ᠰᠦᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠭᠡᠯᠳᠡᠰ ᠤᠨ ᠠᠯᠪᠠᠨ ᠵᠠᠷ | ︵33 ᠳ᠋ᠤᠭᠠᠷ ᠲᠤᠭᠠᠲᠦ︶ | ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠨ ᠬᠤᠷᠢᠭᠯᠠᠬᠤ ᠠᠵᠢᠯ ᠤᠨ | ᠵᠢᠯᠤᠭᠤᠳᠬᠤ ᠭᠡᠯᠳᠡᠰ ᠤᠨ ᠱᠠᠭᠠᠷᠳᠠᠯᠭ᠎ᠠ ᠶᠤᠰᠤᠭᠠᠷ᠂ ︽ᠭᠠᠳᠠᠨ᠎ᠠ ᠠᠴᠠ ᠤᠷᠤᠵᠦ ᠢᠷᠡᠬᠦ ᠪᠠ ᠳᠤᠳᠤᠭᠠᠲᠦ ᠳᠤ | ᠪᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠰᠡᠷᠭᠡᠶᠢᠯᠡᠯᠳᠡ ᠶᠢᠨ ᠪᠠᠶᠢᠯᠳᠤᠬᠤ ᠪᠤᠳᠤᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠦ᠂ ᠭᠠᠳᠠᠨ᠎ᠠ ᠠᠴᠠ ᠤᠷᠤᠵᠦ ᠢᠷᠡᠬᠦ ᠬᠢᠵᠢᠭ ᠤᠨ ᠪᠠᠶᠢᠳᠠᠯ ᠤᠨ ᠰᠡᠷᠭᠡᠶᠢᠯᠡᠯᠳᠡ ᠶᠢᠨ ᠠᠵᠢᠯ ᠢ | ᠨᠠᠷᠢᠯᠢᠭ ᠤᠨᠤᠪᠴᠢᠲᠠᠢ ᠰᠠᠶᠢᠳᠤᠷ ᠬᠢᠬᠦ ᠶᠢᠨ ᠲᠤᠯᠠᠳᠠ᠂ ᠬᠢᠵᠢᠭ ᠤᠨ ᠲᠤᠮᠳᠠ᠂ ᠬᠦᠨᠲᠦ ᠲᠦᠭᠰᠢᠭᠦᠷᠢᠲᠦ ᠤᠷᠤᠨ | ᠠᠴᠠ ᠮᠠᠨ ᠤ ᠬᠤᠰᠢᠭᠤᠨ ᠳᠤ ᠢᠷᠡᠭᠰᠡᠳ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠤᠭᠳᠠᠯ ᠪᠦᠬᠦᠢ ᠵᠤᠶᠢᠯᠡᠰ ᠢ | ᠲᠤᠤᠷᠠᠬᠢ ᠮᠡᠲᠦ ᠮᠡᠳᠡᠭᠳᠡᠶ᠎ᠡ᠃ | ᠨᠢᠭᠡ᠂ 5 ᠰᠠᠷ᠎ᠠ ᠶᠢᠨ 30 ᠤ ᠡᠳᠦᠷ ᠤᠨ ᠲᠡᠭ ᠴᠠᠭ ᠠᠴᠠ ᠬᠤᠶᠢᠰᠢ᠂ ᠪᠡᠭᠡᠵᠢᠩ ᠬᠤᠳᠠ ᠶᠢᠨ ᠰᠢ | ᠴᠧᠩ ᠲᠤᠭᠤᠷᠢᠭ᠂ ᠹᠧᠩ ᠲᠠᠢ ᠲᠤᠭᠤᠷᠢᠭ᠂ ᠹᠠᠩ ᠱᠠᠨ ᠲᠤᠭᠤᠷᠢᠭ᠂ ᠳ᠋ᠠ ᠰᠢᠩ ᠲᠤᠭᠤᠷᠢᠭ ᠵᠡᠷᠭᠡ ᠬᠢᠵᠢᠭ ᠤᠨ | ᠲᠤᠮᠳᠠ᠂ ᠬᠦᠨᠲᠦ ᠲᠡᠰ ᠤᠨ ᠲᠦᠭᠰᠢᠭᠦᠷᠢᠲᠦ ᠤᠷᠤᠨ ᠠᠴᠠ ᠮᠠᠨ ᠤ ᠬᠤᠰᠢᠭᠤᠨ ᠳᠤ ᠢᠷᠡᠭᠰᠡᠳ ᠪᠠ ᠪᠡᠭᠡᠵᠢᠩ | ᠬᠤᠳᠠ ᠶᠢᠨ ᠰᠢᠨ ᠹᠠ ᠳ᠋ᠢ ᠵᠠᠬ᠎ᠠ ᠲᠡᠯᠭᠡᠭᠦᠷ ᠠᠴᠠ ᠢᠷᠡᠭᠰᠡᠳ᠂ ᠦᠪᠡᠷ ᠤᠨ ᠪᠠᠶᠢᠭ᠎ᠠ ᠨᠡᠶᠢᠭᠡᠮ ᠲᠤᠭᠤᠷᠢᠭ᠂ | ᠭᠠᠴᠠᠭ᠎ᠠ ᠲᠤᠰᠬᠤᠨ᠂ ᠪᠠᠶᠢᠭᠤᠯᠭ᠎ᠠ ᠨᠢᠭᠡᠴᠢ ᠳᠤ ᠪᠠᠨ ᠬᠤᠪᠢ ᠬᠦᠮᠦᠨ ᠤ ᠡᠷᠡᠬᠦᠯ ᠮᠡᠨᠲᠦ ᠶᠢᠨ ᠪᠠᠶᠢᠳᠠᠯ ᠢᠶᠠᠨ | ᠰᠠᠨᠠᠭᠠᠴᠢᠯᠠᠭ᠎ᠠ ᠠᠴᠠ ᠪᠠᠨ ᠮᠡᠳᠡᠬᠦᠯᠬᠦ ᠶᠢᠨ ᠬᠠᠮᠲᠦ ︽14 ᠡᠳᠦᠷ ᠲᠦᠪᠯᠡᠷᠡᠬᠦᠯᠦᠨ ᠲᠤᠰᠠᠭᠠᠷᠯᠠᠵᠦ ᠠᠨᠠᠭᠠᠬᠤ | ᠤᠬᠠᠭᠠᠨ ᠤ ᠠᠵᠢᠭᠯᠠᠯᠳᠠ ᠬᠢᠬᠦ + 2 ᠤᠳᠠᠭᠠᠨ ᠤ ᠪᠦᠭᠡᠮ ᠬᠦᠴᠢᠯ ᠤᠨ ᠪᠠᠶᠢᠴᠠᠭᠠᠯᠳᠠ ᠬᠢᠬᠦ + 1 ᠤᠳᠠᠭᠠᠨ ᠤ | ᠴᠢᠰᠦᠨ ᠴᠠᠶᠢᠪᠠᠩ ᠤᠨ ᠪᠠᠶᠢᠴᠠᠭᠠᠯᠳᠠ ᠬᠢᠬᠦ︾ ᠬᠠᠮᠢᠶᠠᠷᠤᠯᠳᠠ ᠶᠢᠨ ᠠᠷᠭ᠎ᠠ ᠪᠠᠷᠢᠯ ᠢ ᠬᠡᠷᠡᠭᠵᠢᠬᠦᠯᠬᠦ ᠬᠡᠷᠡᠭᠲᠠᠢ᠃ | ᠪᠦᠭᠡᠮ ᠬᠦᠴᠢᠯ ᠪᠠ ᠴᠢᠰᠦᠨ ᠴᠠᠶᠢᠪᠠᠩ ᠤᠨ ᠪᠠᠶᠢᠴᠠᠭᠠᠯᠳᠠ ᠨᠢ ᠰᠦᠢᠳᠬᠡᠯ ᠬᠤᠷᠢᠶᠠᠬᠤ ᠦᠭᠡᠢ᠂ ᠲᠦᠪᠯᠡᠷᠡᠬᠦᠯᠦᠨ | ᠲᠤᠰᠠᠭᠠᠷᠯᠠᠭᠰᠠᠨ ᠪᠤᠯᠤᠭᠰᠠᠨ ᠬᠤᠭᠤᠯᠠ ᠬᠤᠨᠤᠭ ᠤᠨ ᠵᠠᠷᠤᠳᠠᠯ ᠢ ᠬᠤᠪᠢ ᠬᠦᠮᠦᠨ ᠦᠪᠡᠰᠦᠪᠡᠨ ᠬᠠᠷᠢᠭᠤᠴᠠᠨ᠎ᠠ᠃ | ᠬᠤᠶᠠᠷ᠂ ᠪᠡᠭᠡᠵᠢᠩ ᠬᠤᠳᠠ ᠶᠢᠨ ᠪᠤᠰᠤᠳ ᠲᠤᠤᠷ᠎ᠠ ᠲᠦᠭᠰᠢᠭᠦᠷᠢᠲᠦ ᠤᠷᠤᠨ ᠠᠴᠠ ᠮᠠᠨ ᠤ ᠬᠤᠰᠢᠭᠤᠨ | ᠳᠤ ᠢᠷᠡᠭᠰᠡᠳ ᠲᠤᠰ ᠪᠡᠶ᠎ᠡ ᠶᠢᠨ ᠬᠠᠮᠠᠭᠠᠯᠠᠯᠳᠠ ᠪᠠᠨ ᠰᠠᠶᠢᠳᠤᠷ ᠬᠢᠵᠦ᠂ ᠡᠯ᠎ᠡ ᠨᠡᠶᠢᠭᠡᠮ ᠲᠤᠭᠤᠷᠢᠭ᠂ ᠭᠠᠴᠠᠭ᠎ᠠ | ᠲᠤᠰᠬᠤᠨ ᠨᠢ ᠳᠠᠷᠤᠶᠢᠬᠠᠨ ᠬᠤᠯᠪᠤᠭ᠎ᠠ ᠠᠪᠴᠦ ᠪᠠᠶᠢᠳᠠᠯ ᠢ ᠠᠵᠢᠭᠯᠠᠬᠤ ᠬᠡᠷᠡᠭᠲᠠᠢ᠃ | ᠭᠤᠷᠪᠠ᠂ ᠬᠢᠵᠢᠭ ᠤᠨ ᠲᠤᠮᠳᠠ᠂ ᠬᠦᠨᠲᠦ ᠲᠡᠰ ᠤᠨ ᠲᠦᠭᠰᠢᠭᠦᠷᠢᠲᠦ ᠤᠷᠤᠨ ᠠᠴᠠ ᠮᠠᠨ ᠤ ᠬᠤᠰᠢᠭᠤᠨ | ᠳᠤ ᠢᠷᠡᠭᠰᠡᠳ ᠬᠢᠵᠢᠭ ᠤᠨ ᠰᠡᠷᠭᠡᠶᠢᠯᠡᠨ ᠬᠤᠷᠢᠭᠯᠠᠬᠤ ᠬᠤᠯᠪᠤᠭᠳᠠᠯ ᠪᠦᠬᠦᠢ ᠲᠤᠭᠳᠠᠭᠠᠯ ᠢ ᠡᠷᠬᠡᠪᠰᠢ ᠴᠢᠩᠭ᠎ᠠ | ᠵᠢᠷᠤᠮᠯᠠᠵᠦ᠂ ᠮᠡᠳᠡᠭᠡ ᠵᠠᠩᠬᠢ ᠶᠢ ᠬᠤᠳᠠᠯ ᠬᠠᠭᠤᠷᠮᠠᠭ ᠢᠶᠠᠷ ᠮᠡᠳᠡᠬᠦᠯᠬᠦ ᠪᠤᠶᠤ ᠮᠡᠳᠡᠬᠦᠯᠦᠭᠰᠡᠨ ᠦᠭᠡᠢ ᠡᠰᠡᠬᠦᠯ᠎ᠡ | ᠬᠢᠵᠢᠭ ᠤᠨ ᠪᠠᠶᠢᠳᠠᠯ ᠤᠨ ᠰᠡᠷᠭᠡᠶᠢᠯᠡᠨ ᠬᠤᠷᠢᠭᠯᠠᠬᠤ ᠠᠵᠢᠯ ᠲᠠᠢ ᠬᠠᠮᠵᠢᠯᠴᠠᠭᠰᠠᠨ ᠦᠭᠡᠢ ᠠᠴᠠ ᠪᠤᠯᠵᠦ ᠬᠢᠵᠢᠭ | ᠲᠡᠯᠭᠡᠷᠡᠨ ᠦᠷ᠎ᠡ ᠳ᠋ᠦᠩ ᠬᠦᠨᠲᠦ ᠨᠤᠴᠢᠲᠠᠢ ᠪᠤᠯᠪᠠᠯ ᠬᠠᠤᠯᠢ ᠶᠤᠰᠤᠭᠠᠷ ᠬᠠᠮᠢᠶ᠎ᠠ ᠪᠦᠬᠦᠢ ᠬᠠᠷᠢᠭᠤᠴᠠᠯᠭ᠎ᠠ | ᠨᠡᠬᠡᠮᠵᠢᠯᠡᠨ᠎ᠡ᠃ | ᠲᠦᠷᠪᠡ᠂ ᠦᠷᠭᠡᠨ ᠤᠯᠠᠨ ᠰᠠᠭᠤᠭᠠᠯᠢ ᠠᠷᠠᠳ ᠬᠢᠵᠢᠭ ᠤᠨ ᠰᠡᠷᠭᠡᠶᠢᠯᠡᠯᠳᠡ ᠶᠢᠨ ᠠᠵᠢᠯ ᠢ ᠲᠡᠮᠵᠢᠬᠦ | ᠮᠦᠷᠳᠡᠭᠡᠨ ᠬᠠᠮᠵᠢᠯᠴᠠᠬᠤ ᠬᠡᠷᠡᠭᠲᠠᠢ᠃ ᠬᠢᠵᠢᠭ ᠤᠨ ᠲᠤᠮᠳᠠ᠂ ᠬᠦᠨᠲᠦ ᠲᠡᠰ ᠤᠨ ᠲᠦᠭᠰᠢᠭᠦᠷᠢᠲᠦ ᠤᠷᠤᠨ ᠠᠴᠠ | ᠮᠠᠨ ᠤ ᠬᠤᠰᠢᠭᠤᠨ ᠳᠤ ᠢᠷᠡᠭᠰᠡᠳ ᠢ ᠤᠯᠵᠦ ᠮᠡᠳᠡᠭᠰᠡᠭᠡᠷ ᠪᠠᠶᠢᠭ᠎ᠠ ᠨᠡᠶᠢᠭᠡᠮ ᠲᠤᠭᠤᠷᠢᠭ᠂ ᠭᠠᠴᠠᠭ᠎ᠠ ᠲᠤᠰᠬᠤᠨ | ᠵᠢᠴᠢ ᠪᠠᠶᠢᠭᠤᠯᠭ᠎ᠠ ᠨᠢᠭᠡᠴᠢ ᠳᠤ ᠪᠠᠨ ᠮᠡᠳᠡᠬᠦᠯᠬᠦ ᠬᠡᠷᠡᠭᠲᠠᠢ᠃ | ᠡᠭᠦᠨ ᠤ ᠬᠠᠮᠲᠦ᠂ ᠦᠷᠭᠡᠨ ᠤᠯᠠᠨ ᠰᠠᠭᠤᠭᠠᠯᠢ ᠠᠷᠠᠳ ᠳ᠋ᠢᠶᠠᠩᠬᠤᠸᠠ ᠵᠡᠷᠭᠡ ᠢᠯᠡᠴᠢᠯᠡᠨ ᠮᠡᠳᠡᠬᠦᠯᠬᠦ ᠠᠷᠭ᠎ᠠ | ᠪᠠᠷ ᠳᠠᠮᠵᠢᠵᠦ ᠢᠯᠡᠴᠢᠯᠡᠨ ᠮᠡᠳᠡᠬᠦᠯᠬᠦ ᠪᠤᠯᠪᠠᠤ ︵ᠢᠯᠡᠴᠢᠯᠡᠨ ᠮᠡᠳᠡᠬᠦᠯᠦᠭᠴᠢ ᠢᠯᠡᠴᠢᠯᠡᠨ ᠮᠡᠳᠡᠬᠦᠯᠦᠭᠳᠡᠭᠴᠢ ᠶᠢᠨ | ᠵᠢᠩᠬᠢᠨᠢ ᠨᠡᠷ᠎ᠡ᠂ ᠰᠠᠭᠤᠭ᠎ᠠ ᠭᠠᠵᠠᠷ ᠵᠡᠷᠭᠡ ᠶᠢ ᠦᠨᠡᠨ ᠮᠦᠨ ᠢᠶᠠᠷ ᠨᠢ ᠢᠯᠡᠴᠢᠯᠡᠨ ᠮᠡᠳᠡᠬᠦᠯᠬᠦ ᠬᠡᠷᠡᠭᠲᠠᠢ᠃︶ | ᠲᠠᠪᠤ᠂ ᠬᠤᠶᠢᠰᠢᠳᠠ᠂ ᠤᠯᠤᠰ ᠤᠨ ᠳᠤᠳᠤᠭᠠᠲᠦ ᠶᠢᠨ ᠬᠢᠵᠢᠭ ᠤᠨ ᠪᠠᠶᠢᠳᠠᠯ ᠤᠨ ᠬᠦᠨᠲᠦ᠂ ᠲᠤᠮᠳᠠ | ᠲᠦᠭᠰᠢᠭᠦᠷᠢᠲᠦ ᠤᠷᠤᠨ ᠠᠴᠠ ᠮᠠᠨ ᠤ ᠬᠤᠰᠢᠭᠤᠨ ᠳᠤ ᠢᠷᠡᠭᠰᠡᠳ ᠲᠡᠭᠡᠷᠡᠬᠢ ᠲᠤᠭᠳᠠᠭᠠᠯ ᠢ ᠴᠢᠩᠭ᠎ᠠ ᠬᠡᠷᠡᠭᠵᠢᠬᠦᠯᠬᠦ | ᠬᠡᠷᠡᠭᠲᠠᠢ᠃ | | ᠬᠤᠰᠢᠭᠤ ᠵᠢᠯᠤᠭᠤᠳᠬᠤ ᠭᠡᠯᠳᠡᠰ ᠤᠨ ᠶᠡᠷᠦᠩᠬᠡᠶᠢᠯᠡᠨ ᠵᠤᠬᠢᠴᠠᠭᠤᠯᠬᠤ ᠲᠤᠭᠤᠶᠢᠯᠠᠩ ᠤᠨ ᠬᠠᠷᠢᠯᠴᠠᠬᠤ | ᠤᠳᠠᠰᠤ᠄ 0479 — 7213649 | ᠬᠤᠰᠢᠭᠤ ᠵᠢᠯᠤᠭᠤᠳᠬᠤ ᠭᠡᠯᠳᠡᠰ ᠤᠨ ᠬᠢᠵᠢᠭ ᠢ ᠰᠡᠷᠭᠡᠶᠢᠯᠡᠨ ᠬᠤᠷᠢᠭᠯᠠᠬᠤ ᠲᠤᠭᠤᠶᠢᠯᠠᠩ ᠤᠨ ᠬᠠᠷᠢᠯᠴᠠᠬᠤ | ᠤᠳᠠᠰᠤ᠄ 0479 — 7221008 | ᠬᠤᠰᠢᠭᠤ ᠵᠢᠯᠤᠭᠤᠳᠬᠤ ᠭᠡᠯᠳᠡᠰ ᠤᠨ ᠡᠮᠴᠢᠯᠡᠭᠡᠨ ᠤ ᠠᠪᠤᠷᠠᠨ ᠲᠤᠰᠠᠯᠠᠬᠤ ᠲᠤᠭᠤᠶᠢᠯᠠᠩ ᠤᠨ ᠬᠠᠷᠢᠯᠴᠠᠬᠤ | ᠤᠳᠠᠰᠤ᠄ 13722093066 | ᠬᠤᠰᠢᠭᠤ ᠵᠢᠯᠤᠭᠤᠳᠬᠤ ᠭᠡᠯᠳᠡᠰ ᠤᠨ ᠨᠡᠶᠢᠭᠡᠮ ᠤᠨ ᠬᠠᠮᠢᠶᠠᠷᠤᠯᠳᠠ ᠶᠢᠨ ᠲᠤᠭᠤᠶᠢᠯᠠᠩ ᠤᠨ ᠬᠠᠷᠢᠯᠴᠠᠬᠤ | ᠤᠳᠠᠰᠦ᠄ 0479 — 7229015 | ᠬᠤᠰᠢᠭᠤ ᠬᠢᠵᠢᠭ ᠢ ᠰᠡᠷᠭᠡᠶᠢᠯᠡᠬᠦ ᠲᠦᠪ ᠤᠨ ᠬᠠᠷᠢᠯᠴᠠᠬᠤ ᠤᠳᠠᠰᠤ᠄ 0479 — 7210609 | | | ᠰᠦᠨᠢᠳ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠭᠡᠯᠳᠡᠰ | 2020 ᠤᠨ ᠤ 6 ᠰᠠᠷ᠎ᠠ ᠶᠢᠨ 15 ᠤ ᠡᠳᠦᠷ | |