ᠮᠠᠯᠴᠢᠨ ᠲᠦᠮᠡᠨ ᠳᠤ ᠪᠠᠨ ᠲᠦᠷᠦ ᠶᠢᠨ ᠪᠤᠲᠤᠯᠭ᠎ᠠ ᠶᠢ ᠤᠶᠢᠯᠭᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/5/5
                                 ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ      ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠶᠢᠯᠠᠩ᠂ ᠭᠠᠴᠠᠭᠠᠨ ᠤ ᠨᠠᠮ ᠤᠨ ᠡᠭᠦᠷ᠂ ᠠᠷᠠᠳ ᠤᠨ ᠵᠦᠪᠯᠡᠯ  ᠤᠨ ᠬᠢᠨ ᠪᠠ ᠰᠠᠶᠢᠨ ᠲᠤᠷᠠᠴᠢᠳ ᠤᠨ ᠪᠦᠷᠢᠯᠲᠦᠭᠦᠨ ᠲᠠᠢ ᠳᠠᠯ᠎ᠠ ᠨᠤᠳᠤᠭ ᠤᠨ ᠰᠤᠷᠤᠯᠴᠠᠯᠭ᠎ᠠ ᠶᠢᠨ ᠬᠦᠩᠭᠡᠨ ᠮᠤᠷᠢᠳᠦ ᠴᠡᠷᠢᠭ ᠤᠨ ᠰᠠᠯᠪᠤᠷᠢ ᠠᠩᠭᠢ ᠶᠢᠨ ᠬᠢᠨ ᠠᠷᠠᠳ ᠲᠤ ᠠᠰᠢᠭ ᠲᠠᠢ ᠲᠦᠷᠦ ᠶᠢᠨ ᠪᠤᠲᠤᠯᠭ᠎ᠠ ᠶᠢ ᠮᠠᠯᠴᠢᠨ ᠲᠦᠮᠡᠨ ᠳᠤ ᠪᠠᠨ ᠤᠬᠠᠭᠤᠯᠤᠨ ᠲᠠᠶᠢᠯᠪᠤᠷᠢᠯᠠᠵᠤ᠂ ᠶᠠᠲᠠᠭᠤ ᠠᠴᠠ ᠠᠩᠬᠢᠵᠢᠷᠠᠨ᠂ ᠴᠢᠨᠡᠭᠡᠯᠢᠭᠵᠢᠯ ᠤᠨ ᠵᠠᠮ ᠢᠶᠠᠨ ᠡᠯᠭᠦᠭᠦ ᠳᠤ ᠤᠶᠤᠨ ᠰᠠᠨᠠᠭᠠᠨ ᠤ ᠡᠷᠴᠢ ᠬᠦᠴᠦ ᠨᠡᠮᠡᠯ᠎ᠡ᠃
     ᠤᠬᠠᠭᠤᠯᠤᠨ ᠲᠠᠶᠢᠯᠪᠤᠷᠢᠯᠠᠬᠤ ᠠᠩᠬᠢ ᠶᠢᠨ ᠬᠢᠨ᠂ ᠦᠷᠭᠡᠨᠳᠡᠯ᠎ᠡ ᠪᠠᠯᠭᠠᠰᠤᠨ ᠤ ᠪᠠᠶᠠᠨᠴᠢᠯᠠᠭᠤ ᠭᠠᠴᠠᠭᠠᠨ ᠤ ᠨᠠᠮ ᠤᠨ ᠭᠡᠰᠢᠬᠦᠨ ᠤ ᠭᠤᠤᠯᠳᠠᠯᠭᠠᠳᠤ ᠡᠷᠦᠬᠡ ᠬᠠᠮᠲᠤᠪᠠᠷ   ᠤᠨ ᠳᠤ ᠴᠤᠭᠯᠠᠭᠰᠠᠨ ᠮᠠᠯᠴᠢᠨ ᠲᠦᠮᠡᠨ ᠳᠤ ᠪᠠᠨ ︽ᠪᠦᠬᠦ ᠳᠠᠯ᠎ᠠ ᠪᠠᠷ ᠴᠢᠨᠡᠭᠡᠯᠢᠭᠵᠢᠬᠦ ᠰᠢᠢᠳᠪᠦᠷᠢᠳᠦ ᠠᠮᠵᠢᠯᠳᠠ ᠶᠢ ᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠢᠯᠠᠯᠳᠠ ᠶᠢ ᠳᠡᠮᠡᠴᠡᠨ ᠤᠯᠤᠶ᠎ᠠ︾ ᠬᠡᠬᠦ ᠭᠤᠤᠯ ᠰᠡᠲᠦᠪ ᠤᠨ ᠲᠤᠭᠤᠷᠢᠨ ᠳᠤ᠂ ᠮᠠᠯ ᠠᠵᠤ ᠠᠬᠤᠢ ᠶᠢᠨ ᠦᠢᠯᠡᠳᠪᠦᠷᠢᠯᠡᠯ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ᠂ ᠡᠷᠡᠬᠦᠯ ᠮᠡᠨᠳᠦ ᠪᠠᠷ ᠶᠠᠳᠠᠭᠤ ᠶᠢ ᠳᠡᠳᠬᠦᠬᠦ᠂ ᠡᠮ ᠡᠮᠨᠡᠯᠭᠡ ᠶᠢᠨ ᠪᠠᠳᠤᠯᠠᠭ᠎ᠠ᠂ ᠨᠠᠮ ᠤᠨ ᠪᠠᠶᠢᠭᠤᠯᠤᠯᠳᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠬᠤ ᠵᠡᠷᠭᠡ ᠠᠷᠠᠳ ᠲᠤ ᠠᠰᠢᠭ ᠲᠠᠢ ᠲᠦᠷᠦ ᠶᠢᠨ ᠪᠤᠲᠤᠯᠭ᠎ᠠ ᠶᠢ ᠤᠯᠠᠮᠵᠢᠯᠠᠭᠰᠠᠨ ᠤ ᠬᠠᠮᠲᠤ᠂ ᠮᠠᠯᠴᠢᠳ  ᠤᠨ ᠳᠤᠷᠠᠳᠤᠭᠰᠠᠨ ᠠᠰᠠᠭᠤᠯᠲᠠ ᠳᠤ ᠤᠶᠢᠯᠭᠠᠮᠵᠢᠲᠠᠢ ᠬᠠᠷᠢᠭᠤᠯᠲᠠ ᠦᠭᠭᠦᠯ᠎ᠡ᠃
     ᠮᠠᠯᠴᠢᠨ ᠤᠷᠬᠢᠯ᠄  ᠰᠦᠨᠢᠳ ᠬᠤᠨᠢ ᠶᠢ ᠦᠰᠬᠡᠬᠦ ᠪᠠ ᠭᠠᠴᠠᠭᠠᠨ ᠤ ᠠᠵᠤ ᠦᠢᠯᠡᠰ ᠢ ᠬᠦᠭᠵᠢᠭᠦᠯᠭᠦ ᠲᠤᠬᠠᠢ  ᠶᠠᠮᠠᠷ ᠲᠦᠷᠥ ᠶᠢᠨ ᠪᠤᠲᠤᠯᠭ᠎ᠠ ᠪᠠᠶᠢᠬᠤ ᠪᠤᠯ︖      ᠬᠠᠷᠢᠭᠤᠯᠲᠠ᠄ ᠳᠠᠷᠠᠭᠠᠴᠢ ᠶᠢᠨ ᠠᠯᠬᠤᠮ ᠳᠤ᠂ ᠦᠪᠡᠷᠳᠡᠭᠡᠨ ᠵᠠᠰᠠᠬᠤ ᠤᠷᠤᠨ ᠤ ᠬᠡᠷᠡᠭᠯᠡᠭᠡ ᠪᠠᠷ ᠶᠠᠳᠠᠭᠤ  ᠶᠢ ᠳᠡᠳᠬᠦᠬᠦ ᠲᠦᠷᠦ ᠶᠢᠨ ᠪᠤᠳᠤᠯᠭ᠎ᠠ ᠶᠢᠨ ᠲᠠᠭᠠᠤ᠂ ᠰᠦᠨᠢᠳ ᠦᠬᠡᠷ ᠬᠤᠨᠢᠨ ᠮᠢᠬ᠎ᠠ ᠶᠢ ᠰᠢᠭᠤᠳ ᠡᠵᠡᠩᠨᠡᠬᠦ ᠭᠠᠵᠠᠷ ᠪᠠᠶᠢᠭᠤᠯᠵᠤ᠂ ᠭᠠᠴᠠᠭᠠᠨ ᠤ ᠮᠠᠯᠴᠢᠨ ᠡᠷᠦᠬᠡ᠂ ᠤᠨᠴᠠᠭᠠᠶᠢᠯᠠᠨ ᠶᠠᠳᠠᠭᠤ ᠡᠷᠦᠬᠡ ᠶᠢᠨ ᠦᠬᠡᠷ ᠬᠤᠨᠢᠨ ᠮᠢᠬ᠎ᠠ  ᠶᠢ ᠬᠦᠢᠳᠡᠨ ᠬᠦᠮᠦᠷᠭᠡ ᠶᠢᠨ ᠬᠤᠳᠠᠯᠳᠤᠨ ᠠᠪᠬᠤ ᠦᠨ᠎ᠡ ᠠᠴᠠ ᠦᠨᠳᠦᠷ ᠦᠨ᠎ᠡ ᠪᠠᠷ ᠬᠤᠳᠠᠯᠳᠤᠨ ᠠᠪᠴᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠪᠠᠷᠠᠬᠤ ᠦᠬᠡᠢ ᠭᠡᠷᠡᠭᠯᠡᠭᠴᠢᠳ ᠲᠤ ᠴᠦ ᠴᠤᠯᠤ ᠪᠠᠶᠢᠭᠠᠯᠢᠯᠢᠭ ᠰᠦᠨᠢᠳ ᠬᠤᠨᠢᠨ ᠮᠢᠬ᠎ᠠ ᠤᠯᠵᠤ ᠢᠳᠡᠬᠦ ᠪᠤᠯᠤᠮᠵᠢ ᠶᠢ ᠤᠯᠭᠤᠨ᠎ᠠ  ᠃      ᠡᠶᠢᠨᠬᠦ ᠬᠠᠨᠤᠮᠵᠢᠲᠠᠢ ᠬᠠᠷᠢᠭᠤᠯᠲᠠ ᠶᠢ ᠰᠤᠨᠤᠰᠤᠭᠰᠠᠨ ᠤᠯᠠᠨ ᠢᠶᠠᠷ ᠢᠶᠠᠨ ᠤᠨᠴᠠ ᠪᠠᠶᠠᠷᠲᠠᠢ ᠪᠠᠶᠢᠯ᠎ᠠ᠃      ᠤᠬᠠᠭᠤᠯᠤᠨ ᠳᠠᠶᠢᠯᠪᠤᠷᠢᠯᠠᠬᠤ ᠰᠠᠯᠪᠤᠷᠢ ᠠᠩᠭᠢ ᠶᠢᠨ ᠬᠢᠨ ᠺᠠᠷᠲ ᠳᠤ ᠳᠠᠩᠰᠠᠯᠠᠭᠳᠠᠭᠰᠠᠨ ᠶᠠᠳᠠᠭᠤ ᠡᠷᠦᠬᠡ ᠰᠤᠨᠢᠠᠭᠡᠷᠡᠯ ᠤᠨ ᠳᠤ ᠬᠦᠷᠴᠦ ᠬᠠᠨᠳᠤᠯᠭᠠᠳᠤ ᠴᠢᠨᠠᠷᠳᠠᠢ ᠳᠠᠶᠢᠯᠤᠮᠵᠢ ᠬᠢᠯ᠎ᠡ᠃ 2016 ᠤᠨ ᠳᠤ ᠶᠡᠭᠡ ᠰᠤᠷᠭᠠᠭᠤᠯᠢ ᠳᠤ ᠲᠠᠪᠰᠢᠭᠰᠠᠨ ᠬᠤᠶᠠᠷ ᠬᠡᠦᠭᠡᠳ ᠤᠨ ᠢᠶᠠᠨ ᠰᠤᠷᠤᠯᠭ᠎ᠠ ᠶᠢᠨ ᠵᠠᠷᠤᠲᠠᠯ ᠳᠤ ᠭᠠᠴᠢᠭᠲᠠᠭᠰᠠᠨ ᠰᠢᠯᠲᠠᠭᠠᠨ ᠢᠶᠠᠷ  ᠶᠠᠲᠠᠭᠤ ᠡᠷᠦᠭᠡ ᠳᠤ ᠬᠠᠮᠤᠷᠤᠭᠲᠠᠨ ᠡᠳᠡᠨ ᠤ ᠬᠢᠨ ᠳᠡᠳᠬᠦᠮᠵᠢ ᠶᠢᠨ ᠮᠠᠯ ᠪᠠ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠢᠶᠠᠷ ᠤᠷᠤᠯᠭ᠎ᠠ ᠪᠠᠨ ᠨᠡᠮᠡᠭᠲᠡᠭᠦᠯᠦᠭᠰᠡᠨ ᠪᠦᠭᠡᠳ ᠭᠤᠷᠪᠠᠨ ᠲᠦᠮᠡᠨ ᠲᠦᠭᠦᠷᠢᠭ  ᠤᠨ ᠰᠤᠷᠤᠯᠭ᠎ᠠ ᠶᠢᠨ ᠲᠡᠳᠭᠦᠮᠵᠢ ᠶᠢᠨ ᠮᠦᠩᠭᠦ ᠬᠦᠷᠲᠡᠵᠦ᠂ 2018 ᠤᠨ ᠳᠤ ᠶᠠᠳᠠᠭᠤ ᠠᠴᠠ ᠠᠩᠬᠢᠵᠢᠷᠠᠭᠰᠠᠨ ᠶᠤᠮ᠃ ᠦᠨᠦᠳᠦᠷ ᠡᠳᠡᠨ ᠤ ᠬᠢᠨ᠂ ᠳᠠᠶᠢᠯᠤᠮᠵᠢ ᠶᠢ ᠮᠦᠨ ᠯᠡ ᠰᠡᠳᠬᠢᠯ ᠳᠠᠯᠪᠢᠨ ᠰᠤᠨᠤᠰᠴᠤ᠂ ᠰᠤᠷᠭᠠᠨ ᠬᠦᠮᠦᠵᠢᠯ ᠤᠨ ᠳᠠᠯ᠎ᠠ ᠪᠠᠷ ᠬᠢ ᠲᠦᠷᠦ ᠶᠢᠨ ᠪᠤᠳᠤᠯᠭ᠎ᠠ ᠳᠤ ᠮᠠᠰᠢ ᠠᠩᠬᠠᠷᠤᠯ ᠢᠶᠠᠨ ᠬᠠᠨᠳᠤᠭᠤᠯᠵᠤ᠂ ᠲᠦᠷᠦ ᠶᠢᠨ ᠪᠤᠲᠤᠯᠭ᠎ᠠ ᠶᠢᠨ ᠰᠠᠶᠢᠨ ᠢᠶᠠᠷ ᠬᠡᠤᠬᠡᠳ ᠤᠨ ᠢᠶᠠᠨ ᠬᠢᠴᠢᠶᠡᠯ ᠰᠤᠷᠤᠯᠭ᠎ᠠ ᠶᠢᠨ ᠵᠠᠮ ᠢ ᠰᠢᠯᠤᠭᠤᠳᠬᠠᠯ᠎ᠠ᠂ ᠲᠤᠪᠴᠢ ᠤᠶᠢᠯᠭᠠᠮᠵᠢᠲᠠᠢ ᠲᠠᠶᠢᠯᠤᠮᠵᠢ ᠨᠢ ᠮᠠᠨ ᠤᠨ ᠮᠠᠯᠴᠢᠳ ᠤᠨ  ᠠᠵᠤ ᠠᠮᠢᠲᠤᠷᠠᠯ ᠳᠤ ᠦᠨᠡᠭᠡᠷ ᠲᠤᠰᠠ ᠲᠠᠢ ᠭᠡᠵᠦ ᠶᠠᠷᠢᠵᠤ ᠪᠠᠶᠢᠯ᠎ᠠ᠃
     ᠬᠤᠰᠢᠭᠤ ᠤᠯᠠᠭᠠᠠᠮᠦ᠋ᠴᠢᠷ ᠤᠨ ᠬᠡᠰᠢᠬᠦᠳ ᠴᠦ ᠤᠬᠠᠭᠤᠯᠤᠨ ᠳᠠᠶᠢᠯᠪᠤᠷᠢᠯᠠᠬᠤ ᠰᠠᠯᠪᠤᠷᠢ ᠠᠩᠭᠢ ᠳᠤ ᠢᠳᠡᠪᠬᠢᠯᠡᠨ ᠤᠷᠤᠵᠤ᠂ ᠤᠯᠠᠭᠠᠠᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠤᠬᠠᠭᠤᠯᠤᠨ ᠳᠠᠶᠢᠯᠪᠤᠷᠢᠯᠠᠬᠤ ᠠᠵᠢᠯᠯᠠᠭ᠎ᠠ ᠳᠤ  ᠬᠥᠭ ᠠᠶᠠᠯᠭᠤ ᠨᠡᠮᠡᠵᠦ᠂ ᠬᠤᠷᠠᠭᠰᠠᠨ ᠣᠯᠠᠨ ᠢᠶᠠᠨ ᠪᠠᠶᠠᠰᠬᠠᠨ ᠲᠦᠷᠦ ᠶᠢᠨ ᠪᠤᠲᠤᠯᠭ᠎ᠠ ᠪᠠᠨ ᠤᠬᠠᠭᠤᠯᠤᠨ  ᠲᠠᠶᠢᠯᠪᠤᠷᠢᠯᠠᠬᠤ ᠠᠵᠢᠯᠯᠠᠭ᠎ᠠ ᠳᠤ ᠬᠦᠴᠦᠨ ᠨᠡᠮᠡᠷᠢᠯᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号