ᠰᠦᠨᠢᠳ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷ︵31 ᠳ᠋ᠤᠭᠡᠷ
ᠨᠡᠶᠢᠲᠡᠯᠡᠭᠰᠡᠨ ᠴᠠᠭ᠄
2020/6/15
       ᠰᠦᠨᠢᠳ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ          ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷ                                 ︵31 ᠳ᠋ᠤᠭᠡᠷ ᠲᠤᠭᠠᠲᠦ︶      ᠤᠷᠴᠢᠮ᠂ ᠪᠡᠭᠡᠵᠢᠩ ᠬᠤᠳᠠ ᠳᠤ ᠲᠤᠰ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠭᠳᠠᠭᠰᠠᠳ ᠤᠯᠠᠰᠢᠷᠠᠭᠰᠠᠨ ᠪᠠᠶᠢᠨ᠎ᠠ᠃ ᠮᠠᠨ ᠤ ᠬᠤᠰᠢᠭᠤ ᠪᠤᠯᠤᠨ ᠪᠡᠭᠡᠵᠢᠩ ᠬᠤᠳᠠ ᠶᠢᠨ ᠬᠠᠮᠢᠶ᠎ᠠ ᠪᠦᠬᠦᠢ ᠭᠤᠤᠯᠳᠠᠯᠭᠠᠲᠦ ᠤᠷᠤᠨ ᠯᠤᠭ᠎ᠠ ᠶᠢᠨ ᠪᠠᠶᠢᠩᠭᠤ ᠶᠢᠨ ᠬᠠᠷᠢᠯᠴᠠᠭ᠎ᠠ ᠶᠢᠨ ᠡᠭᠦᠳᠡᠨ ᠠᠴᠠ ᠪᠤᠳᠤᠯᠬᠢᠯᠠᠵᠦ᠂ ᠬᠢᠵᠢᠭ  ᠤᠨ ᠮᠠᠨ ᠤ ᠬᠤᠰᠢᠭᠤᠨ ᠳᠤ ᠲᠡᠯᠭᠡᠷᠡᠬᠦ ᠶᠢ ᠬᠤᠷᠢᠭᠯᠠᠬᠤ ᠶᠢᠨ ᠲᠦᠯᠦᠭᠡ᠂ ᠰᠤᠳᠤᠯᠤᠨ ᠪᠠᠶᠢᠷᠢᠯᠠᠭᠤᠯᠤᠯᠳᠠ ᠪᠠᠷ ᠳᠠᠮᠵᠢᠵᠦ᠂ 5 ᠰᠠᠷ᠎ᠠ ᠶᠢᠨ 31 ᠤ ᠡᠳᠦᠷ ᠠᠴᠠ ᠬᠤᠶᠢᠰᠢ ᠪᠡᠭᠡᠵᠢᠩ ᠬᠤᠳᠠ ᠶᠢᠨ ᠰᠢᠨ ᠹᠠ ᠳ᠋ᠢ ᠪᠦᠭᠡᠮ ᠬᠤᠳᠠᠯᠳᠤᠭᠠᠨ ᠤ ᠵᠠᠬ᠎ᠠ ᠪᠤᠯᠤᠨ ᠵᠢᠩ ᠱᠧᠨ ᠲᠠᠯᠠᠢ ᠶᠢᠨ ᠢᠳᠡᠭᠡᠨ ᠤ ᠵᠠᠬ᠎ᠠ ᠳᠤ ᠬᠦᠷᠦᠭᠰᠡᠨ ᠮᠠᠨ ᠤ ᠬᠤᠰᠢᠭᠤᠨ  ᠤ ᠬᠦᠮᠦᠰ ᠲᠤ ᠰᠦᠢᠳᠬᠡᠯ ᠦᠭᠡᠢ ᠪᠠᠷ ᠪᠦᠭᠡᠮ ᠬᠦᠴᠢᠯ ᠤᠨ ᠪᠠᠶᠢᠴᠠᠭᠠᠯᠳᠠ ᠬᠢᠬᠦ ᠪᠠᠷ ᠪᠤᠯᠤᠭᠰᠠᠨ ᠪᠠᠶᠢᠨ᠎ᠠ᠃ ᠲᠡᠭᠡᠷ᠎ᠡ ᠲᠤᠷᠠᠳᠤᠭᠰᠠᠨ ᠬᠤᠶᠠᠷ ᠭᠠᠵᠠᠷ ᠲᠤ ᠤᠴᠢᠭᠰᠠᠳ ᠳᠠᠷᠤᠶᠢᠬᠠᠨ ᠨᠡᠶᠢᠭᠡᠮ ᠲᠤᠭᠤᠷᠢᠭ᠂ ᠭᠠᠴᠠᠭ᠎ᠠ ᠰᠤᠮᠤ ᠲᠠᠢ  ᠪᠠᠨ ᠬᠠᠷᠢᠯᠴᠠᠵᠦ ᠳᠠᠩᠰᠠᠯᠠᠭᠤᠯᠬᠤ ᠶᠢᠨ ᠬᠠᠮᠲᠦ ᠨᠡᠶᠢᠭᠡᠮ ᠲᠤᠭᠤᠷᠢᠭ᠂ ᠭᠠᠴᠠᠭ᠎ᠠ ᠰᠤᠮᠤᠨ ᠤ ᠠᠵᠢᠯᠳᠠᠳ ᠨᠢ ᠬᠤᠰᠢᠭᠤ ᠬᠢᠵᠢᠭ ᠢ ᠰᠡᠷᠭᠡᠶᠢᠯᠡᠬᠦ ᠲᠦᠪ ᠲᠠᠢ ᠬᠠᠷᠢᠯᠴᠠᠵᠦ ᠲᠡᠭᠡᠷᠡᠬᠢ ᠬᠦᠮᠦᠰ ᠲᠤ ᠪᠦᠭᠡᠮ ᠬᠦᠴᠢᠯ ᠤᠨ ᠪᠠᠶᠢᠴᠠᠭᠠᠯᠳᠠ ᠬᠢᠨ᠎ᠡ᠃ ᠪᠦᠭᠡᠮ ᠬᠦᠴᠢᠯ ᠤᠨ ᠪᠠᠶᠢᠴᠠᠭᠠᠯᠳᠠ ᠶᠢ ᠬᠠᠮᠢᠶ᠎ᠠ ᠪᠦᠬᠦᠢ ᠠᠵᠢᠯᠳᠠᠳ ᠠᠴᠠ ᠭᠡᠷ ᠤᠷᠤᠨ  ᠳᠤ ᠴᠢᠨᠢ ᠬᠦᠷᠴᠦ ᠦᠯᠢᠭᠡᠷ ᠬᠡᠪ ᠢ ᠠᠪᠬᠤ ᠪᠤᠯᠤᠨ᠎ᠠ᠂ ᠡᠨᠡᠬᠦ ᠬᠤᠭᠤᠴᠠᠭᠠᠨ ᠳᠤ ᠭᠠᠳᠠᠭᠰᠢ ᠭᠠᠷᠴᠦ ᠪᠤᠯᠬᠤ ᠦᠭᠡᠢ᠂ ᠡᠷᠬᠡᠪᠰᠢ ᠡᠮᠴᠢᠯᠡᠭᠡᠨ ᠤ ᠠᠵᠢᠭᠯᠠᠯᠳᠠ ᠬᠢᠬᠦ ᠬᠡᠷᠡᠭᠲᠠᠢ᠃      ᠬᠤᠰᠢᠭᠤ ᠬᠢᠵᠢᠭ ᠢ ᠰᠡᠷᠭᠡᠶᠢᠯᠡᠬᠦ ᠲᠦᠪ ᠤᠨ ᠬᠠᠷᠢᠯᠴᠠᠬᠤ ᠤᠳᠠᠰᠦ᠄ 0479 — 7210609᠃            ᠰᠦᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ            ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠭᠠᠵᠠᠷ                        2020 ᠤᠨ ᠤ 6 ᠰᠠᠷ᠎ᠠ ᠶᠢᠨ 13 ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号