ᠰᠦᠨᠢᠳ ᠪᠠᠷᠠᠭᠤᠨ ᠵᠠᠰᠠᠭ ᠲᠠᠷᠬᠠᠭᠠᠭᠰᠠᠨ ﹇2020﹈ 31 ᠳ᠋ᠣᠭᠠᠷ ᠲᠣᠭᠠᠳᠣ | | ᠰᠣᠮᠣ ᠪᠠᠯᠭᠠᠰᠣᠨ ᠳᠤ ᠵᠠᠰᠠᠭ ᠵᠠᠬᠢᠷᠭᠠᠨ ᠤ ᠡᠷᠭᠡ ᠣᠯᠭᠤᠬᠤ ᠵᠦᠢᠯ ᠤᠨ ᠨᠠᠷᠢᠨ ᠳᠠᠩᠰᠠ ᠶᠢ ᠨᠡᠶᠢᠳᠡᠯᠡᠬᠦ ᠲᠣᠬᠠᠢ | ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ᠄ | ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠭᠢᠮ᠂ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ | ᠲᠠᠷᠣᠮᠠᠯᠯᠠᠨ ᠲᠠᠷᠬᠠᠭᠠᠭᠰᠠᠨ ︿ᠰᠣᠮᠣ ᠰᠢᠶᠠᠩ ᠪᠠᠯᠭᠠᠰᠣ ᠪᠠ ᠵᠡᠭᠡᠯᠢ ᠭᠤᠳᠣᠮᠵᠢ ᠶᠢᠨ ᠦᠭᠡᠷᠡᠴᠢᠯᠡᠯᠳᠡ ᠶᠢ | ᠭᠦᠨᠵᠡᠭᠡᠶᠢᠷᠡᠭᠦᠯᠵᠦ᠂ ᠦᠨᠳᠦᠰᠦᠨ ᠱᠠᠳᠣᠨ ᠤ ᠬᠢᠨᠠᠨ ᠵᠦᠪᠰᠢᠶᠡᠷᠡᠬᠦ ᠦᠢᠯᠡᠴᠢᠯᠡᠭᠡᠨ ᠤ ᠬᠠᠣᠯᠢ ᠬᠡᠷᠡᠭᠵᠢᠭᠦᠯᠬᠦ | ᠬᠦᠴᠦᠨ ᠴᠢᠳᠠᠯ ᠢ ᠨᠢᠭᠡᠳᠭᠡᠬᠦ ᠶᠢ ᠠᠬᠢᠭᠤᠯᠬᠤ ᠲᠣᠬᠠᠢ ᠬᠡᠷᠡᠭᠵᠢᠭᠦᠯᠬᠦ ᠰᠠᠨᠠᠯ﹀ ᠢ ᠲᠠᠷᠣᠮᠠᠯᠯᠠᠨ ᠲᠠᠷᠬᠠᠭᠠᠬᠤ | ᠮᠡᠳᠡᠭᠳᠡᠯ︾ ︵ᠦᠪᠦᠷ ᠨᠠᠮ ᠠᠯᠪᠠᠨ ᠮᠠᠲ᠋ᠧᠷᠢᠶᠠᠯ ﹇2019﹈ 22 ᠳ᠋ᠣᠭᠠᠷ ᠲᠣᠭᠠᠳᠣ︶ ᠤᠨ ᠱᠠᠭᠠᠷᠳᠠᠯᠭ᠎ᠠ ᠶᠢ | ᠦᠨᠳᠦᠰᠦᠯᠡᠨ᠂ ᠵᠠᠰᠠᠭ ᠤᠨ ᠣᠷᠳᠣᠨ ᠤ ᠡᠷᠭᠡ ᠲᠣᠰᠢᠶᠠᠯ ᠤᠨ ᠴᠢᠳᠠᠪᠬᠢ ᠶᠢ ᠬᠤᠪᠢᠷᠠᠭᠤᠯᠬᠤ ᠪᠠ ︽ᠵᠠᠰᠠᠭ ᠢ | ᠴᠣᠮᠬᠠᠳᠬᠠᠵᠣ ᠡᠷᠭᠡ ᠶᠢ ᠲᠠᠯᠪᠢᠬᠤ᠂ ᠲᠠᠯᠪᠢᠵᠣ ᠬᠠᠮᠢᠶᠠᠷᠬᠤ ᠶᠢ ᠣᠶᠠᠯᠳᠣᠭᠤᠯᠣᠨ᠂ ᠦᠢᠯᠡᠴᠢᠯᠡᠭᠡ ᠪᠠᠨ | ᠰᠢᠯᠢᠳᠡᠭᠵᠢᠭᠦᠯᠬᠦ︾ ᠦᠭᠡᠷᠡᠴᠢᠯᠡᠯᠳᠡ ᠶᠢᠨ ᠵᠣᠬᠢᠴᠠᠭᠤᠯᠬᠤ ᠳᠣᠭᠤᠶᠢᠯᠠᠩ ᠤᠨ 2020 ᠣᠨ ᠤ ᠨᠢᠭᠡᠳᠦᠭᠡᠷ | ᠣᠳᠠᠭᠠᠨ ᠤ ᠬᠤᠷᠠᠯ ᠢᠶᠠᠷ ᠳᠠᠮᠵᠢᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ 6 ᠰᠠᠯᠠᠭ᠎ᠠ ᠮᠦᠴᠢᠷ | ᠤᠨ 89 ᠲᠦᠷᠦᠯ ᠤᠨ ᠵᠠᠰᠠᠭ ᠵᠠᠬᠢᠷᠭᠠᠨ ᠤ ᠡᠷᠭᠡ ᠶᠢᠨ ᠵᠦᠢᠯ ᠢ ᠰᠣᠮᠣ ᠰᠢᠶᠠᠩ ᠪᠠᠯᠭᠠᠰᠣᠨ ᠳᠤ ᠪᠠᠭᠤᠯᠭᠠᠬᠤ ᠪᠠᠷ | ᠲᠣᠭᠳᠠᠪᠠ᠃ ᠲᠣᠣᠷ᠎ᠠ ᠡᠷᠭᠡ ᠶᠢᠨ ᠵᠦᠢᠯ ᠤᠨ ᠨᠠᠷᠢᠨ ᠳᠠᠩᠰᠠ ᠶᠢ ᠨᠡᠶᠢᠳᠡᠯᠡᠶ᠎ᠡ᠃ ︵ᠳᠠᠭᠠᠯᠳᠣᠭᠤᠯᠣᠯ ᠢ ᠦᠵᠡᠭᠡᠷᠡᠢ | ︶ | ᠳᠠᠭᠠᠯᠳᠣᠭᠤᠯᠣᠯ᠄ ᠰᠦᠨᠢᠳ ᠪᠠᠷᠠᠭᠤᠨ ᠬᠤᠰᠢᠭᠤᠨ ᠤ ᠰᠣᠮᠣ ᠪᠠᠯᠭᠠᠰᠣ ᠵᠠᠰᠠᠭ ᠵᠠᠬᠢᠷᠭᠠᠨ ᠤ ᠡᠷᠭᠡ ᠶᠢ | ᠳᠠᠭᠠᠭᠠᠨ ᠠᠪᠬᠤ ᠨᠠᠷᠢᠨ ᠵᠦᠢᠯᠡᠰ | | | ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 5 ᠰᠠᠷ᠎ᠠ ᠶᠢᠨ 12 ᠤ ᠡᠳᠦᠷ | | | | | | | | | | | | | | | | | | | | | | | | | | | | |