ᠦᠨᠦᠲᠦᠷ ᠠᠴᠠ ᠡᠬᠢᠯᠡᠨ ᠠᠮᠤᠷ ᠲᠦᠪᠰᠢᠨ ᠤ ᠲᠤᠭᠤᠯᠠᠭ᠎ᠠ ᠪᠠ ᠠᠶᠤᠯᠬᠦᠢ ᠶᠢᠨ ᠪᠦᠰᠡ ᠪᠠᠨ ᠵᠠᠪᠠᠯ ᠪᠦᠰᠡᠯᠡᠬᠦ ᠬᠡᠷᠡᠭᠲᠡᠢ
ᠨᠡᠶᠢᠲᠡᠯᠡᠭᠰᠡᠨ ᠴᠠᠭ᠄
2020/6/2
                             ᠰᠤᠷᠪᠤᠯᠵᠢᠯᠠᠭᠴᠢ᠄ ᠳᠡᠯᠭᠡᠷᠴᠡᠴᠡᠭ      ᠳᠤᠳᠤᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠳᠤᠪᠴᠢᠶᠠᠨ ᠤ ᠬᠤᠯᠪᠤᠭᠳᠠᠯ ᠪᠦᠬᠦᠢ ᠱᠠᠭᠠᠷᠳᠠᠯᠭ᠎ᠠ ᠪᠠᠷ᠂ 6 ᠰᠠᠷ᠎ᠠ ᠶᠢᠨ 1 ᠠᠴᠠ ᠡᠬᠢᠯᠡᠨ᠂ ᠬᠤᠰᠢᠭᠤ ᠳᠤᠳᠤᠭᠠᠳᠤ ᠶᠢ ᠬᠠᠮᠠᠭᠠᠯᠠᠬᠤ ᠳᠤᠪᠴᠢᠶᠠᠨ ᠤ ᠵᠠᠮ ᠬᠠᠷᠢᠯᠴᠠᠭᠠᠨ ᠤ ᠴᠠᠭᠳᠠᠭᠠᠨ ᠤ ᠰᠠᠯᠪᠤᠷᠢ ᠠᠩᠭᠢ᠂ ᠪᠦᠬᠦ ᠬᠤᠰᠢᠭᠤᠨ ᠤ ᠬᠡᠪᠴᠢᠶᠡᠨ ᠳᠠᠬᠢ ᠮᠤᠲ᠋ᠤᠷ᠂ ᠴᠠᠬᠢᠯᠭᠠᠨ ᠬᠦᠲᠡᠯᠭᠡᠭᠦᠷᠲᠦ ᠳᠤᠭᠤᠢ ᠤᠨᠤᠭᠰᠠᠳ ᠤᠨ ᠠᠮᠤᠷ ᠲᠦᠪᠰᠢᠨ ᠤ ᠳᠤᠭᠤᠯᠠᠭ᠎ᠠ ᠡᠮᠦᠰᠦᠭᠰᠡᠨ ᠦᠬᠡᠢ ᠪᠠ ᠮᠠᠰᠢᠨ ᠳᠡᠷᠭᠡᠨ ᠤ ᠵᠢᠯᠤᠭᠤᠴᠢ ᠶᠢᠨ ᠠᠶᠤᠯᠬᠦᠢ ᠶᠢᠨ ᠪᠦᠰᠡ ᠪᠠᠨ ᠪᠦᠰᠡᠯᠡᠭᠰᠡᠨ ᠦᠬᠡᠢ ᠪᠠᠶᠢᠳᠠᠯ ᠢ ᠬᠠᠤᠯᠢ ᠶᠤᠰᠤᠭᠠᠷ ᠪᠠᠶᠢᠴᠠᠭᠠᠵᠤ ᠡᠬᠢᠯᠡᠯ᠎ᠡ᠃      ᠤᠶᠢᠯᠠᠭᠠᠭᠰᠠᠨ ᠢᠶᠠᠷ ᠬᠤᠶᠢᠰᠢᠲᠠ ᠠᠮᠤᠷ ᠲᠦᠪᠰᠢᠨ ᠤ ᠪᠠᠶᠢᠴᠠᠭᠠᠯᠲᠠ ᠪᠠ ᠤᠬᠠᠭᠤᠯᠭ᠎ᠠ ᠴᠡᠭᠴᠡᠯᠡᠯᠳᠡ ᠪᠠᠷ ᠲᠠᠮᠵᠢᠭᠤᠯᠤᠨ᠂ ᠤᠯᠠᠨ ᠤ ᠠᠮᠤᠷ ᠲᠦᠪᠰᠢᠨ ᠤ ᠤᠬᠠᠮᠰᠠᠷ ᠪᠠ ᠬᠠᠤᠯᠢ ᠲᠦᠷᠢᠮ ᠤᠨ ᠤᠬᠠᠮᠰᠠᠷ ᠢ ᠳᠡᠭᠡᠭᠰᠢᠯᠡᠬᠦᠯᠦᠨ ᠂ ᠵᠠᠮ ᠬᠠᠷᠢᠯᠴᠠᠭᠠᠨ ᠤ ᠬᠠᠤᠯᠢ ᠲᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠪᠦᠲᠦᠮᠵᠢᠳᠡᠢ ᠴᠤᠬᠢᠯᠳᠠ ᠦᠭᠴᠦ᠂ ᠠᠷᠠᠳ ᠤᠯᠠᠨ ᠤ ᠶᠠᠪᠤᠵᠤ ᠰᠠᠭᠤᠬᠤ ᠳᠤ ᠠᠮᠤᠷ ᠲᠦᠪᠰᠢᠨ᠂ ᠪᠤᠯᠪᠠᠰᠤᠨ᠂ ᠰᠠᠭᠠᠳ ᠦᠬᠡᠢ ᠵᠠᠮ ᠬᠠᠷᠢᠯᠴᠠᠭᠠᠨ ᠤ ᠤᠷᠴᠢᠨ ᠢ ᠪᠤᠢ ᠪᠤᠯᠭᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号