4.1 ᠲᠦᠮᠡᠨ ᠲᠦᠭᠦᠷᠢᠭ ᠤᠨ ᠨᠦᠬᠦᠪᠦᠷᠢ᠄ ᠠᠵᠤ ᠠᠬᠤᠶᠢᠯᠠᠯ ᠪᠠ ᠬᠦᠴᠢᠷᠲᠡᠯᠲᠦ ᠡᠷᠦᠬᠡ ᠳᠤ ᠵᠡᠷᠭᠡᠪᠡᠷ ᠠᠰᠢᠭ ᠬᠦᠷᠳᠡᠭᠡᠯ᠎ᠡ
ᠨᠡᠶᠢᠲᠡᠯᠡᠭᠰᠡᠨ ᠴᠠᠭ᠄
2020/5/5
                                   ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ      ᠠᠵᠢᠯ ᠣᠯᠭᠤᠯᠲᠠ ᠪᠠᠷ ᠶᠠᠳᠠᠭᠤ ᠶᠢ ᠲᠡᠳᠭᠦᠭᠦ ᠠᠵᠤ ᠠᠬᠤᠶᠢᠯᠠᠯ ᠪᠠ ᠲᠠᠩᠰᠠᠯᠠᠭᠲᠠᠭᠰᠠᠨ ᠬᠦᠴᠢᠷᠲᠡᠯᠲᠦ ᠬᠦᠲᠡᠯᠮᠦᠷᠢ ᠬᠦᠴᠦᠨ ᠳᠤ ᠨᠦᠭᠦᠪᠦᠷᠢ ᠦᠭᠭᠦ ᠲᠦᠷᠦ ᠶᠢᠨ ᠪᠤᠲᠤᠯᠭ᠎ᠠ ᠵᠢᠨ‌ᠠᠴᠢ ᠪᠠᠷ ᠠᠵᠤ ᠠᠬᠤᠶᠢᠯᠠᠯ ᠪᠠ ᠬᠦᠴᠢᠷᠲᠡᠯᠲᠦ ᠡᠷᠦᠬᠡ ᠵᠡᠷᠭᠡᠪᠡᠷ ᠠᠰᠢᠭ ᠬᠦᠷᠲᠡᠯ᠎ᠡ᠃
     ᠥᠪᠥᠷ ᠮᠣᠩᠭᠤᠯ ᠤᠨ ᠵᠢᠶᠠ ᠯᠢ ᠠᠷᠪᠢᠲᠠᠢ ᠤᠰᠤᠯᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠤᠯᠤᠰ ᠤᠨ ᠲᠠᠰ ᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠰᠠᠭᠤᠷᠢᠨ ᠭᠠᠵᠠᠷ ᠪᠦᠭᠡᠳ ᠮᠠᠨ ᠤ ᠬᠤᠰᠢᠭᠤᠨ ᠤ 8 ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠦᠢᠯᠡᠳᠪᠦᠷᠢ ᠶᠢᠨ ᠳᠠᠰᠤᠭ ᠤᠨ ᠨᠢᠭᠡ ᠪᠣᠯᠤᠨ᠎ᠠ᠃ ᠣᠳᠣᠬᠠᠨ ᠳᠤ ᠲᠣᠰ ᠠᠵᠤ ᠠᠬᠤᠶᠢᠯᠠᠯ ᠳᠤ ᠳᠠᠩᠰᠠᠯᠠᠭᠳᠠᠭᠰᠠᠨ ᠶᠠᠳᠠᠭᠤ ᠡᠷᠦᠬᠡ ᠶᠢᠨ 5 ᠠᠵᠢᠯᠳᠠᠨ ᠪᠤᠢ᠃
     ᠠᠵᠤ ᠠᠬᠤᠶᠢᠯᠠᠯ ᠤᠨ ᠠᠩᠭᠧᠰ ᠦᠬᠡᠷ ᠲᠡᠵᠢᠬᠡᠨ ᠦᠷᠡᠵᠢᠬᠦᠯᠬᠦ ᠰᠠᠭᠤᠷᠢᠨ ᠭᠠᠵᠠᠷ ᠲᠤ᠂ ᠰᠠᠩᠪᠤᠯᠠᠭ ᠰᠤᠮᠤᠨ ᠤ ᠪᠠᠶᠠᠨᠨᠠᠭᠤᠷ ᠭᠠᠴᠠᠭᠠᠨ ᠤ ᠬᠦᠴᠢᠷᠲᠡᠯᠲᠦ ᠮᠠᠯᠴᠢᠨ ᠦᠨᠢᠪᠠᠳᠤ᠂ ᠭᠡᠷᠭᠡᠢ ᠲᠠᠢ ᠪᠠᠨ ᠬᠤᠶᠠᠭᠤᠯᠠ ᠠᠵᠢᠯᠯᠠᠵᠤ ᠪᠠᠶᠢᠭ᠎ᠠ ᠪᠦᠭᠡᠳ  ᠬᠦᠮᠦᠨ ᠪᠤᠯᠭᠠᠨ ᠰᠠᠷ᠎ᠠ   ᠶᠢᠨ 500 ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠥᠷᠢ  ᠬᠦᠷᠲᠡᠲᠡᠭ ᠨᠢ ᠠᠵᠤ ᠠᠮᠢᠲᠤᠷᠠᠯ ᠳᠤ ᠨᠢ ᠶᠡᠬᠡᠭᠡᠨ ᠲᠤᠰᠠ ᠪᠤᠯᠲᠠᠭ᠃
     ᠦᠨᠢᠪᠠᠳᠤ᠄ ᠮᠠᠨ ᠤ ᠬᠤᠶᠠᠭᠤᠯᠠ ᠪᠠᠨ ᠠᠳᠡ ᠠᠵᠢᠯᠯᠠᠭᠠᠳ ᠭᠤᠷᠪᠠᠨ ᠵᠢᠯ ᠪᠤᠯᠵᠤ ᠪᠠᠶᠢᠨ᠎ᠠ᠂ ᠬᠤᠶᠠᠭᠤᠯᠠ  ᠪᠠᠨ ᠨᠡᠶᠢᠯᠡᠭᠡᠳ ᠰᠠᠷ᠎ᠠ ᠳᠤ ᠪᠠᠨ 7000 ᠭᠠᠷᠤᠢ ᠲᠦᠭᠦᠷᠢᠭ ᠤᠨ ᠴᠠᠯᠢᠩ ᠤᠯᠤᠨ᠎ᠠ᠂ ᠪᠠᠰᠠ ᠰᠠᠷ᠎ᠠ ᠪᠦᠷᠢ ᠶᠢᠨ 500 ᠲᠦᠭᠦᠷᠢᠭ ᠤᠨ ᠬᠦᠳᠡᠯᠮᠦᠷᠢ ᠦᠢᠯᠡᠴᠢᠯᠡᠬᠡᠨ ᠤ ᠨᠦᠬᠦᠪᠦᠷᠢ ᠲᠠᠢ᠂ ᠶᠡᠭᠡ ᠰᠠᠶᠢᠨ ᠪᠠᠶᠢᠨ᠎ᠠ ᠭᠡᠵᠦ ᠬᠡᠯᠡᠵᠦ ᠪᠠᠶᠢᠯ᠎ᠠ᠃
     ᠣᠶᠢᠯᠠᠭᠠᠭᠰᠠᠨ ᠢᠶᠠᠷ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠢ ᠭᠤᠤᠯᠳᠠᠭᠤ ᠰᠤᠮᠤ ᠪᠠᠯᠭᠠᠰᠤ ᠪᠤᠶᠤ ᠭᠠᠴᠠᠭ᠎ᠠ ᠲᠣᠰᠬᠤᠨ ᠳᠤ ᠳᠣᠭᠢᠷᠠᠭᠤᠯᠵᠤ᠂ ᠳᠠᠩᠰᠠᠯᠠᠭᠳᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠬᠦᠳᠡᠯᠮᠦᠷᠢ ᠬᠦᠴᠦᠨ ᠲᠠᠢ ᠬᠥᠳᠡᠯᠮᠦᠷᠢ ᠶᠢᠨ ᠭᠡᠷ᠎ᠡ ᠲᠤᠭᠳᠠᠵᠦ ᠴᠠᠯᠢᠩ ᠣᠯᠭᠤᠮᠵᠢ ᠶᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠳᠤ ᠬᠦᠷᠬᠡᠬᠦ ᠶᠢ ᠱᠠᠭᠠᠷᠳᠠᠵᠦ᠂ ᠪᠦᠬᠦᠯᠢ 6 ᠰᠠᠷ᠎ᠠ ᠠᠴᠠ ᠳᠡᠭᠡᠭᠰᠢ ᠠᠵᠢᠯᠯᠠᠭᠰᠠᠨ ᠨᠦᠬᠦᠴᠡᠯ ᠢ ᠬᠠᠩᠭᠠᠪᠠᠯ ᠳᠠᠩᠰᠠᠯᠠᠭᠳᠠᠭᠰᠠᠨ ᠠᠵᠢᠯᠳᠠᠨ ᠳᠤ ᠰᠠᠷ᠎ᠠ ᠶᠢᠨ500 ᠲᠦᠬᠦᠷᠢᠭ ᠤᠨ ᠬᠦᠳᠡᠯᠮᠦᠷᠢ ᠦᠢᠯᠡᠴᠢᠯᠡᠬᠡᠨ ᠤ ᠨᠦᠬᠦᠪᠦᠷᠢ ᠤᠯᠭᠤᠬᠤ ᠪᠦᠭᠡᠳ ᠦᠢᠯᠡᠳᠪᠦᠷᠢ ᠶᠢᠨ ᠳᠠᠰᠤᠭ ᠨᠢ ᠨᠢᠬᠡ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠡᠯᠰᠡᠨ ᠠᠪᠤᠪᠠᠯ 1000 ᠲᠦᠭᠦᠷᠢᠭ ᠤᠨ ᠰᠠᠩᠨᠠᠯ ᠤᠨ ᠮᠦᠩᠭᠦ ᠤᠯᠭᠤᠵᠤ ᠪᠤᠢ᠃ ᠡᠶᠢᠨᠬᠦ ᠵᠢᠶᠠ ᠯᠢ ᠠᠷᠪᠢᠲᠠᠢ ᠤᠰᠤᠯᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 5000 ᠲᠦᠭᠦᠷᠢᠭ ᠤᠨ ᠱᠠᠩᠨᠠᠯ ᠨᠥᠬᠦᠪᠥᠷᠢ ᠶᠢᠨ ᠮᠥᠩᠭᠦ  ᠬᠦᠷᠳᠡᠵᠠᠢ᠃
     ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠲᠤ ᠨᠦᠭᠦᠪᠦᠷᠢ ᠤᠯᠭᠤᠬᠤ ᠲᠥᠷᠥ ᠶᠢᠨ ᠪᠣᠳᠣᠯᠭ᠎ᠠ ᠶᠢ 2018 ᠣᠨ ᠠᠴᠠ ᠡᠬᠢᠯᠡᠨ ᠬᠡᠷᠡᠭᠵᠢᠬᠦᠯᠦᠭᠰᠡᠨ ᠠᠴᠠ ᠤᠲᠤ ᠪᠤᠯᠲᠠᠯ᠎ᠠ᠂ ᠪᠥᠬᠦ ᠬᠤᠰᠢᠭᠤᠨ ᠤ 8 ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠨᠡᠶᠢᠳᠡ 60 ᠶᠠᠳᠠᠭᠤ ᠬᠦᠴᠢᠷᠳᠡᠯᠲᠡᠶ ᠡᠷᠦᠬᠡ ᠤᠨ ᠬᠦᠳᠡᠯᠮᠦᠷᠢ ᠬᠦᠴᠦ ᠳᠤ ᠠᠵᠢᠯ ᠤᠨ ᠪᠠᠶᠢᠷᠢ ᠬᠠᠩᠭᠠᠭᠰᠠᠨ ᠢᠶᠠᠷ᠂ ᠬᠤᠰᠢᠭᠤ  ᠬᠦᠳᠡᠯᠮᠦᠷᠢ ᠠᠵᠢᠯ ᠣᠯᠭᠤᠯᠲᠠ ᠶᠢᠨ ᠲᠣᠪᠴᠢᠶ᠎ᠠ ᠨᠢ ᠤᠷᠢᠳ ᠬᠤᠵᠢᠳ41000 ᠲᠥᠭᠦᠷᠢᠭ ᠤᠨ ᠱᠠᠩᠨᠠᠯ ᠨᠥᠬᠦᠪᠥᠷᠢ ᠶᠢᠨ ᠮᠦᠩᠭᠦ ᠲᠠᠷᠬᠠᠭᠠᠭᠠᠳ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号