ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠤᠨ ᠲᠦᠭᠦᠮ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2020/6/12
     ᠣᠯᠠᠭᠠᠠᠮᠦ᠋ᠴᠢᠷ ᠪᠣᠯ ︽ᠬᠤᠪᠢᠰᠬᠠᠯᠳᠣ ᠣᠳᠬ᠎ᠠ ᠣᠷᠠᠯᠢᠭ ᠤᠨ ᠬᠦᠩᠭᠡᠨ ᠮᠣᠷᠢᠳᠣ ᠴᠡᠷᠢᠭ︾ ᠮᠦᠨᠴᠦ ︽ᠬᠤᠪᠢᠰᠬᠠᠯᠳᠣ ᠰᠣᠶᠣᠯ ᠤᠨ ᠠᠵᠢᠯᠯᠠᠬᠤ ᠠᠩᠭᠢ︾ ᠪᠣᠯᠣᠨ᠎ᠠ᠃ ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠎ ᠨᠢ ᠳᠣᠮᠳᠠᠳᠣ ᠣᠯᠣᠰ ᠤᠨ ᠣᠣᠭᠠᠨ ᠣᠯᠠᠭᠠᠠᠮᠦ᠋ᠴᠢᠷ ᠪᠠᠶᠢᠵᠣ᠂ 1957 ᠣᠨ ᠳᠤ ᠪᠠᠶᠢᠭᠤᠯᠣᠭᠳᠠᠪᠠ᠃ ᠣᠯᠠᠭᠠᠠᠮᠦ᠋ᠴᠢᠷ ᠨᠢ ᠬᠤᠷᠴᠠ ᠴᠢᠳᠠᠮᠠᠭᠠᠢ ᠡᠩᠨᠡᠭᠡ ᠲᠠᠢ᠂ ᠲᠣᠭᠯᠠᠭᠴᠢᠳ ᠨᠢ ᠨᠢᠭᠡ ᠳᠤ ᠴᠠᠭᠠᠷᠠᠨ ᠣᠯᠠᠨ ᠳᠤ ᠮᠡᠷᠭᠡᠰᠢᠵᠦ᠂ ᠠᠮᠢᠳᠣᠷᠠᠯ ᠳᠤ ᠣᠶᠢᠷᠠᠳᠣᠭᠰᠠᠨ ᠠᠭᠤᠯᠭ᠎ᠠ ᠪᠦᠬᠦᠢ ᠲᠣᠭᠯᠠᠯᠳᠠ ᠶᠢ ᠦᠪᠡᠷᠳᠡᠭᠡᠨ ᠵᠣᠬᠢᠶᠠᠨ ᠲᠣᠭᠯᠠᠵᠣ ᠂ ᠪᠦᠬᠦ ᠰᠡᠳᠬᠢᠯ ᠪᠦᠬᠦ ᠵᠣᠷᠢᠭ ᠢᠶᠠᠷ ᠮᠠᠯᠴᠢᠨ ᠲᠦᠮᠡᠨ ᠳᠤ ᠦᠢᠯᠡᠴᠢᠯᠡᠬᠦ ᠶᠢ ᠢᠮᠠᠭᠳᠠ ᠪᠠᠷᠢᠮᠳᠠᠯᠠᠵᠣ᠂ ᠲᠣᠭᠯᠠᠬᠤ᠂ ᠣᠬᠠᠭᠤᠯᠬᠤ᠂ ᠵᠢᠯᠣᠭᠤᠳᠬᠤ᠂ ᠦᠢᠯᠡᠴᠢᠯᠡᠬᠦ᠂ ᠡᠭᠦᠳᠦᠨ ᠪᠦᠲᠦᠭᠡᠬᠦ᠂ ᠰᠢᠨ᠎ᠡ ᠶᠢ ᠡᠭᠦᠳᠬᠦ ᠵᠢᠷᠭᠤᠭᠠᠨ ᠶᠡᠭᠡ ᠴᠢᠳᠠᠪᠬᠢ ᠪᠠᠨ ᠭᠦᠢᠴᠡᠳ ᠪᠠᠳᠠᠷᠠᠭᠤᠯᠵᠣ᠂ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ᠂ ᠦᠨᠳᠦᠰᠦᠳᠡᠨ ᠤ ᠣᠷᠣᠨ ᠤ ᠰᠣᠶᠣᠯ ᠤᠨ ᠠᠵᠢᠯ ᠦᠢᠯᠡᠰ ᠤᠨ ᠬᠦᠭᠵᠢᠯᠳᠡ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠦ ᠪᠣᠢ᠃      ᠣᠯᠠᠨ ᠵᠢᠯ ᠤᠨ ᠲᠣᠷᠰᠢ᠂ ᠤᠯᠠᠭᠠᠠᠮᠦ᠋ᠴᠢᠷ ᠨᠢ ᠦᠨᠳᠤᠰᠤᠨ ᠱᠠᠳᠤᠨ ᠳᠤ ᠬᠦᠨᠵᠡᠭᠡᠶᠢᠷᠡᠵᠦ ᠦᠷᠭᠡᠨ ᠤᠯᠠᠨ ᠮᠠᠯᠴᠢᠨ ᠲᠠᠷᠢᠶᠠᠴᠢᠳ ᠲᠤ ᠡᠯᠪᠡᠭ ᠪᠠᠶᠠᠯᠢᠭ ᠠᠭᠤᠯᠭ᠎ᠠ ᠪᠦᠬᠦᠢ ᠲᠤᠭᠯᠠᠯᠳᠠ ᠪᠠᠷ ᠢᠶᠠᠨ ᠨᠡᠮ ᠤᠨ ᠲᠦᠷᠦ ᠶᠢᠨ ᠪᠤᠳᠤᠯᠭ᠎ᠠ᠂ ᠰᠢᠨᠵᠢᠯᠡᠭᠡ ᠮᠡᠷᠭᠡᠵᠢᠯ ᠤᠨ ᠮᠡᠳᠡᠯᠬᠡ ᠵᠡᠷᠭᠡ ᠶᠢ ᠤᠬᠠᠭᠤᠯᠵᠦ᠂ ᠠᠯᠪᠡᠨ ᠪᠠᠶᠢᠭᠤᠯᠭ᠎ᠠ᠂ ᠴᠡᠷᠢᠭ ᠠᠩᠬᠢ᠂ ᠠᠵᠦ ᠠᠬᠤᠶᠢᠯᠠᠯ ᠠᠵᠢᠯ ᠦᠢᠯᠡᠰ ᠤᠨ ᠨᠢᠬᠡᠴᠢ᠂ ᠲᠤᠮᠳᠠᠳᠤ ᠪᠠᠭ᠎ᠠ ᠰᠤᠷᠭᠠᠭᠤᠯᠢ᠂ ᠨᠡᠶᠢᠬᠡᠮ ᠲᠤᠭᠤᠷᠢᠭ ᠢᠶᠠᠷ ᠬᠦᠨᠵᠡᠬᠡᠶᠢᠷᠡᠨ ᠲᠤᠬᠠᠶᠢᠯᠠᠭᠰᠠᠨ ᠠᠵᠢᠯ ᠤᠨ ᠵᠢᠯᠤᠭᠤᠳᠤᠮᠵᠢ ᠬᠢᠬᠦ ᠶᠢᠨ ᠬᠠᠮᠳᠤ ᠡᠯ᠎ᠡ ᠲᠦᠷᠦᠯ ᠤᠨ ᠠᠵᠢᠯᠯᠠᠭ᠎ᠠ ᠦᠷᠨᠢᠬᠦᠯᠬᠦ ᠳᠤᠨᠢ ᠲᠤᠨᠤᠭ ᠲᠦᠬᠦᠭᠡᠷᠤᠮᠵᠢ᠂ ᠬᠤᠪᠴᠠᠰᠤ ᠵᠠᠰᠠᠯ᠂ ᠬᠦᠭᠵᠢᠮ ᠵᠡᠷᠭᠡ ᠪᠠᠨ ᠦᠨ᠎ᠡ ᠲᠦᠯᠦᠪᠤᠷᠢ ᠦᠬᠡᠢ ᠭᠡᠷᠡᠭᠯᠡᠬᠦᠯᠵᠦ᠂ ᠦᠷᠭᠡᠨ ᠤᠯᠠᠨ ᠲᠦᠮᠡᠨ ᠤ ᠰᠤᠶᠤᠯ ᠤᠨ ᠠᠮᠢᠳᠣᠷᠠᠯ ᠢ ᠪᠠᠶᠠᠯᠢᠭᠵᠢᠭᠤᠯᠪᠡ᠃ ᠤᠯᠠᠭᠠᠠᠮᠦ᠋ᠴᠢᠷ ᠤᠨ ᠲᠤᠭᠯᠠᠭᠴᠢᠳ ᠵᠢᠯ ᠳᠤ ᠳᠣᠮᠳᠠᠴᠢ ᠪᠠᠷ ᠮᠠᠯᠵᠢᠬᠤ ᠲᠠᠷᠢᠶᠠᠯᠠᠬᠤ ᠤᠷᠤᠨ ᠳᠤ 100 ᠭᠠᠷᠤᠢ ᠲᠤᠭᠯᠠᠯᠳᠠ ᠭᠠᠷᠭᠠᠵᠦ᠂ 2 ᠲᠦᠮᠡ ᠭᠠᠷᠤᠢ ᠺᠢᠯᠦᠮᠧᠲᠷ ᠠᠶᠠᠯᠠᠵᠦ ᠪᠡᠶᠢᠨ᠎ᠡ᠃ ᠤᠯᠠᠭᠠᠠᠮᠦ᠋ᠴᠢᠷ ᠨᠢ ᠪᠠᠰᠠ ᠭᠠᠳᠠᠭᠰᠢ ᠤᠬᠠᠭᠤᠯᠬᠤ ᠦᠢᠯᠡᠳᠤᠯ ᠢᠶᠠᠨ ᠬᠦᠢᠴᠡᠳ ᠪᠠᠳᠠᠷᠠᠭᠤᠯᠵᠦ᠂ ᠤᠷᠢᠳ ᠬᠤᠵᠢᠳ ᠰᠢᠶᠠᠩᠭᠠᠩ᠂ ᠤᠤᠮᠸᠡ᠂ ᠵᠧᠵᠢᠶᠠᠩ᠂ ᠶᠠᠨ ᠠᠨ ᠵᠡᠷᠭᠡ ᠤᠯᠤᠰ ᠤᠨ ᠲᠤᠳᠤᠭᠠᠳᠤ ᠶᠢᠨ 20 ᠭᠠᠷᠤᠢ ᠮᠤᠵᠢ ᠬᠤᠳᠠ ᠳᠤ ᠬᠦᠷᠴᠦ ᠲᠤᠭᠯᠠᠯᠳᠠ ᠭᠠᠷᠭᠠᠪᠠ᠃ ᠠᠮᠧᠷᠢᠺᠠ ᠶᠢᠨ ᠰᠠᠨᠲ᠋ᠢᠶᠠᠭᠤ᠋᠂ ᠯᠠᠰ ᠸᠢᠭᠠᠰ᠂ ᠮᠸᠡᠭᠲᠷᠢᠶ᠎ᠠ ᠵᠡᠷᠭᠡ ᠭᠠᠵᠡᠷ ᠢᠶᠠᠷ ᠲᠤᠭᠤᠷᠢᠨ ᠲᠤᠭᠯᠠᠯᠳᠠ ᠬᠢᠵᠦ᠂ ᠠᠦ᠋ᠰᠲᠷᠢᠶ᠎ᠡ ᠶᠢᠨ ᠨᠡᠶᠢᠰᠯᠡᠯ ᠸᠧᠶᠧᠨᠠ ᠶᠢᠨ ᠠᠯᠳᠠᠨ ᠤᠷᠳᠤᠨ ᠳᠤ ︽ᠰᠠᠯᠼᠪᠦ᠋ᠷᠡᠭ ᠤᠨ ᠤᠯᠠᠨ ᠤᠯᠤᠰ ᠤᠨ ᠲᠠᠭᠤᠤ ᠬᠦᠭᠵᠢᠮ ᠤᠨ ᠴᠤᠭᠯᠠᠭᠠᠨ︾᠎ ᠳᠤ ᠤᠷᠤᠯᠴᠠᠪᠠ᠃ ᠤᠯᠠᠭᠠᠠᠪᠠᠭᠠᠳᠤᠷ ᠲᠤ ᠬᠦᠷᠴᠦ ᠭᠤᠷᠪᠡᠳᠤᠭᠠᠷ ᠬᠤᠭᠤᠴᠠᠭᠠᠨ ᠤ ︽ᠮᠤᠩᠭᠤᠯ ᠪᠦᠵᠢᠭ ᠤᠨ ᠦᠵᠡᠬᠦᠯᠦᠯᠬᠡ ᠶᠢᠨ ᠲᠤᠭᠯᠠᠯᠳᠠ︾᠎ ᠳᠤ ᠤᠷᠤᠯᠴᠠᠭᠰᠠᠨ ᠎ ᠤ ᠬᠠᠮᠳᠤ ᠮᠤᠩᠭᠤᠯ ᠤᠯᠤᠰ ᠤᠨ ᠤᠯᠤᠰ ᠤᠨ ᠪᠠᠶᠠᠷ ᠢ ᠪᠡᠯᠭᠡᠯᠡᠬᠦ ᠶᠤᠰᠤᠯᠠᠯ ᠳᠤ ᠲᠤᠭᠯᠠᠯᠳᠠ ᠭᠠᠷᠭᠠᠪᠡ᠃ ᠠᠹᠷᠢᠺᠠ ᠲᠢᠪ ᠤᠨ ᠪᠦᠷᠦᠨᠳᠢ ᠳᠤ ᠬᠦᠷᠴᠦ ᠲᠤᠭᠯᠠᠯᠳᠠ ᠭᠠᠷᠭᠠᠨ᠂ ᠲᠠᠯ᠎ᠠ ᠨᠤᠳᠤᠭ ᠤᠨ ᠦᠨᠳᠤᠰᠤᠳᠠᠨ ᠤ ᠢᠵᠠᠭᠤᠷ ᠰᠤᠶᠤᠯ ᠢᠶᠠᠨ ᠲᠡᠯᠡᠭᠡᠢ ᠳᠤ ᠲᠠᠨᠢᠭᠤᠯᠵᠦ᠂ ᠲᠡᠯᠡᠭᠡᠢ ᠶᠢᠨ ᠬᠦᠮᠦᠰ ᠲᠤ ᠲᠠᠯ᠎ᠠ ᠨᠤᠳᠤᠭ ᠤᠨ ᠦᠨᠳᠤᠰᠤᠳᠠᠨ ᠤ ᠰᠤᠶᠤᠯ ᠪᠡ ᠤᠷᠠᠯᠢᠭ ᠤᠨ ᠷᠢᠳᠢ ᠰᠢᠳᠢ ᠶᠢ ᠭᠠᠶᠢᠬᠠᠭᠤᠯᠤᠭᠰᠠᠨ ᠪᠡᠶᠢᠨ᠎ᠡ᠃      2018 ᠣᠨ ᠳᠤ ᠲᠦᠪ ᠤᠨ ᠣᠬᠠᠭᠤᠯᠬᠤ ᠬᠡᠯᠳᠡᠰ᠂ ᠰᠣᠶᠣᠯ ᠤᠨ ᠶᠠᠮᠣᠨ᠂ ᠣᠯᠣᠰ ᠤᠨ ᠰᠣᠨᠢᠨ ᠮᠡᠳᠡᠭᠡ ᠬᠡᠪᠯᠡᠯ ᠷᠠᠳᠢᠤ᠋ ᠲᠧᠯᠸᠢᠰ ᠤᠨ ᠶᠡᠷᠦᠩᠭᠡᠢ ᠲᠣᠪᠴᠢᠶᠠᠨ ᠠᠴᠠ ︽ᠳᠣᠯᠣᠳᠣᠭᠠᠷ ᠬᠤᠭᠤᠴᠠᠭᠠᠨ ᠤ ᠪᠦᠬᠦ ᠣᠯᠣᠰ ᠤᠨ ᠮᠠᠯᠴᠢᠨ ᠲᠠᠷᠢᠶᠠᠴᠢᠨ ᠳᠤ ᠦᠢᠯᠡᠴᠢᠯᠡᠵᠦ᠂ ᠦᠨᠳᠦᠰᠦᠨ ᠱᠠᠳᠣᠨ ᠤ ᠰᠣᠶᠣᠯ ᠤᠨ ᠪᠠᠶᠢᠭᠤᠯᠣᠯᠳᠠ ᠳᠤ ᠦᠢᠯᠡᠴᠢᠯᠡᠭᠰᠡᠨ︾ ᠲᠡᠷᠢᠭᠦᠨ ᠤ ᠬᠠᠮᠳᠣ ᠨᠡᠶᠢᠳᠡ ᠪᠠᠷ ᠦᠨᠡᠯᠡᠪᠡ᠃ ᠡᠪ ᠬᠠᠮᠳᠣ ᠵᠠᠯᠠᠭᠤᠴᠣᠳ ᠤᠨ ᠡᠪᠯᠡᠯ ᠤᠨ ᠲᠦᠪ ᠬᠤᠷᠢᠶ᠎ᠠ᠂ ᠪᠦᠬᠦ ᠣᠯᠣᠰ ᠤᠨ ᠵᠠᠯᠠᠭᠤᠴᠣᠳ ᠤᠨ ᠬᠤᠯᠪᠣᠭ᠎ᠠ ᠠᠴᠠ ᠣᠯᠠᠭᠠᠠᠮᠦ᠋ᠴᠢᠷ ᠤᠨ ᠬᠠᠮᠳᠣ ᠨᠡᠶᠢᠳᠡ ᠎ ᠳᠤ ︽ᠳᠣᠮᠳᠠᠳᠣ ᠣᠯᠣᠰ ᠤᠨ ᠵᠠᠯᠠᠭᠤᠴᠣᠳ ᠤᠨ ᠲᠠᠪᠣᠨ ᠰᠠᠷ᠎ᠠ ᠶᠢᠨ ᠳᠦᠷᠪᠡᠨ ᠤ ᠮᠧᠳᠠᠯ︾ ᠣᠯᠭᠤᠪᠠ᠃ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠬᠠᠭᠤᠯᠬᠤ ᠬᠡᠯᠳᠡᠰ ᠠᠴᠠ ︽ᠣᠮᠠᠷᠠᠳᠣ ᠬᠢᠯᠢ ᠶᠢᠨ ᠵᠢᠱᠢᠶᠡᠴᠢ︾᠎ ᠶᠢᠨ ᠢᠷᠠᠭᠤ ᠠᠯᠳᠠᠷ ᠢ ᠣᠯᠭᠤᠪᠠ᠃ 2019 ᠣᠨ ᠳᠤ ᠦᠪᠡᠷᠳᠡᠭᠡᠨ ᠵᠠᠰᠠᠬᠤ ᠣᠷᠣᠨ ᠤ ᠡᠮᠡᠭᠳᠠᠶᠢᠴᠣᠳ ᠤᠨ ᠬᠤᠯᠪᠣᠭ᠎ᠠ ᠠᠴᠠ ︽ᠪᠦᠬᠦ ᠣᠷᠣᠨ ᠤ 3.8᠎ ᠤ ᠣᠯᠠᠭᠠᠨ ᠲᠣᠭᠴᠢ ᠶᠢᠨ ᠬᠠᠮᠳᠣ ᠨᠡᠶᠢᠳᠡ︾ ᠎ ᠪᠠᠷ ᠦᠨᠡᠯᠡᠪᠡ᠃ ᠣᠯᠠᠨ ᠵᠢᠯ ᠤᠨ ᠲᠣᠷᠰᠢ ︽ᠨᠢᠭᠡᠳᠦᠭᠡᠷ ᠲᠦᠷᠦᠯ ᠤᠨ ᠣᠯᠠᠭᠠᠠᠮᠦ᠋ᠴᠢᠷ︾ ︽ᠠᠷᠪᠠᠨ ᠰᠣᠳᠣᠨ ᠣᠯᠠᠭᠠᠠᠮᠦ᠋ᠴᠢᠷ︾ ︽ᠬᠤᠶᠠᠷ ᠲᠤ ᠦᠢᠯᠡᠴᠢᠯᠡᠭᠰᠡᠨ ᠲᠡᠷᠢᠭᠦᠨ ᠤ ᠣᠯᠠᠭᠠᠠᠮᠦ᠋ᠴᠢᠷ︾ ︽ᠰᠢᠨᠵᠢᠯᠡᠬᠦ ᠣᠬᠠᠭᠠᠨ ᠢ ᠲᠦᠭᠡᠮᠡᠯᠵᠢᠭᠦᠯᠬᠦ ᠣᠯᠠᠭᠠᠠᠮᠦ᠋ᠴᠢᠷ︾ ᠵᠡᠷᠭᠡ ᠢᠷᠡᠭᠤ ᠠᠯᠳᠠᠷ ᠢᠶᠠᠨ ᠢᠮᠠᠭᠳᠠ ᠪᠠᠷᠢᠮᠳᠠᠯᠠᠭᠰᠠᠭᠠᠷ ᠢᠷᠡᠪᠡ᠃ ᠪᠦᠬᠦ ᠣᠷᠣᠨ ᠤ ᠣᠳᠬ᠎ᠠ ᠣᠷᠠᠯᠢᠭ ᠤᠨ ᠳᠠᠶᠢᠯᠣᠨ ᠲᠣᠭᠯᠠᠯᠳᠠ ᠶᠢᠨ ᠬᠠᠮᠳᠣ ᠨᠡᠶᠢᠳᠡ ᠶᠢᠨ ︽ᠠᠯᠳᠠᠨ ᠮᠧᠳᠡᠯ︾ ︽ᠨᠢᠭᠡ ᠳᠤ ᠴᠠᠭᠠᠷᠠᠨ ᠣᠯᠠᠨ ᠳᠤ ᠮᠡᠷᠭᠡᠰᠢᠭᠰᠡᠨ ᠬᠠᠮᠳᠣ ᠨᠡᠶᠢᠳᠡ ᠶᠢᠨ ᠱᠠᠩᠨᠠᠯ︾᠎ ᠢ ᠣᠯᠠᠨᠳᠠ ᠬᠦᠷᠳᠡᠪᠡ᠃      2017 ᠤᠨ ᠤ 11 ᠰᠠᠷ᠎ᠠ ᠶᠢᠨ 21᠎ ᠤ ᠡᠳᠤᠷ᠂ ᠰᠢ ᠶᠢᠨ ᠫᠢᠩ ᠶᠡᠷᠦᠩᠭᠡᠢ ᠱᠦᠵᠢ ᠠᠴᠠ ᠦᠪᠤᠷ ᠮᠤᠩᠭᠤᠯ ᠤᠨ ᠰᠦᠨᠢᠳ ᠪᠠᠷᠠᠭᠤᠨ ᠬᠤᠰᠢᠭᠤᠨ ᠤ ᠤᠯᠠᠭᠠᠠᠮᠦ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠳᠤ ︽ᠠᠷᠠᠳ ᠲᠦᠮᠡᠨ ᠳᠤ ᠤᠷᠠᠯᠢᠭ ᠱᠠᠭᠠᠷᠳᠠᠭᠳᠠᠬᠤ ᠪᠦᠬᠡᠳ ᠤᠷᠠᠯᠢᠭ ᠴᠦ ᠠᠷᠠᠳ ᠲᠦᠮᠡᠨ ᠠᠴᠠ ᠰᠠᠯᠵᠦ ᠴᠢᠳᠠᠰᠢ ᠦᠬᠡᠢ︾ ᠭᠡᠬᠦ ᠨᠡᠶᠢᠬᠡᠮ ᠵᠢᠷᠤᠮ ᠤᠨ ᠤᠳᠬ᠎ᠠ ᠤᠷᠠᠯᠢᠭ ᠤᠨ ᠮᠦᠨ ᠴᠢᠨᠡᠷ ᠢ ᠬᠦᠨᠵᠡᠬᠡᠢ ᠬᠠᠷᠠᠭᠤᠯᠵᠦ᠂ ᠤᠯᠠᠭᠠᠠᠮᠦ᠋ᠴᠢᠷ ᠤᠨ ᠠᠮᠵᠢᠯᠳᠠ ᠪᠦᠳᠤᠮᠵᠢ ᠶᠢ ᠬᠦᠢᠴᠡᠳ ᠨᠤᠳᠠᠯᠠᠨ᠂ ᠤᠯᠠᠭᠠᠠᠮᠦ᠋ᠴᠢᠷ ᠤᠨ ᠰᠢᠯᠢᠳᠡᠭ ᠤᠯᠠᠮᠵᠢᠯᠠᠯ ᠎ ᠢᠶᠠᠨ ᠶᠡᠭᠡᠪᠡᠷ ᠪᠠᠳᠠᠷᠠᠭᠤᠯᠬᠤ ᠶᠢ ᠵᠤᠷᠢᠭᠵᠢᠭᠤᠯᠵᠦ᠂ ᠦᠨᠢ ᠡᠬᠦᠷᠢᠳᠡ ᠲᠠᠯ᠎ᠠ ᠨᠤᠳᠤᠭ ᠤᠨ ︽ᠬᠤᠪᠢᠰᠬᠠᠯᠳᠤ ᠤᠳᠬ᠎ᠠ ᠤᠷᠠᠯᠢᠭ ᠤᠨ ᠬᠦᠩᠭᠡᠨ ᠮᠤᠷᠢᠳᠤ ᠴᠡᠷᠢᠭ︾ ᠪᠣᠯᠰᠣᠭᠠᠢ ᠬᠡᠰᠡᠨ ᠵᠠᠬᠢᠶ᠎ᠠ ᠨᠢ ᠰᠢᠨ᠎ᠡ ᠴᠠᠭ ᠦᠶ᠎ᠠ ᠶᠢᠨ ᠤᠯᠠᠭᠠᠠᠮᠦ᠋ᠴᠢᠷ ᠤᠨ ᠬᠦᠭᠵᠢᠯᠳᠡ ᠳᠤ ᠤᠷᠤᠭᠰᠢᠯᠠᠬᠤ ᠴᠢᠭᠯᠡᠯ ᠢ ᠵᠢᠭᠠᠵᠦ ᠦᠭᠬᠦᠭᠰᠡᠨ ᠮᠦᠷᠳᠡᠭᠡᠨ ᠦᠪᠤᠷ ᠮᠤᠩᠭᠤᠯ ᠪᠡ ᠪᠦᠬᠦ ᠤᠯᠤᠰ ᠤᠨ ᠤᠳᠬ᠎ᠠ ᠤᠷᠠᠯᠢᠭ ᠤᠨ ᠦᠢᠯᠡᠰ ᠤᠨ ᠦᠷᠨᠢᠬᠦᠨ ᠬᠦᠭᠵᠢᠯᠳᠡ ᠳᠤ ᠴᠢᠬᠤᠯᠠ ᠵᠢᠷᠤᠮᠯᠠᠯ ᠢ ᠬᠠᠩᠭᠠᠪᠡ᠃      ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠨᠢ ᠰᠢ ᠶᠢᠨ ᠫᠢᠩ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠡᠭᠦᠷᠢᠳᠡ ᠪᠠᠳᠤ ᠴᠡᠭᠡᠵᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠡᠶᠢᠬᠡᠮ ᠵᠢᠷᠤᠮ ᠤᠨ ᠲᠠᠷᠢᠬᠦᠨ ᠤ ᠰᠤᠶᠤᠯ ᠤᠨ ᠲᠤᠭ ᠢ ᠦᠨᠳᠤᠷ ᠮᠠᠨᠳᠤᠭᠤᠯᠵᠦ᠂ ᠰᠤᠶᠤᠯ ᠤᠨ ᠢᠳᠡᠭᠡᠯ ᠪᠡ ᠰᠤᠶᠤᠯ ᠤᠨ ᠤᠬᠠᠮᠰᠠᠷ ᠢᠶᠠᠨ ᠨᠡᠮᠡᠭᠳᠡᠬᠦᠯᠦᠨ᠂ ᠠᠷᠠᠳ ᠲᠦᠮᠡᠨ ᠤ ᠡᠳᠤᠷ ᠢᠷᠡᠬᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠶᠢ ᠬᠠᠩᠭᠠᠬᠤ ᠰᠢᠨ᠎ᠡ ᠡᠬᠦᠷᠭᠡ ᠶᠢ ᠡᠬᠦᠷᠭᠡᠯᠡᠵᠦ᠂ ᠦᠨᠳᠦᠰᠦᠳᠡᠨ ᠨᠦᠭᠦᠳ ᠎ ᠤᠨ ᠬᠠᠮᠲᠦ ᠶᠢᠨ ᠤᠶᠤᠨ ᠰᠠᠨᠠᠭᠠᠨ ᠤ ᠭᠡᠷ ᠤᠷᠤᠨ ᠢᠶᠠᠨ ᠪᠠᠳᠤ ᠰᠠᠬᠢᠵᠦ᠂ ᠡᠬᠡ ᠤᠯᠤᠰ ᠤᠨ ᠤᠮᠠᠷᠠᠲᠦ ᠬᠢᠯᠢ ᠶᠢᠨ ᠰᠤᠶᠤᠯ ᠦᠷᠨᠢᠨ ᠬᠦᠭᠵᠢᠭᠰᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ ᠪᠠᠶᠢᠭᠤᠯᠬᠤ ᠶᠢᠨ ᠲᠦᠯᠦᠭᠡ ᠬᠤᠪᠢ ᠨᠡᠮᠡᠷᠢ ᠪᠠᠨ ᠬᠠᠨᠳᠢᠪᠯᠠᠬᠤ ᠪᠠᠷ ᠬᠦᠴᠦᠯᠡᠨ ᠴᠢᠷᠮᠠᠶᠢᠵᠣ ᠪᠣᠢ᠃      60 ᠵᠢᠯ ᠤᠨ ᠲᠣᠷᠰᠢ᠂ ᠨᠠᠮ ᠤᠨ ᠦᠨᠳᠦᠰᠦᠳᠡᠨ ᠤ ᠲᠦᠷᠦ ᠶᠢᠨ ᠪᠣᠳᠣᠯᠭ᠎ᠠ ᠶᠢᠨ ᠲᠣᠶᠠᠭᠠᠯᠠᠯ ᠪᠣᠯᠣᠨ ᠨᠠᠮ ᠤᠨ ᠣᠳᠬ᠎ᠠ ᠣᠷᠠᠯᠢᠭ ᠤᠨ ᠦᠵᠡᠯ ᠰᠠᠨᠠᠭᠠᠨ ᠤ ᠵᠢᠯᠣᠭᠤᠳᠣᠯᠭ᠎ᠠ ᠲᠣᠣᠷ᠎ᠠ᠂ ᠦᠪᠦᠷ ᠮᠣᠩᠭᠤᠯ ᠤᠨ ᠣᠯᠠᠭᠠᠠᠮᠦ᠋ᠴᠢᠷ ᠤᠨ ᠠᠵᠢᠯ ᠦᠢᠯᠡᠰ ᠲᠠᠰᠣᠷᠠᠯᠳᠠ ᠦᠭᠡᠢ ᠬᠦᠭᠵᠢᠨ ᠪᠣᠵᠠᠭᠠᠶᠢᠷᠠᠵᠣ᠂ ︽ᠪᠦᠬᠦ ᠣᠯᠣᠰ ᠤᠨ ᠣᠳᠬ᠎ᠠ ᠣᠷᠠᠯᠢᠭ ᠤᠨ ᠹᠷᠣᠨᠲ ᠳᠡᠭᠡᠷᠡᠬᠢ ᠨᠢᠭᠡᠨ ᠲᠤᠭ︾ ᠬᠡᠮᠡᠬᠦ ᠡᠷᠬᠢᠮ ᠳᠡᠭᠡᠲᠦ ᠢᠷᠠᠭᠤ ᠠᠯᠳᠠᠷ ᠢᠶᠠᠨ ᠢᠮᠠᠭᠳᠠ ᠬᠠᠳᠠᠭᠠᠯᠠᠭᠰᠠᠭᠠᠷ ᠢᠷᠡᠪᠡ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号