ᠰᠦᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠡᠷᠯᠡᠯ  ︵32 ᠳ᠋ᠣᠭᠠᠷ ᠲᠣᠭᠠᠳᠣ︶
ᠨᠡᠶᠢᠲᠡᠯᠡᠭᠰᠡᠨ ᠴᠠᠭ᠄
2020/6/17
      ᠰᠦᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ       ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠡᠷᠯᠡᠯ                           ︵32 ᠳ᠋ᠣᠭᠠᠷ ᠲᠣᠭᠠᠳᠣ︶      ᠣᠷᠴᠢᠮ᠂ ᠪᠡᠭᠡᠵᠢᠩ ᠬᠤᠳᠠ ᠳᠤ ᠲᠣᠰ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠳ ᠣᠯᠠᠰᠢᠷᠠᠭᠰᠠᠨ ᠪᠠᠶᠢᠨ᠎ᠠ᠃ ︽ᠭᠠᠳᠠᠨ᠎ᠠ ᠠᠴᠠ ᠬᠠᠯᠳᠠᠪᠣᠷᠢᠯᠠᠬᠤ ᠶᠢ ᠰᠡᠷᠭᠡᠶᠢᠯᠡᠬᠦ ᠪᠠ ᠲᠣᠳᠣᠭᠠᠳᠣ ᠳᠤ ᠳᠡᠯᠭᠡᠷᠡᠬᠦ ᠶᠢ ᠰᠡᠷᠭᠡᠶᠢᠯᠡᠬᠦ︾ ᠪᠠᠶᠢᠩᠭᠤᠴᠢᠯᠠᠭᠰᠠᠨ ᠰᠡᠷᠭᠡᠶᠢᠯᠡᠨ ᠬᠤᠷᠢᠭᠯᠠᠬᠤ ᠠᠷᠭ᠎ᠠ ᠪᠣᠳᠣᠯᠭ᠎ᠠ  ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠬᠤ ᠶᠢᠨ ᠲᠦᠯᠦᠭᠡ᠂ ᠲᠣᠣᠷ᠎ᠠ ᠮᠠᠨ ᠤ ᠬᠤᠰᠢᠭᠤᠨ ᠤ ᠬᠢᠵᠢᠭ ᠤᠨ ᠪᠠᠶᠢᠳᠠᠯ  ᠢ ᠰᠡᠷᠭᠡᠶᠢᠯᠡᠨ ᠬᠤᠷᠢᠭᠯᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠵᠠᠷᠯᠠᠶ᠎ᠠ᠃      ᠨᠢᠭᠡ᠂ ᠮᠠᠨ ᠤᠨ ᠬᠤᠰᠢᠭᠤᠨ ᠤ ᠰᠠᠭᠤᠭᠠᠯᠢ ᠠᠷᠠᠳ ᠴᠢᠬᠤᠯᠠ ᠱᠠᠭᠠᠷᠳᠠᠯᠭ᠎ᠠ ᠦᠭᠡᠢ ᠪᠣᠯ᠂ ᠣᠶᠢᠷ᠎ᠠ ᠶᠢᠨ ᠬᠤᠭᠤᠴᠠᠭᠠᠨ ᠳᠤ ᠪᠡᠭᠡᠵᠢᠩ ᠬᠤᠳᠠ ᠳᠤ ᠪᠢᠳᠡᠭᠡᠢ ᠣᠴᠢᠭᠠᠷᠠᠢ᠃ ᠭᠡᠷᠪᠡ ᠵᠠᠪᠠᠯ ᠣᠴᠢᠬᠤ ᠴᠢᠬᠤᠯᠠᠳᠠᠢ ᠪᠣᠯ᠂ ᠳᠣᠮᠳᠠ ᠦᠨᠳᠦᠷ ᠳᠡᠰ ᠤᠨ ᠠᠶᠣᠯ ᠲᠦᠭᠰᠢᠭᠦᠷᠢᠳᠠᠢ ᠭᠠᠵᠠᠷ ᠣᠷᠣᠨ ᠳᠤ ᠣᠴᠢᠬᠤ ᠠᠴᠠ ᠵᠠᠶᠢᠯᠠᠰᠬᠢᠬᠦ ᠶᠢᠨ ᠬᠠᠮᠳᠣ ᠲᠣᠰ ᠪᠡᠶ᠎ᠡ ᠶᠢᠨ ᠬᠠᠮᠠᠭᠠᠯᠠᠯᠳᠠ ᠪᠠᠨ ᠰᠠᠶᠢᠳᠣᠷ ᠬᠢᠬᠦ ᠬᠡᠷᠡᠭᠳᠠᠢ᠃ ᠪᠡᠭᠡᠵᠢᠩ ᠬᠤᠳᠠ ᠠᠴᠠ ᠬᠠᠷᠢᠵᠣ ᠢᠷᠡᠭᠰᠡᠨ ᠤ ᠳᠠᠷᠠᠭ᠎ᠠ᠂ ᠣᠴᠢᠵᠣ ᠦᠩᠭᠡᠷᠡᠭᠰᠡᠨ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠦᠭᠰᠢᠭᠦᠷᠢ ᠶᠢᠨ ᠳᠡᠰ ᠤᠨ ᠲᠣᠬᠢᠷᠠᠭᠤᠯᠣᠯᠳᠠ ᠶᠢᠨ ᠪᠠᠶᠢᠳᠠᠯ ᠢ ᠦᠨᠳᠦᠰᠦᠯᠡᠨ᠂ ᠬᠠᠮᠢᠶ᠎ᠠ ᠪᠦᠬᠦᠢ ᠬᠠᠮᠢᠶᠠᠷᠣᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠣᠷᠢᠵᠢᠭᠤᠯᠬᠤ ᠬᠡᠷᠡᠭᠳᠠᠢ᠃      ᠬᠤᠶᠠᠷ᠂ ᠮᠠᠨ ᠤ ᠬᠤᠰᠢᠭᠤᠨ ᠤ ᠰᠠᠭᠤᠭᠠᠯᠢ ᠠᠷᠠᠳ ᠲᠣᠰ ᠪᠡᠶ᠎ᠡ ᠶᠢᠨ ᠬᠠᠮᠠᠭᠠᠯᠠᠯᠳᠠ ᠶᠢ ᠴᠠᠭ ᠢᠮᠠᠭᠳᠠ ᠪᠠᠷᠢᠮᠳᠠᠯᠠᠵᠣ᠂ ᠰᠢᠨᠵᠢᠯᠡᠬᠦ ᠣᠬᠠᠭᠠᠨᠴᠢ ᠪᠠᠷ ᠠᠮᠠᠪᠴᠢ ᠵᠡᠭᠦᠵᠦ᠂ ᠭᠠᠷ ᠢᠶᠠᠨ ᠦᠷᠭᠦᠯᠵᠢ ᠣᠬᠢᠶᠠᠨ᠂ ᠢᠯᠡᠭᠦᠭᠡᠨ ᠰᠠᠯᠬᠢ ᠨᠡᠪᠳᠡᠷᠡᠭᠦᠯᠵᠦ᠂ ᠵᠣᠬᠢᠬᠤ ᠵᠠᠢ ᠶᠢ ᠠᠩᠬᠠᠷᠴᠣ᠂ ᠪᠦᠭᠡᠮᠨᠡᠷᠡᠨ ᠴᠣᠭᠯᠠᠷᠠᠬᠤ ᠦᠭᠡᠢ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠠᠷᠢᠮᠳᠠᠯᠠᠵᠣ᠂ ᠴᠢᠯᠦᠭᠡᠲᠦ ᠳᠡᠯᠭᠡᠭᠦᠷ᠂ ᠢᠳᠡᠰᠢᠨ ᠨᠣᠭᠤᠭᠠᠨ ᠤ ᠵᠠᠬ᠎ᠠ ᠳᠡᠯᠭᠡᠭᠦᠷ᠂ ᠠᠭᠤᠳᠠᠮ ᠲᠠᠯᠠᠪᠠᠢ ᠵᠡᠷᠭᠡ ᠬᠦᠮᠦᠨ ᠣᠯᠠᠨ ᠭᠠᠵᠠᠷ ᠲᠤ ᠣᠴᠢᠬᠤ ᠳᠠᠭᠠᠨ ᠠᠮᠠᠪᠴᠢ ᠵᠡᠭᠦᠵᠦ᠂ ᠡᠷᠡᠭᠦᠯ ᠴᠢᠬᠢᠷᠠᠭ ᠠᠮᠢᠳᠣᠷᠠᠯ ᠤᠨ ᠠᠷᠭ᠎ᠠ ᠬᠡᠯᠪᠡᠷᠢ ᠶᠢ ᠣᠷᠢᠶᠠᠯᠠᠬᠤ ᠬᠡᠷᠡᠭᠳᠠᠢ᠃ ᠬᠤᠭᠤᠯᠠ ᠣᠮᠳᠠ ᠬᠢᠬᠦ ᠳᠡᠭᠡᠨ ᠠᠮᠣᠷ ᠲᠦᠪᠰᠢᠨ ᠮᠠᠲ᠋ᠧᠷᠢᠶᠠᠯ ᠢ ᠰᠣᠩᠭᠤᠵᠣ᠂ ᠲᠦᠭᠦᠭᠡᠢ ᠪᠣᠯᠭᠤᠭᠰᠠᠨ ᠢᠳᠡᠭᠡᠨ ᠢ ᠰᠠᠯᠭᠠᠵᠣ ᠬᠠᠳᠠᠭᠠᠯᠠᠨ᠎ᠠ᠃ ᠢᠳᠡᠭᠡᠨ ᠢ ᠭᠦᠢᠴᠡᠳ ᠪᠣᠯᠭᠤᠵᠣ᠂ ᠲᠦᠬᠦᠭᠡᠢ ᠪᠠᠷ ᠢᠳᠡᠬᠦ ᠦᠭᠡᠢ ᠪᠠᠶᠢᠵᠣ᠂ ᠢᠳᠡᠭᠡᠨ ᠠᠴᠠ ᠪᠣᠯᠣᠭᠰᠠᠨ ᠡᠪᠡᠳᠴᠢᠨ ᠪᠠ ᠢᠳᠡᠭᠡᠨ ᠤ ᠠᠮᠣᠷ ᠲᠦᠪᠰᠢᠨ ᠤ ᠬᠡᠷᠡᠭ ᠡᠭᠦᠰᠬᠦ ᠠᠴᠠ  ᠵᠠᠶᠢᠯᠠᠰᠬᠢᠬᠦ ᠬᠡᠷᠡᠭᠳᠠᠢ᠃      ᠭᠤᠷᠪᠠ᠂ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠴᠠᠭ ᠲᠣᠬᠠᠢ ᠳᠤᠨᠢ ᠠᠮᠠᠪᠴᠢ ᠵᠡᠭᠦᠵᠦ ᠲᠣᠭᠳᠠᠭᠰᠠᠨ ᠡᠮᠨᠡᠯᠭᠡ ᠶᠢᠨ ᠬᠤᠷᠢᠶᠠᠨ ᠳᠤ ᠬᠦᠷᠴᠦ ᠪᠠᠶᠢᠴᠠᠭᠠᠯᠭᠠᠨ ᠡᠮᠴᠢᠯᠡᠭᠦᠯᠵᠦ᠂ ᠡᠮᠨᠡᠯᠭᠡ  ᠶᠢᠨ ᠬᠤᠷᠢᠶᠠᠨ ᠳᠤ ᠣᠴᠢᠬᠤ ᠳᠠᠭᠠᠨ ᠠᠯᠢ ᠪᠣᠯᠬᠤ ᠪᠠᠷ ᠲᠦᠷᠢᠶᠡᠰᠦᠨ ᠮᠠᠰᠢᠨ ᠲᠡᠷᠭᠡᠨ ᠳᠤ ᠰᠠᠭᠤᠬᠤ ᠠᠴᠠ ᠵᠠᠶᠢᠯᠠᠰᠬᠢᠬᠦ ᠬᠡᠷᠡᠭᠳᠠᠢ᠃ᠮᠠᠨ ᠤ ᠬᠤᠰᠢᠭᠤᠨ ᠤ ᠰᠡᠷᠭᠡᠶᠢᠯᠡᠯᠳᠡ ᠬᠠᠮᠠᠭᠠᠯᠠᠯᠳᠠ ᠶᠢᠨ ᠡᠳ᠋ ᠪᠣᠳᠠᠰ ᠪᠠ ᠠᠮᠢᠳᠣᠷᠠᠯ ᠤᠨ ᠴᠢᠬᠤᠯᠠ ᠬᠡᠷᠡᠭᠴᠡᠭᠡᠨ  ᠤ ᠵᠦᠢᠯ ᠤᠨ ᠬᠠᠩᠭᠠᠯᠭ᠎ᠠ ᠭᠦᠢᠴᠡᠳ ᠮᠦᠷᠳᠡᠭᠡᠨ ᠲᠡᠭᠡᠭᠡᠪᠦᠷᠢ ᠶᠢᠨ ᠵᠠᠮ ᠱᠣᠭᠤᠮ ᠴᠣ᠋ ᠰᠠᠭᠠᠳ ᠦᠭᠡᠢ ᠨᠡᠪᠳᠡᠷᠡᠵᠦ ᠪᠣᠢ᠃ ᠮᠠᠨ ᠤ ᠬᠤᠰᠢᠭᠤᠨ ᠤ ᠰᠠᠭᠤᠭᠠᠯᠢ ᠠᠷᠠᠳ ᠪᠠᠷᠠᠭᠠᠨ ᠤ ᠦᠨ᠎ᠡ ᠶᠢ ᠲᠣᠷᠠᠪᠡᠷ ᠦᠰᠭᠡᠬᠦ᠂ ᠡᠳ᠋ ᠪᠠᠷᠠᠭ᠎ᠠ ᠬᠠᠳᠠᠭᠠᠯᠠᠬᠤ᠂ ᠠᠰᠢᠭ ᠬᠤᠨᠵᠢᠬᠤ᠂ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠦᠨᠳᠦ ᠨᠣᠴᠢᠳᠠᠢ ᠰᠠᠮᠠᠷᠠᠭᠤᠯᠬᠤ ᠪᠠ ᠴᠣᠣᠷᠬᠠᠯ ᠲᠠᠯᠪᠢᠨ ᠲᠠᠷᠬᠠᠭᠠᠬᠤ ᠵᠡᠷᠭᠡ ᠠᠵᠢᠯᠯᠠᠭ᠎ᠠ ᠶᠢ ᠢᠯᠡᠷᠡᠭᠦᠯᠪᠡᠯ ᠢᠳᠡᠪᠬᠢᠳᠠᠢ ᠢᠯᠠᠴᠢᠯᠠᠨ ᠮᠡᠳᠡᠭᠦᠯᠵᠦ᠂ ᠡᠶ᠎ᠡ ᠵᠣᠬᠢᠴᠠᠯᠳᠣ ᠲᠣᠭᠳᠠᠭᠤᠨ ᠪᠠᠶᠢᠳᠠᠯ ᠢ ᠬᠠᠮᠳᠣᠪᠡᠷ ᠬᠠᠮᠠᠭᠠᠯᠵᠠᠭᠠᠶ᠎ᠠ᠃      ᠬᠤᠰᠢᠭᠤ ᠵᠢᠯᠣᠭᠤᠳᠬᠤ ᠭᠠᠵᠠᠷ ᠤᠨ ᠶᠡᠷᠦᠩᠭᠡᠶᠢᠯᠡᠨ ᠵᠣᠬᠢᠴᠠᠭᠤᠯᠬᠤ ᠳᠣᠭᠤᠶᠢᠯᠠᠩ ᠤᠨ ᠬᠠᠷᠢᠯᠴᠠᠬᠤ ᠣᠳᠠᠰᠣ᠄ 0479 —7213649      ᠬᠤᠰᠢᠭᠤ ᠵᠢᠯᠣᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠳᠣᠭᠤᠶᠢᠯᠠᠩ ᠤᠨ ᠬᠠᠷᠢᠯᠴᠠᠬᠤ ᠣᠳᠠᠰᠣ᠄ 0479 —7210609      ᠬᠤᠰᠢᠭᠤ ᠵᠢᠯᠣᠭᠤᠳᠬᠤ ᠭᠠᠵᠠᠷ ᠤᠨ ᠡᠮᠴᠢᠯᠡᠭᠡᠨ ᠤ ᠳᠣᠭᠤᠶᠢᠯᠠᠩ ᠤᠨ ᠬᠠᠷᠢᠯᠴᠠᠬᠤ ᠣᠳᠠᠰᠣ᠄ 13722093066      ᠬᠤᠰᠢᠭᠤ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠣᠨ ᠡᠵᠡᠮᠳᠡᠬᠦ ᠳᠣᠭᠤᠶᠢᠯᠠᠩ ᠤᠨ ᠬᠠᠷᠢᠯᠴᠠᠬᠤ ᠣᠳᠠᠰᠣ᠄ 0479 —7229015      ᠬᠤᠰᠢᠭᠤ ᠵᠢᠯᠣᠭᠤᠳᠬᠤ ᠭᠠᠵᠠᠷ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠤᠨ ᠳᠣᠭᠤᠶᠢᠯᠠᠩ ᠤᠨ ᠬᠠᠷᠢᠯᠴᠠᠬᠤ ᠣᠳᠠᠰᠣ᠄ 15047927700            ᠰᠦᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ        ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠭᠠᠵᠠᠷ                      2020 ᠣᠨ ᠤ 6 ᠰᠠᠷ᠎ᠠ ᠶᠢᠨ14 ᠤ ᠡᠳᠦᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号