ᠪᠠᠶᠢᠴᠠᠭᠠᠯᠳᠠ ᠶᠢᠨ ᠰᠣᠷᠠᠭ ᠵᠠᠩᠭᠢ ᠶᠢᠨ ᠳᠠᠩᠰᠠᠯᠠᠯᠳᠠ᠂ ᠡᠷᠦᠭᠡ ᠠᠮᠠ ᠶᠢᠨ ᠵᠠᠰᠠᠭ ᠵᠠᠬᠢᠷᠭᠠᠨ ᠤ ᠳᠡᠮᠳᠡᠭᠯᠡᠯ ᠢ ᠬᠠᠷᠭᠤᠭᠤᠯᠬᠤ ᠠᠵᠢᠯ ᠳᠤ ᠬᠠᠮᠵᠢᠯᠴᠠᠨ᠎ᠠ᠃ ᠬᠤᠰᠢᠭᠤ ᠠᠷᠠᠳ ᠤᠨ ᠶᠠᠪᠣᠳᠠᠯ ᠤᠨ ᠲᠣᠪᠴᠢᠶ᠎ᠠ ᠨᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯᠳᠠ ᠶᠢᠨ ᠲᠠᠯ᠎ᠠ ᠪᠠᠷ ᠬᠠᠮᠵᠢᠯᠴᠠᠨ ᠵᠣᠬᠢᠴᠠᠭᠤᠯᠬᠤ ᠠᠵᠢᠯ ᠢ ᠬᠢᠵᠦ᠂ ᠨᠠᠰᠣ ᠨᠦᠭᠴᠢᠭᠰᠡᠨ ᠬᠦᠮᠦᠨ ᠤ ᠣᠷᠣᠰᠢᠭᠤᠯᠭ᠎ᠠ ᠶᠢᠨ ᠬᠠᠮᠢᠶ᠎ᠠ ᠪᠦᠬᠦᠢ ᠵᠠᠰᠠᠭ ᠵᠠᠬᠢᠷᠠᠭᠠᠨ ᠤ ᠲᠡᠮᠳᠡᠭᠯᠡᠯ ᠢ ᠬᠠᠩᠭᠠᠨ᠎ᠠ᠃ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠳᠠ ᠶᠢᠨ ᠵᠠᠷᠣᠳᠠᠯ  ᠢ ᠵᠣᠬᠢᠴᠠᠭᠤᠯᠣᠨ ᠪᠠᠳᠣᠯᠠᠬᠤ ᠠᠵᠢᠯ ᠢ ᠬᠠᠷᠢᠭᠤᠴᠠᠨ᠎ᠠ᠃ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ  ᠨᠢ ᠨᠡᠶᠢᠳᠡᠮ ᠪᠠᠶᠢᠴᠠᠭᠠᠯᠳᠠ ᠶᠢᠨ ᠵᠢᠷᠤᠭ ᠲᠦᠰᠦᠪ ᠲᠤ ᠬᠡᠷᠡᠭᠰᠡᠬᠦ ᠭᠠᠵᠠᠷ ᠵᠦᠢ ᠶᠢᠨ ᠰᠣᠷᠠᠭ ᠵᠠᠩᠭᠢ ᠶᠢᠨ ᠮᠠᠲ᠋ᠧᠷᠢᠶᠠᠯ ᠢ ᠬᠠᠩᠭᠠᠬᠤ ᠠᠵᠢᠯ ᠢ ᠬᠠᠷᠢᠭᠤᠴᠠᠨ᠎ᠠ᠃ ᠬᠤᠰᠢᠭᠤ ᠣᠷᠣᠨ ᠰᠠᠭᠤᠴᠠ ᠶᠢᠨ ᠪᠦᠳᠦᠭᠡᠨ ᠪᠠᠶᠢᠭᠤᠯᠣᠯᠳᠠ  ᠶᠢᠨ ᠲᠣᠪᠴᠢᠶ᠎ᠠ ᠨᠢ ᠬᠤᠳᠠ ᠶᠢᠨ ᠬᠠᠮᠢᠶᠠᠷᠣᠯᠳᠠ᠂ ᠭᠡᠷ ᠠᠬᠤᠢ ᠶᠢᠨ ᠬᠠᠮᠢᠶᠠᠷᠣᠯᠳᠠ ᠵᠡᠷᠭᠡ ᠰᠠᠯᠠᠭ᠎ᠠ ᠮᠦᠴᠢᠷ ᠲᠠᠢ ᠬᠠᠮᠵᠢᠯᠴᠠᠨ ᠨᠡᠶᠢᠳᠡᠮ ᠪᠠᠶᠢᠴᠠᠭᠠᠯᠳᠠ ᠶᠢᠨ ᠳᠠᠩᠰᠠᠯᠠᠯᠳᠠ ᠶᠢᠨ ᠬᠤᠭᠤᠴᠠᠭᠠᠨ ᠳᠠᠬᠢ ᠬᠠᠮᠢᠶ᠎ᠠ ᠪᠦᠬᠦᠢ ᠠᠵᠢᠯ ᠢ ᠬᠠᠮᠵᠢᠯᠴᠠᠨ ᠬᠠᠷᠢᠭᠤᠴᠠᠨ᠎ᠠ᠃ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠨᠢ ᠨᠡᠶᠢᠳᠡᠮ ᠪᠠᠶᠢᠴᠠᠭᠠᠯᠳᠠ ᠶᠢᠨ ᠠᠵᠢᠯ ᠳᠤ ᠠᠰᠢᠭᠳᠠᠢ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠲᠣᠭᠳᠠᠭᠠᠵᠣ᠂ ᠨᠡᠶᠢᠳᠡᠮ ᠪᠠᠶᠢᠴᠠᠭᠠᠯᠳᠠ ᠶᠢᠨ ᠰᠣᠷᠠᠭ ᠵᠠᠩᠭᠢ ᠶᠢ ᠲᠡᠮᠳᠡᠭᠯᠡᠨ ᠳᠠᠩᠰᠠᠯᠠᠬᠤ ᠪᠣᠯᠣᠨ ᠡᠷᠡᠭᠦᠯ ᠬᠠᠮᠠᠭᠠᠯᠠᠯ ᠲᠠᠢ ᠡᠷᠡᠭᠦᠯ ᠮᠡᠨᠳᠦ  ᠲᠠᠢ ᠬᠠᠮᠢᠶᠠᠳᠠᠢ ᠵᠠᠰᠠᠭ  ᠵᠠᠬᠢᠷᠭᠠᠨ ᠤ ᠲᠡᠮᠳᠡᠭᠯᠡᠯ ᠢ ᠬᠠᠷᠭᠤᠭᠤᠯᠬᠤ ᠠᠵᠢᠯ ᠢ ᠬᠠᠮᠵᠢᠯᠴᠠᠨ ᠬᠠᠷᠢᠭᠤᠴᠠᠨ᠎ᠠ᠃ ᠣᠳᠣᠷᠢᠳᠬᠤ ᠳᠣᠭᠤᠶᠢᠯᠠᠩ ᠤᠨ ᠪᠣᠰᠣᠳ ᠪᠦᠷᠢᠯᠳᠦᠭᠦᠨ ᠨᠢᠭᠡᠴᠡ ᠨᠢ ᠦᠪᠡᠷᠰᠡᠳ ᠤᠨ ᠡᠭᠦᠷᠭᠡ ᠬᠠᠷᠢᠭᠤᠴᠠᠯᠭ᠎ᠠ  ᠪᠠᠨ ᠦᠨᠳᠦᠰᠦᠯᠡᠨ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠵᠣᠬᠢᠴᠠᠭᠤᠯᠣᠯᠳᠠ᠂ ᠨᠡᠶᠢᠳᠡᠮ ᠪᠠᠶᠢᠴᠠᠭᠠᠯᠳᠠ  ᠶᠢᠨ ᠳᠠᠩᠰᠠᠯᠠᠯᠳᠠ ᠪᠣᠯᠣᠨ ᠣᠬᠠᠭᠤᠯᠭ᠎ᠠ ᠳᠠᠶᠢᠴᠢᠯᠠᠯᠳᠠ ᠵᠡᠷᠭᠡ ᠠᠵᠢᠯ ᠳᠤ ᠬᠠᠮᠵᠢᠯᠴᠠᠨ᠎ᠠ᠃      ︵ᠭᠤᠷᠪᠠ︶ ᠨᠡᠶᠢᠳᠡᠮ ᠪᠠᠶᠢᠴᠠᠭᠠᠯᠳᠠ ᠶᠢᠨ ᠡᠩᠨᠡᠭᠡ ᠶᠢ ᠪᠠᠶᠢᠭᠤᠯᠬᠤ᠃ ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2020﹈ 7 ᠳ᠋ᠣᠭᠠᠷ ᠲᠣᠭᠠᠳᠣ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠤ ᠨᠡᠶᠢᠳᠡᠮ ᠪᠠᠶᠢᠴᠠᠭᠠᠯᠳᠠ ᠶᠢᠨ ᠠᠵᠢᠯ ᠤᠨ ᠱᠠᠭᠠᠷᠳᠠᠯᠭ᠎ᠠ ᠪᠠᠷ ᠨᠡᠶᠢᠳᠡᠮ ᠪᠠᠶᠢᠴᠠᠭᠠᠯᠳᠠ ᠶᠢᠨ ᠠᠯᠪᠠᠨ ᠭᠡᠷ ᠤᠨ ᠠᠵᠢᠯᠳᠠᠳ ᠢ ᠨᠡᠶᠢᠭᠡᠮ ᠳᠡᠭᠡᠷ᠎ᠡ ᠠᠴᠠ ᠡᠯᠰᠡᠨ ᠬᠡᠷᠡᠭᠯᠡᠬᠦ ᠪᠣᠶᠣ ᠵᠢᠭᠡᠯᠡᠨ ᠬᠡᠷᠡᠭᠯᠡᠵᠦ᠂ ᠰᠣᠮᠣ ᠪᠠᠯᠭᠠᠰᠣ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠦᠪᠯᠡᠯ ᠨᠢ ᠨᠦᠭᠦᠴᠡᠯ ᠳᠤ ᠨᠡᠶᠢᠴᠡᠭᠰᠡᠨ ᠨᠡᠶᠢᠳᠡᠮ ᠪᠠᠶᠢᠴᠠᠭᠠᠭᠴᠢ ᠪᠠ ᠵᠢᠭᠠᠨ ᠵᠢᠯᠣᠭᠤᠳᠣᠭᠴᠢ ᠶᠢ ᠬᠠᠮᠢᠶ᠎ᠠ ᠪᠠᠶᠢᠭᠤᠯᠭ᠎ᠠ ᠨᠢᠭᠡᠴᠡ ᠠᠴᠠ ᠵᠢᠭᠡᠯᠡᠨ ᠬᠡᠷᠡᠭᠯᠡᠬᠦ ᠪᠣᠶᠣ ᠡᠯᠰᠡᠨ ᠬᠡᠷᠡᠭᠯᠡᠵᠦ ᠪᠣᠯᠣᠨ᠎ᠠ᠃ ᠡᠯ᠎ᠡ ᠨᠡᠶᠢᠳᠡᠮ ᠪᠠᠶᠢᠴᠠᠭᠠᠯᠳᠠ ᠶᠢᠨ ᠭᠠᠵᠠᠷ ᠣᠷᠣᠨ ᠨᠢ ᠬᠠᠮᠤᠭ ᠴᠦᠭᠡᠨ ᠳᠡᠭᠡᠨ 1 ᠵᠢᠭᠠᠨ ᠵᠢᠯᠣᠭᠤᠳᠣᠭᠴᠢ ᠲᠣᠬᠢᠷᠠᠭᠤᠯᠵᠣ᠂ ᠨᠡᠶᠢᠳᠡᠮ ᠪᠠᠶᠢᠴᠠᠭᠠᠯᠳᠠ ᠶᠢᠨ ᠠᠵᠢᠯ ᠤᠨ ᠪᠠᠶᠢᠷᠢᠯᠠᠭᠤᠯᠣᠯᠳᠠ᠂ ᠵᠢᠭᠠᠨ ᠵᠢᠯᠣᠭᠤᠳᠣᠯᠭ᠎ᠠ᠂ ᠱᠠᠭᠠᠷᠳᠠᠨ ᠪᠠᠶᠢᠴᠠᠭᠠᠯᠳᠠ ᠪᠣᠯᠣᠨ ᠨᠡᠶᠢᠳᠡᠮ ᠪᠠᠶᠢᠴᠠᠭᠠᠭᠴᠢ ᠶᠢᠨ ᠠᠵᠢᠯ ᠢ ᠬᠢᠨᠠᠨ᠎ᠠ᠃ ᠵᠢᠭᠠᠨ ᠵᠢᠯᠣᠭᠤᠳᠣᠭᠴᠢ ᠪᠠ ᠪᠠᠶᠢᠴᠠᠭᠠᠭᠴᠢ ᠶᠢ ᠣᠯᠣᠰ ᠤᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠣ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠵᠢᠭᠡᠯᠡᠨ ᠬᠡᠷᠡᠭᠯᠡᠵᠦ ᠪᠣᠯᠣᠨ᠎ᠠ᠃ ᠪᠠᠰᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠵᠦᠪᠯᠡᠯ ᠪᠣᠶᠣ ᠨᠡᠶᠢᠭᠡᠮ ᠳᠡᠭᠡᠷ᠎ᠡ ᠠᠴᠠ ᠡᠯᠰᠡᠨ ᠬᠡᠷᠡᠭᠯᠡᠵᠦ ᠪᠣᠯᠣᠨ᠎ᠠ᠃ ᠬᠤᠰᠢᠭᠤ ᠨᠡᠶᠢᠳᠡᠮ ᠪᠠᠶᠢᠴᠠᠭᠠᠯᠳᠠ ᠶᠢᠨ ᠠᠯᠪᠠᠨ ᠭᠡᠷ ᠨᠢ ᠵᠢᠭᠠᠨ ᠵᠢᠯᠣᠭᠤᠳᠣᠭᠴᠢ ᠪᠠᠶᠢᠴᠠᠭᠠᠭᠴᠢ ᠶᠢᠨ ᠦᠨᠳᠦᠰᠦᠨ ᠪᠠᠶᠢᠳᠠᠯ ᠤᠨ ᠰᠣᠷᠠᠭ ᠵᠠᠩᠭᠢ ᠶᠢᠨ ᠬᠦᠮᠦᠷᠭᠡ ᠪᠠᠶᠢᠭᠤᠯᠵᠣ᠂ ᠳᠡᠳᠡᠨ ᠳᠤ ᠭᠡᠨᠡᠳᠳᠡ ᠶᠢᠨ ᠬᠡᠷᠡᠭ ᠤᠨ ᠣᠬᠤᠷ ᠬᠤᠭᠤᠴᠠᠭᠠᠨ ᠤ ᠳᠠᠭᠠᠳᠬᠠᠯ ᠲᠣᠰᠢᠶᠠᠬᠤ ᠬᠡᠷᠡᠭᠳᠠᠢ᠃ ᠵᠢᠭᠠᠨ ᠵᠢᠯᠣᠭᠤᠳᠣᠭᠴᠢ ᠪᠠ ᠪᠠᠶᠢᠴᠠᠭᠠᠭᠴᠢ ᠶᠢ ᠡᠯᠰᠡᠨ ᠬᠡᠷᠡᠭᠯᠡᠬᠦ ᠠᠵᠢᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ᠃ ᠨᠡᠶᠢᠳᠡᠮ ᠪᠠᠶᠢᠴᠠᠭᠠᠯᠳᠠ ᠶᠢᠨ ᠠᠵᠢᠯ ᠤᠨ ᠡᠩᠨᠡᠭᠡᠨ  ᠤ ᠲᠣᠭᠳᠠᠭᠤᠨ ᠢ ᠪᠠᠳᠣᠯᠠᠵᠣ᠂ ᠪᠠᠶᠢᠴᠠᠭᠠᠯᠳᠠ ᠶᠢᠨ ᠠᠵᠢᠯ ᠤᠨ ᠢᠯᠭᠤᠮ ᠶᠠᠪᠣᠭᠳᠠᠬᠤ ᠶᠢ ᠪᠠᠳᠣᠯᠠᠬᠤ ᠶᠢᠨ ᠲᠦᠯᠦᠭᠡ᠂ ᠡᠯᠰᠡᠨ ᠬᠡᠷᠡᠭᠯᠡᠭᠴᠢᠳ ᠤᠨ ᠬᠦᠯᠦᠰᠦ ᠣᠯᠭᠤᠮᠵᠢ ᠶᠢ ᠴᠠᠭ ᠲᠣᠬᠠᠢ ᠳᠤᠨᠢ ᠪᠠᠳᠣᠯᠠᠵᠣ᠂ ᠵᠢᠭᠡᠯᠡᠨ ᠬᠡᠷᠡᠭᠯᠡᠭᠳᠡᠭᠰᠡᠨ ᠬᠦᠮᠦᠨ ᠤ ᠣᠣᠯ ᠤᠨ ᠪᠠᠶᠢᠭᠤᠯᠭ᠎ᠠ ᠳᠠᠬᠢ ᠴᠠᠯᠢᠩ ᠣᠯᠭᠤᠮᠵᠢ ᠪᠣᠯᠣᠨ ᠪᠣᠰᠣᠳ ᠬᠠᠷᠠᠭᠠᠯᠵᠠᠯ ᠢ ᠬᠤᠪᠢᠷᠠᠭᠤᠯᠬᠤ ᠦᠭᠡᠢ ᠪᠠᠶᠢᠵᠣ᠂ ᠣᠣᠯ ᠪᠠᠶᠢᠭᠤᠯᠭ᠎ᠠ ᠳᠠᠬᠢ ᠠᠵᠢᠯ ᠤᠨ ᠪᠠᠶᠢᠷᠢ ᠶᠢ ᠦᠯᠡᠳᠡᠭᠡᠬᠦ ᠬᠡᠷᠡᠭᠳᠠᠢ᠃ ᠨᠡᠶᠢᠳᠡᠮ ᠪᠠᠶᠢᠴᠠᠭᠠᠯᠳᠠ ᠳᠤ ᠡᠯᠰᠡᠨ ᠬᠡᠷᠡᠭᠯᠡᠭᠰᠡᠨ ᠨᠡᠶᠢᠳᠡᠮ ᠪᠠᠶᠢᠴᠠᠭᠠᠯᠳᠠ ᠶᠢᠨ ᠠᠯᠪᠠᠨ ᠭᠡᠷ ᠤᠨ ᠠᠵᠢᠯᠯᠠᠭᠴᠢ ᠪᠣᠯᠣᠨ ᠵᠢᠭᠠᠨ ᠵᠢᠯᠣᠭᠤᠳᠣᠭᠴᠢ᠂ ᠪᠠᠶᠢᠴᠠᠭᠠᠭᠴᠢ ᠶᠢᠨ ᠬᠦᠯᠦᠰᠦ ᠣᠯᠭᠤᠮᠵᠢ ᠶᠢ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠵᠠᠷᠣᠳᠠᠯ ᠠᠴᠠ ᠭᠠᠷᠭᠠᠵᠣ᠂ ᠡᠯᠰᠡᠨ ᠬᠡᠷᠡᠭᠯᠡᠭᠰᠡᠨ ᠪᠠᠶᠢᠭᠤᠯᠭ᠎ᠠ ᠨᠢ ᠣᠯᠭᠤᠨ᠎ᠠ᠃      ︵ᠳᠦᠷᠪᠡ︶ ᠵᠠᠷᠣᠳᠠᠯ ᠤᠨ ᠮᠦᠩᠭᠦ ᠶᠢᠨ ᠪᠠᠳᠣᠯᠠᠭ᠎ᠠ᠃ ︽ᠲᠦᠷᠦ ᠶᠢᠨ ᠶᠠᠪᠣᠳᠠᠯ ᠤᠨ ᠬᠤᠷᠢᠶᠠᠨ ᠤ ᠪᠦᠬᠦ ᠣᠯᠣᠰ ᠤᠨ ᠳᠣᠯᠣᠳᠣᠭᠠᠷ ᠣᠳᠠᠭᠠᠨ ᠤ ᠨᠡᠶᠢᠳᠡᠮ ᠪᠠᠶᠢᠴᠠᠭᠠᠯᠳᠠ ᠶᠢᠨ ᠠᠵᠢᠯ ᠢ ᠦᠷᠨᠢᠭᠦᠯᠬᠦ ᠲᠣᠬᠠᠢ ᠮᠡᠳᠡᠭᠳᠡᠯ︾ ︵ᠣᠯᠣᠰ ᠲᠠᠷᠬᠠᠭᠠᠭᠰᠠᠨ ﹇2019﹈ 24 ᠳ᠋ᠣᠭᠡᠷ ᠲᠣᠭᠠᠳᠣ︶ ᠮᠡᠳᠡᠭᠳᠡᠯ ᠢ ᠦᠨᠳᠦᠰᠦᠯᠡᠨ᠂ ᠪᠦᠬᠦ ᠣᠯᠣᠰ ᠤᠨ ᠳᠣᠯᠣᠳᠣᠭᠠᠷ ᠣᠳᠠᠭᠠᠨ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠵᠠᠷᠣᠳᠠᠯ ᠮᠦᠩᠭᠦ ᠶᠢ ᠲᠦᠪ ᠪᠣᠯᠣᠨ ᠣᠷᠣᠨ ᠨᠣᠳᠤᠭ ᠤᠨ ᠡᠯ᠎ᠡ ᠱᠠᠳᠣᠨ ᠤ ᠵᠠᠰᠠᠭ ᠤᠨ ᠣᠷᠳᠣᠨ ᠬᠠᠮᠳᠣ ᠪᠠᠷ ᠡᠭᠦᠷᠭᠡᠯᠡᠨ᠎ᠡ᠃ ᠡᠯ᠎ᠡ ᠱᠠᠳᠣᠨ ᠤ ᠵᠠᠰᠠᠭ  ᠤᠨ ᠣᠷᠳᠣᠨ ᠨᠢ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠵᠠᠷᠣᠳᠠᠯ ᠮᠦᠩᠭᠦ ᠶᠢ ᠵᠢᠯ ᠤᠨ ᠡᠳ᠋ ᠤᠨ ᠵᠠᠰᠠᠭ  ᠤᠨ ᠲᠦᠰᠦᠪ ᠲᠡᠭᠡᠨ ᠣᠷᠣᠭᠤᠯᠵᠣ᠂ ᠲᠤᠭ᠎ᠠ ᠶᠣᠰᠣᠭᠠᠷ ᠣᠯᠭᠤᠬᠤ ᠶᠢ ᠪᠠᠳᠣᠯᠠᠬᠤ ᠬᠡᠷᠡᠭᠳᠠᠢ᠃ ᠬᠤᠰᠢᠭᠤ ᠡᠳ᠋  ᠤᠨ ᠵᠠᠰᠠᠭ ᠤᠨ ᠲᠣᠪᠴᠢᠶ᠎ᠠ ᠨᠢ ᠬᠤᠰᠢᠭᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠠᠯᠪᠠᠨ ᠭᠡᠷ ᠤᠨ ᠡᠯᠰᠡᠨ ᠬᠡᠷᠡᠭᠯᠡᠭᠰᠡᠨ ᠬᠦᠮᠦᠨ ᠪᠣᠯᠣᠨ ᠵᠢᠭᠠᠨ ᠵᠢᠯᠣᠭᠤᠳᠣᠭᠴᠢ᠂ ᠪᠠᠶᠢᠴᠠᠭᠠᠭᠴᠢ ᠶᠢᠨ ᠬᠦᠯᠦᠰᠦ ᠣᠯᠭᠤᠮᠵᠢ ᠶᠢ ᠭᠤᠣᠯᠳᠠᠯᠭ᠎ᠠ ᠲᠠᠢ ᠨᠠᠶᠢᠳᠠᠪᠣᠷᠢᠵᠢᠭᠤᠯᠵᠣ᠂ ᠵᠢᠭᠠᠨ ᠵᠢᠯᠣᠭᠤᠳᠣᠭᠴᠢ ᠪᠠ ᠪᠠᠶᠢᠴᠠᠭᠠᠭᠴᠢ ᠶᠢᠨ ᠬᠤᠪᠢ ᠬᠦᠮᠦᠨ ᠤ ᠭᠠᠷ ᠣᠳᠠᠰᠣᠨ ᠤ ᠵᠠᠷᠣᠳᠠᠯ ᠳᠤ ᠨᠦᠬᠦᠪᠦᠷᠢ ᠣᠯᠭᠤᠬᠤ ᠬᠡᠷᠡᠭᠳᠠᠢ᠃ ᠡᠯ᠎ᠡ ᠭᠠᠵᠠᠷ ᠣᠷᠣᠨ ᠨᠢ ᠨᠡᠶᠢᠳᠡᠮ ᠪᠠᠶᠢᠴᠠᠭᠠᠯᠳᠠ ᠶᠢᠨ ᠵᠠᠷᠣᠳᠠᠯ ᠤᠨ ᠠᠰᠠᠭᠤᠳᠠᠯ ᠠᠴᠠ ᠪᠣᠯᠵᠣ ᠪᠠᠶᠢᠴᠠᠭᠠᠯᠳᠠ ᠶᠢᠨ ᠠᠵᠢᠯ ᠤᠨ ᠠᠬᠢᠴᠠ ᠪᠣᠯᠣᠨ ᠴᠢᠨᠠᠷ ᠢ ᠨᠦᠯᠦᠭᠡᠯᠡᠵᠦ ᠪᠣᠯᠬᠤ ᠦᠭᠡᠢ᠃      ᠲᠠᠪᠤ  ᠂ ᠠᠵᠢᠯ ᠤᠨ ᠱᠠᠭᠠᠷᠳᠠᠯᠭ᠎ᠠ      ︵ᠨᠢᠭᠡ︶ ᠬᠠᠣᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠳᠠᠯᠠᠬᠤ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ︽ᠲᠤᠭ᠎ᠠ ᠪᠦᠷᠢᠳᠭᠡᠯ ᠤᠨ ᠬᠠᠣᠯᠢ︾ ︽ᠲᠤᠭ᠎ᠠ ᠪᠦᠷᠢᠳᠭᠡᠯ ᠤᠨ ᠬᠠᠣᠯᠢ ᠶᠢ ᠬᠡᠷᠡᠭᠵᠢᠭᠦᠯᠬᠦ ᠲᠦᠷᠢᠮ︾ ︽ᠪᠦᠬᠦ ᠣᠯᠣᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠲᠦᠷᠢᠮ︾ ᠵᠡᠷᠭᠡ ᠬᠠᠣᠯᠢ ᠲᠣᠭᠳᠠᠭᠠᠯ ᠤᠨ ᠱᠠᠭᠠᠷᠳᠠᠯᠭ᠎ᠠ ᠪᠠᠷ ᠨᠡᠶᠢᠳᠡᠮ ᠪᠠᠶᠢᠴᠠᠭᠠᠯᠳᠠ ᠶᠢᠨ ᠡᠯ᠎ᠡ ᠲᠦᠷᠦᠯ ᠤᠨ ᠠᠵᠢᠯ ᠢ ᠨᠠᠷᠢᠨ ᠬᠢᠨᠠᠮᠠᠭᠠᠢ ᠬᠢᠬᠦ ᠬᠡᠷᠡᠭᠳᠠᠢ᠃ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠵᠦᠪᠭᠡᠨ ᠨᠡᠶᠢᠳᠡᠮ ᠪᠠᠶᠢᠴᠠᠭᠠᠯᠳᠠ ᠳᠤ ᠬᠡᠷᠡᠭᠯᠡᠵᠦ᠂ ᠪᠣᠰᠣᠳ ᠶᠠᠮᠠᠷᠪᠠ ᠰᠠᠯᠠᠭ᠎ᠠ ᠮᠦᠴᠢᠷ ᠪᠣᠯᠣᠨ ᠨᠢᠭᠡᠴᠡ ᠨᠢ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠠᠵᠢᠯ ᠳᠠᠭᠠᠨ ᠠᠰᠢᠭᠯᠠᠵᠣ ᠪᠣᠯᠬᠤ ᠦᠭᠡᠢ᠃ ᠨᠡᠶᠢᠳᠡᠮ ᠪᠠᠶᠢᠴᠠᠭᠠᠯᠳᠠ ᠳᠤ ᠬᠡᠷᠡᠭᠯᠡᠭᠰᠡᠨ ᠬᠤᠪᠢ ᠬᠦᠮᠦᠨ ᠤ ᠰᠣᠷᠠᠭ ᠵᠠᠩᠭᠢ ᠶᠢ ᠵᠠᠰᠠᠭ ᠵᠠᠬᠢᠷᠭᠠᠨ ᠤ ᠲᠣᠷᠭᠠᠭᠤᠯᠢ ᠵᠡᠷᠭᠡ ᠠᠵᠢᠯᠯᠠᠭ᠎ᠠ ᠳᠤ ᠬᠡᠷᠡᠭᠯᠡᠵᠦ ᠪᠣᠯᠬᠤ ᠦᠭᠡᠢ᠃      ︵ᠬᠤᠶᠠᠷ︶ ᠲᠤᠭ᠎ᠠ ᠪᠠᠷᠢᠮᠳᠠ ᠶᠢᠨ ᠴᠢᠨᠠᠷ ᠢ ᠪᠠᠳᠣᠯᠠᠬᠤ ᠬᠡᠷᠡᠭᠳᠠᠢ᠃ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢᠨ ᠴᠢᠨᠠᠷ ᠢ ᠮᠦᠷᠳᠡᠨ ᠪᠠᠶᠢᠴᠠᠭᠠᠬᠤ ᠪᠠ ᠬᠠᠷᠢᠭᠤᠴᠠᠯᠭ᠎ᠠ  ᠬᠡᠯᠡᠯᠴᠡᠬᠦ ᠲᠦᠷᠢᠮ ᠢ ᠬᠡᠷᠡᠭᠵᠢᠭᠦᠯᠵᠦ᠂ ᠬᠤᠰᠢᠭᠤ ᠲᠤᠭ᠎ᠠ ᠪᠦᠷᠢᠳᠭᠡᠯ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠳᠠ ᠶᠢᠨ ᠠᠵᠢᠯ ᠳᠠᠬᠢ ᠬᠠᠣᠯᠢ ᠲᠣᠭᠳᠠᠭᠠᠯ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠢᠯᠡᠷᠡᠭᠦᠯᠬᠦ ᠪᠠ ᠣᠯᠠᠨ ᠳᠤ ᠨᠡᠶᠢᠳᠡᠯᠡᠨ ᠵᠠᠯᠬᠠᠭᠠᠵᠣ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠬᠠᠷᠰᠢᠯᠠᠬᠤ ᠠᠵᠢᠯᠯᠠᠭ᠎ᠠ ᠶᠢ ᠬᠤᠷᠢᠭᠯᠠᠵᠣ᠂ ᠲᠣᠰ ᠠᠵᠢᠯ ᠤᠨ ᠢᠯᠭᠤᠮ ᠶᠠᠪᠣᠭᠳᠠᠬᠤ ᠪᠠ ᠲᠤᠭ᠎ᠠ ᠪᠦᠷᠢᠳᠭᠡᠯ ᠤᠨ ᠦᠨᠡᠨ ᠪᠣᠳᠠᠳᠠᠢ ᠣᠨᠣᠴᠢᠳᠠᠢ ᠪᠠᠶᠢᠬᠤ ᠶᠢ ᠪᠠᠳᠣᠯᠠᠬᠤ ᠬᠡᠷᠡᠭᠳᠠᠢ᠃ ᠨᠡᠶᠢᠳᠡᠮ ᠪᠠᠶᠢᠴᠠᠭᠠᠯᠳᠠ ᠶᠢᠨ ᠰᠠᠬᠢᠯᠭ᠎ᠠ ᠪᠠᠳᠣ ᠶᠢ ᠵᠦᠷᠢᠴᠡᠵᠦ᠂ ᠬᠠᠷᠢᠭᠤᠴᠠᠯᠭ᠎ᠠ ᠠᠯᠳᠠᠭᠰᠠᠳ ᠢ ᠬᠤᠰᠢᠭᠤ ᠲᠤᠭ᠎ᠠ ᠪᠦᠷᠢᠳᠭᠡᠯ ᠤᠨ ᠲᠣᠪᠴᠢᠶ᠎ᠠ ᠨᠢ ᠲᠣᠭᠳᠠᠭᠠᠯ ᠶᠣᠰᠣᠭᠠᠷ ᠰᠢᠳᠭᠡᠯ ᠤᠨ ᠰᠠᠨᠠᠭᠤᠯᠭ᠎ᠠ ᠲᠣᠷᠠᠳᠬᠤ ᠶᠢᠨ ᠬᠠᠮᠳᠣ᠂ ᠲᠣᠮᠢᠯᠠᠵᠣ ᠣᠭᠴᠠᠷᠠᠭᠤᠯᠬᠤ ᠪᠠᠶᠢᠭᠤᠯᠭ᠎ᠠ᠂ ᠰᠠᠬᠢᠯᠭ᠎ᠠ ᠪᠠᠳᠣ ᠬᠢᠨᠠᠨ ᠪᠠᠶᠢᠴᠠᠭᠠᠬᠤ ᠪᠠᠶᠢᠭᠤᠯᠭ᠎ᠠ ᠪᠣᠶᠣ ᠵᠣᠬᠢᠶᠠᠨ ᠪᠠᠶᠢᠭᠤᠯᠣᠯᠳᠠ ᠶᠢᠨ ᠰᠠᠯᠠᠭ᠎ᠠ ᠮᠦᠴᠢᠷ ︵ᠬᠦᠮᠦᠨ ᠤ ᠶᠠᠪᠣᠳᠠᠯ︶ ᠲᠤ ᠰᠢᠯᠵᠢᠬᠦᠯᠵᠦ ᠦᠭᠭᠦᠨ᠎ᠡ᠃      ︵ᠭᠤᠷᠪᠠ︶ ᠮᠡᠳᠡᠭᠡ ᠵᠠᠩᠭᠢᠴᠢᠯᠠᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠳᠠᠢ᠃ ᠪᠦᠬᠦ ᠣᠯᠣᠰ  ᠤᠨ ᠳᠣᠯᠣᠳᠣᠭᠠᠷ ᠣᠳᠠᠭᠠᠨ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠨᠢ ᠡᠯᠧᠺᠲᠷᠣᠨ ᠢᠶᠠᠷ ᠳᠠᠩᠰᠠᠯᠠᠯᠳᠠ ᠬᠢᠵᠦ᠂ ᠡᠯᠧᠺᠲᠷᠣᠨ ᠪᠦᠷᠢᠳᠭᠡᠯ ᠤᠨ ᠲᠦᠬᠦᠭᠡᠷᠦᠮᠵᠢ ︵PAD︶ ᠪᠣᠶᠣ ᠨᠡᠶᠢᠳᠡᠮ ᠪᠠᠶᠢᠴᠠᠭᠠᠭᠴᠢ ᠶᠢᠨ ᠦᠨᠡᠨ ᠨᠡᠷ᠎ᠡ ᠪᠠᠷ ᠳᠠᠩᠰᠠᠯᠠᠭᠰᠠᠨ ᠣᠶᠣᠨᠳᠣ ᠭᠠᠷ ᠣᠳᠠᠰᠣ ᠪᠠᠷ ᠲᠡᠮᠳᠡᠭᠯᠡᠨ ᠴᠠᠭ ᠲᠣᠬᠠᠢ ᠳᠤᠨᠢ ᠳᠡᠭᠡᠭᠰᠢ ᠮᠡᠳᠡᠭᠦᠯᠦᠨ᠎ᠡ᠃ ᠡᠰᠡᠭᠦᠯ᠎ᠡ ᠪᠠᠶᠢᠴᠠᠭᠠᠭᠳᠠᠬᠤ ᠡᠳᠡᠭᠡᠳ ᠰᠦᠯᠵᠢᠶ᠎ᠡ ᠪᠠᠷ ᠳᠠᠮᠵᠢᠨ ᠦᠪᠡᠷᠳᠡᠭᠡᠨ ᠲᠠᠭᠯᠠᠨ ᠮᠡᠳᠡᠭᠦᠯᠬᠦ ᠠᠷᠭ᠎ᠠ ᠪᠠᠷ ᠶᠠᠪᠣᠭᠳᠠᠨ᠎ᠠ᠃ ᠨᠡᠶᠢᠳᠡᠮ ᠪᠠᠶᠢᠴᠠᠭᠠᠯᠳᠠ ᠶᠢᠨ ᠭᠠᠵᠠᠷ ᠣᠷᠣᠨ ᠪᠦᠬᠦᠨ ᠨᠢ ᠬᠠᠮᠤᠭ ᠪᠠᠭ᠎ᠠ ᠳᠠᠭᠠᠨ 1 — 2 PAD ᠬᠡᠷᠡᠭᠯᠡᠵᠦ᠂ ᠪᠠᠶᠢᠴᠠᠭᠠᠯᠳᠠ ᠶᠢᠨ ᠣᠷᠣᠨ ᠤ ᠵᠢᠷᠤᠭ ᠲᠦᠰᠦᠪ ᠢ ᠬᠢᠬᠦ ᠵᠡᠷᠭᠡ ᠠᠵᠢᠯ ᠳᠤ ᠬᠡᠷᠡᠭᠯᠡᠨ᠎ᠡ᠃ ᠰᠠᠯᠠᠭ᠎ᠠ ᠮᠦᠴᠢᠷ ᠵᠠᠰᠠᠭ ᠵᠠᠬᠢᠷᠭᠠᠨ ᠤ ᠳᠠᠩᠰᠠᠯᠠᠯᠳᠠ ᠶᠢ ᠨᠡᠶᠢᠳᠡᠮ ᠬᠡᠷᠡᠭᠯᠡᠵᠦ᠂ ᠶᠡᠭᠡ ᠲᠤᠭ᠎ᠠ ᠪᠠᠷᠢᠮᠳᠠ ᠶᠢ ᠪᠠᠶᠢᠴᠠᠭᠠᠯᠳᠠ ᠳᠤ ᠠᠰᠢᠭᠯᠠᠨ᠂ ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢ ᠴᠣᠭᠯᠠᠭᠤᠯᠣᠨ ᠰᠢᠢᠳᠪᠦᠷᠢᠯᠡᠬᠦ ᠦᠷ᠎ᠡ ᠠᠰᠢᠭ ᠢ ᠨᠡᠮᠡᠭᠳᠡᠭᠦᠯᠦᠨ᠎ᠡ᠃ ᠡᠷᠭᠡᠳᠦ ᠠᠷᠠᠳ ᠤᠨ ᠬᠤᠪᠢ ᠬᠦᠮᠦᠨ ᠤ ᠰᠣᠷᠠᠭ ᠵᠠᠩᠭᠢ ᠶᠢ ᠬᠠᠮᠠᠭᠠᠯᠠᠬᠤ ᠠᠵᠢᠯ ᠢ ᠴᠢᠩᠭᠠᠳᠬᠠᠵᠣ᠂ ᠨᠢᠭᠤᠴᠠ ᠶᠢ ᠬᠠᠮᠠᠭᠠᠯᠠᠵᠣ᠂ ᠶᠠᠮᠠᠷᠪᠠ ᠪᠠᠶᠢᠭᠤᠯᠣᠮᠵᠢ᠂ ᠨᠢᠭᠡᠴᠡ᠂ ᠬᠤᠪᠢ ᠬᠦᠮᠦᠨ ᠳᠤ ᠡᠷᠭᠡᠳᠦ ᠠᠷᠠᠳ ᠤᠨ ᠰᠣᠷᠠᠭ ᠵᠠᠩᠭᠢ ᠶᠢ ᠵᠠᠳᠠᠷᠠᠭᠤᠯᠵᠣ ᠪᠣᠯᠬᠤ ᠦᠭᠡᠢ᠃      ︵ᠳᠦᠷᠪᠡ︶ ᠣᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠳᠠᠢ᠃ ᠬᠤᠰᠢᠭᠤ ᠡᠯ᠎ᠡ ᠨᠡᠶᠢᠳᠡᠮ ᠪᠠᠶᠢᠴᠭᠠᠯᠳᠠ ᠶᠢᠨ ᠨᠢᠭᠡᠴᠡ ᠨᠢ ᠣᠬᠠᠭᠤᠯᠭ᠎ᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ ᠨᠡᠶᠢᠳᠡᠮ ᠪᠠᠶᠢᠴᠠᠭᠠᠯᠳᠠ  ᠶᠢᠨ ᠣᠬᠠᠭᠤᠯᠭ᠎ᠠ ᠶᠢ ᠲᠦᠯᠦᠪᠯᠡᠨ ᠵᠣᠬᠢᠶᠠᠨ ᠪᠠᠶᠢᠭᠤᠯᠵᠣ᠂ ᠣᠯᠠᠨ ᠵᠦᠢᠯ ᠤᠨ ᠠᠷᠭ᠎ᠠ ᠪᠠᠷᠢᠯ ᠢᠶᠠᠷ ᠨᠡᠶᠢᠳᠡᠮ ᠪᠠᠶᠢᠴᠠᠭᠠᠯᠳᠠ ᠶᠢᠨ ᠴᠢᠬᠤᠯᠠ ᠶᠡᠭᠡ ᠣᠳᠬ᠎ᠠ ᠣᠴᠢᠷ ᠢ ᠦᠷᠭᠡᠨ ᠢᠶᠠᠷ ᠣᠬᠠᠭᠤᠯᠵᠣ᠂ ᠦᠷᠭᠡᠨ ᠣᠯᠠᠨ ᠪᠠᠶᠢᠴᠠᠭᠠᠭᠳᠠᠬᠤ ᠡᠳᠡᠭᠡᠳ ᠤᠨ ᠬᠠᠣᠯᠢ ᠶᠣᠰᠣᠭᠠᠷ ᠨᠡᠶᠢᠳᠡᠮ ᠪᠠᠶᠢᠴᠠᠭᠠᠯᠳᠠ ᠳᠤ ᠬᠠᠮᠵᠢᠯᠴᠠᠵᠣ᠂ ᠣᠬᠢ ᠰᠠᠶᠢᠨ ᠠᠵᠢᠯ ᠤᠨ ᠣᠷᠴᠢᠨ ᠢ ᠪᠦᠷᠢᠯᠳᠦᠭᠦᠯᠬᠦ ᠬᠡᠷᠡᠭᠳᠠᠢ᠃ᠳᠠᠭᠠᠭᠯᠳᠣᠭᠤᠯᠣᠯ᠄ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠦᠬᠦ ᠣᠯᠣᠰ ᠤᠨ ᠳᠣᠯᠣᠳᠣᠭᠠᠷ ᠣᠳᠠᠭᠠᠨ ᠤ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠣᠳᠣᠷᠢᠳᠬᠤ ᠳᠣᠭᠤᠶᠢᠯᠠᠩ ᠤᠨ ᠪᠦᠷᠢᠯᠳᠦᠭᠦᠨ ᠤ ᠨᠡᠷᠡᠰ               ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                        2020 ᠣᠨ ᠤ 2 ᠰᠠᠷ᠎ᠠ ᠶᠢᠨ15 ᠤ ᠡᠳᠦᠷ ᠳᠠᠭᠠᠯᠳᠣᠭᠤᠯᠣᠯ          ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ          ᠪᠦᠬᠦ ᠣᠯᠣᠰ ᠤᠨ ᠳᠣᠯᠣᠳᠣᠭᠠᠷ ᠣᠳᠠᠭᠠᠨ ᠤ ᠬᠦᠮᠦᠨ ᠠᠮᠠ ᠶᠢᠨ ᠨᠡᠶᠢᠳᠡᠮ          ᠪᠠᠶᠢᠴᠠᠭᠠᠯᠳᠠ ᠶᠢᠨ ᠣᠳᠣᠷᠢᠳᠬᠤ ᠳᠣᠭᠤᠶᠢᠯᠠᠩ ᠤᠨ ᠪᠦᠷᠢᠯᠳᠦᠭᠦᠨ ᠤ ᠨᠡᠷᠡᠰ ᠳᠣᠭᠤᠶᠢᠯᠠᠩ ᠤᠨ ᠳᠠᠷᠤᠭ᠎ᠠ᠄  ᠨᠠᠨᠳᠢᠨ      ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠᠳᠡᠳ᠋ ᠳᠣᠭᠤᠶᠢᠯᠠᠩ ᠤᠨ ᠲᠠᠷᠤᠭ᠎ᠠ᠄  ᠨᠣᠮᠢᠨ      ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢᠴᠢᠷᠮᠠᠢ             ᠬᠤᠰᠢᠭᠤ ᠲᠤᠭ᠎ᠠ ᠪᠦᠷᠢᠳᠭᠡᠯ ᠤᠨ ᠲᠣᠪᠴᠢᠶᠠᠨ ᠲᠠᠷᠤᠭ᠎ᠠᠴᠣ  ᠰᠠᠷᠠᠭᠤᠯ      ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ ᠤᠨ ᠳᠡᠳ᠋ ᠲᠠᠷᠤᠭ᠎ᠠᠯᠢᠦ ᠡᠾᠦ᠋ᠩ ᠲᠣᠣ  ᠬᠤᠰᠢᠭᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢᠪᠣᠯᠠᠭ              ᠬᠤᠰᠢᠭᠤ ᠡᠳ᠋ ᠤᠨ ᠵᠠᠰᠠᠭ ᠤᠨ ᠲᠣᠪᠴᠢᠶᠠᠨ ᠲᠠᠷᠤᠭ᠎ᠠᠲᠠᠩ ᠸᠧᠨ ᠱᠧᠩ   ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠲᠠᠷᠤᠭ᠎ᠠᠸᠠᠩ ᠢ ᠰᠥᠩ     ᠬᠤᠰᠢᠭᠤ ᠣᠷᠣᠨ ᠰᠠᠭᠤᠴᠠ ᠪᠠ ᠪᠦᠲᠦᠭᠡᠨ ᠪᠠᠶᠢᠭᠤᠯᠣᠯᠳᠠ ᠶᠢᠨ ᠲᠣᠪᠴᠢᠶᠠᠨ ᠲᠠᠷᠤᠭ᠎ᠠᠰᠡᠴᠡᠨᠪᠢᠯᠢᠭ        ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠲᠦ ᠶᠢᠨ ᠵᠦᠪᠯᠡᠯ ᠤᠨ ᠡᠷᠬᠢᠯᠡᠭᠴᠢᠭᠤᠣ ᠸᠧᠢ          ᠬᠤᠰᠢᠭᠤ ᠲᠣᠳᠣᠭᠠᠳᠣ ᠶᠢ ᠬᠠᠮᠠᠭᠠᠯᠠᠬᠤ ᠲᠣᠪᠴᠢᠶᠠᠨ ᠤ ᠪᠠᠶᠢᠩᠭᠤ ᠶᠢᠨ ᠳᠡᠳ᠋ ᠲᠣᠪᠴᠢᠶᠠᠨ ᠲᠠᠷᠤᠭ᠎ᠠᠪᠦᠷᠢᠯᠳᠦᠭᠦᠨ᠄ ᠬᠤᠣ ᠭᠥᠸᠧ ᠳ᠋ᠦᠩ      ᠬᠤᠰᠢᠭᠤ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ ᠳᠡᠳ᠋ ᠱᠦᠵᠢᠰᠥᠨ ᡁᠢ ᠭᠤᠸᠠᠩ   ᠬᠤᠰᠢᠭᠤ ᠨᠠᠮ ᠤᠨ ᠬᠤᠷᠢᠶᠠᠨ ᠤ ᠲᠣᠣᠷ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢᠸᠠᠩ ᠭᠦᠢ ᠶᠢᠩ     ᠬᠤᠰᠢᠭᠤ ᠰᠣᠷᠭᠠᠨ ᠬᠦᠮᠦᠵᠢᠯ ᠤᠨ ᠲᠣᠪᠴᠢᠶᠠᠨ ᠤ ᠳᠡᠳ᠋ ᠳᠠᠷᠤᠭ᠎ᠠᠶᠠᠩ ᠸᠧᠨ ᠪᠢᠨ     ᠬᠤᠰᠢᠭᠤ ᠠᠵᠣ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠣᠪᠴᠢᠶᠠᠨ ᠤ ᠳᠡᠳ᠋ ᠲᠠᠷᠤᠭ᠎ᠠᠦᠨᠡᠨᠬᠦᠦ           ᠬᠤᠰᠢᠭᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠳᠡᠳ᠋ ᠡᠷᠬᠢᠯᠡᠭᠴᠢᠦ᠋ ᠶᠠᠨ ᠬᠤᠸᠠ      ᠬᠤᠰᠢᠭᠤ ᠠᠷᠠᠳ ᠤᠨ ᠶᠠᠪᠣᠳᠠᠯ ᠤᠨ ᠲᠣᠪᠴᠢᠶᠠᠨ ᠤ ᠳᠡᠳ᠋ ᠲᠠᠷᠤᠭ᠎ᠠᠰᠡᠷᠭᠦᠯᠡᠩ           ᠬᠤᠰᠢᠭᠤ ᠬᠠᠣᠯᠢ ᠴᠠᠭᠠᠵᠠ ᠶᠢᠨ ᠲᠣᠪᠴᠢᠶᠠᠨ ᠤ ᠳᠡᠳ᠋ ᠲᠠᠷᠤᠭ᠎ᠠᠣᠷᠢᠬᠠᠨ           ᠬᠤᠰᠢᠭᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠣᠯᠠᠭ᠎ᠠ ᠶᠢᠨ ᠲᠣᠪᠴᠢᠶᠠᠨ ᠤ ᠳᠡᠳ᠋ ᠲᠠᠷᠤᠭ᠎ᠠᠰᠦᠨ ᠭᠥᠸᠧ ᠹᠧᠩ   ᠬᠤᠰᠢᠭᠤ ᠵᠠᠮ ᠬᠠᠷᠢᠯᠴᠠᠭᠠᠨ ᠤ ᠲᠣᠪᠴᠢᠶᠠᠨ ᠤ ᠳᠡᠳ᠋ ᠲᠠᠷᠤᠭ᠎ᠠᠣᠷᠠᠨ᠎ᠠ             ᠬᠤᠰᠢᠭᠤ ᠲᠠᠷᠢᠶᠠᠯᠠᠩ ᠮᠠᠯ ᠠᠵᠣ ᠠᠬᠤᠢ ᠪᠠ ᠲᠧᠭᠨᠢᠭ ᠮᠡᠷᠭᠡᠵᠢᠯ ᠤᠨ ᠲᠣᠪᠴᠢᠶᠠᠨ ᠤ ᠳᠡᠳ᠋ ᠲᠠᠷᠤᠭ᠎ᠠᠰᠠᠶᠢᠨᠵᠠᠶᠠᠭ᠎ᠠ         ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠣᠪᠴᠢᠶᠠᠨ ᠤ ᠳᠡᠳ᠋ ᠳᠠᠷᠤᠭ᠎ᠠᠵᠠᠩ ᠱᠤᠸᠠᠨ ᠪᠢᠨ      ᠬᠤᠰᠢᠭᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠲᠣᠪᠴᠢᠶᠠᠨ ᠤ ᠳᠡᠳ᠋ ᠳᠠᠷᠤᠭ᠎ᠠᠯᠢ ᠭᠥᠸᠧ ᠱᠧᠩ      ᠬᠤᠰᠢᠭᠤ ᠲᠤᠭ᠎ᠠ ᠪᠦᠷᠢᠳᠭᠡᠯ ᠤᠨ ᠲᠣᠪᠴᠢᠶᠠᠨ ᠤ ᠳᠡᠳ᠋ ᠳᠠᠷᠤᠭ᠎ᠠᠣᠯᠠᠭᠠᠠᠴᠢᠮᠡᠭ         ᠬᠤᠰᠢᠭᠤ ᠲᠤᠭ᠎ᠠ ᠪᠦᠷᠢᠳᠭᠡᠯ ᠤᠨ ᠲᠣᠪᠴᠢᠶᠠᠨ ᠤ ᠳᠡᠳ᠋ ᠳᠠᠷᠤᠭ᠎ᠠᠱᠢᠷᠦ                ᠬᠤᠰᠢᠭᠤ ᠲᠤᠭ᠎ᠠ ᠪᠦᠷᠢᠳᠭᠡᠯ ᠤᠨ ᠲᠣᠪᠴᠢᠶᠠᠨ ᠤ ᠬᠤᠳᠠ ᠬᠦᠳᠡᠭᠡ ᠶᠢᠨ ᠠᠵᠣ ᠠᠬᠤᠢ  ᠶᠢᠨ ᠪᠠᠶᠢᠴᠠᠭᠠᠯᠳᠠ ᠶᠢᠨ ᠶᠡᠭᠡ ᠠᠩᠭᠢ ᠶᠢᠨ ᠳᠠᠷᠤᠭ᠎ᠠᠠᠯᠳᠠᠨᠰᠣᠪᠣᠳ        ᠬᠤᠰᠢᠭᠤ ᠭᠠᠳᠠᠭᠠᠳᠣ ᠶᠠᠪᠣᠳᠠᠯ ᠤᠨ ᠠᠯᠪᠠᠨ ᠭᠡᠷ ᠤᠨ ᠳᠡᠳ᠋ ᠡᠷᠬᠢᠯᠡᠭᠴᠢᠪᠣᠯᠣᠷ               ᠬᠤᠰᠢᠭᠤ ᠷᠠᠳᠢᠤ᠋ ᠲᠧᠯᠸᠢᠰ ᠬᠤᠷᠢᠶᠠᠨ ᠤ ᠳᠠᠷᠤᠭ᠎ᠠ ᠶᠢᠨ ᠸᠠᠩ           ᠰᠠᠶᠢᠬᠠᠨᠳᠠᠯ᠎ᠠ ᠪᠠᠯᠭᠠᠰᠣᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠣᠨ ᠳᠠᠷᠤᠭ᠎ᠠᠯᠥᠸᠧ ᠡᠾᠦ᠋ᠩ ᠪᠢᠨ  ᠵᠢᠷᠦᠭᠡ ᠪᠠᠯᠭᠠᠰᠣᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠣᠨ ᠲᠠᠷᠤᠭ᠎ᠠᠪᠣᠣ ᠴᠢᠩ            ᠦᠷᠭᠡᠨᠳᠡᠯ᠎ᠠ ᠪᠠᠯᠭᠠᠰᠣᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠣᠨ ᠲᠠᠷᠤᠭ᠎ᠠᠴᠣᠭᠳᠣ              ᠡᠷᠢᠶᠡᠠᠨᠠᠭᠤᠷ ᠰᠣᠮᠣᠨ ᠤ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠᠣᠳᠬᠠᠨᠪᠠᠭᠠᠳᠣᠷ      ᠰᠠᠩᠪᠣᠯᠠᠭ ᠰᠣᠮᠣᠨ ᠤ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠᠰᠣᠶᠣᠯᠳᠣ             ᠰᠠᠶᠢᠬᠠᠠᠠᠦ᠋ᠯᠵᠠᠢ ᠰᠣᠮᠣᠨ ᠤ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠᠰᠣᠶᠣᠯᠪᠦ᠋ᠷᠢᠨ         ᠠᠴᠢᠳᠣᠠᠠᠭᠤᠯᠠ ᠰᠣᠮᠣᠨ ᠤ ᠨᠠᠮ ᠤᠨ ᠬᠤᠷᠢᠶᠠᠨ ᠤ ᠳᠡᠳ᠋ ᠱᠦᠵᠢ᠂ ᠰᠣᠮᠣᠨ ᠳᠠᠷᠤᠭ᠎ᠠ      ᠣᠳᠣᠷᠢᠳᠬᠤ ᠳᠣᠭᠤᠶᠢᠯᠠᠩ ᠤᠨ ᠠᠯᠪᠠᠨ ᠭᠡᠷ ᠢ ᠬᠤᠰᠢᠭᠤ ᠲᠤᠭ᠎ᠠ ᠪᠦᠷᠢᠳᠭᠡᠯ ᠤᠨ ᠲᠣᠪᠴᠢᠶᠠᠨ ᠳᠤ ᠪᠠᠶᠢᠭᠤᠯᠵᠣ᠂ ᠠᠯᠪᠠᠨ ᠭᠡᠷ ᠤᠨ ᠡᠷᠬᠢᠯᠡᠭᠴᠢ ᠶᠢ ᠲᠤᠭ᠎ᠠ ᠪᠦᠷᠢᠳᠭᠡᠯ ᠤᠨ ᠲᠣᠪᠴᠢᠶᠠᠨ ᠳᠠᠷᠤᠭ᠎ᠠ ᠴᠢᠷᠮᠠᠢ ᠬᠠᠪᠰᠣᠷᠭᠠᠨ ᠬᠠᠷᠢᠭᠤᠴᠠᠵᠣ᠂ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠶᠢ ᠬᠤᠰᠢᠭᠤ ᠲᠤᠭ᠎ᠠ ᠪᠦᠷᠢᠳᠭᠡᠯ ᠤᠨ ᠲᠣᠪᠴᠢᠶᠠᠨ ᠤ ᠳᠡᠳ᠋ ᠲᠠᠷᠤᠭ᠎ᠠ ᠣᠯᠠᠭᠠᠨᠴᠢᠮᠡᠭ ᠬᠠᠪᠰᠣᠷᠭᠠᠨ ᠬᠠᠷᠢᠭᠤᠴᠠᠨ᠎ᠠ᠃           ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ               2020 ᠣᠨ ᠤ 2 ᠰᠠᠷ᠎ᠠ ᠶᠢᠨ 15 ᠤ ᠡᠳᠦᠷ ᠲᠠᠷᠣᠮᠠᠯᠯᠠᠨ ᠲᠠᠷᠬᠠᠭᠠᠪᠠ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号