ᠰᠢᠨ᠎ᠠ ᠴᠠᠭ ᠦᠶ᠎ᠡ ᠶᠢᠨ ᠪᠤᠯᠪᠠᠰᠤᠨ ᠢ ᠮᠠᠩᠬᠠᠨ ᠨᠤᠳᠤᠭ ᠲᠤ ᠦᠨᠳᠦᠰᠦᠯᠡᠬᠦᠯᠦᠯ᠎ᠡ
ᠨᠡᠶᠢᠲᠡᠯᠡᠭᠰᠡᠨ ᠴᠠᠭ᠄
2020/6/23
            ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ      ᠬᠤᠯᠠᠨ ᠰᠢᠷᠭ᠎ᠠ ᠳᠠᠭ᠎ᠠ ᠶᠢᠨ ᠡᠯᠡᠰᠦᠨ ᠴᠦᠯ ᠳᠤ ᠤᠷᠤᠰᠢᠳᠠᠭ ᠰᠠᠶᠢᠬᠠᠠᠠᠦ᠋ᠯᠵᠡᠢ ᠰᠤᠮᠤᠨ ᠤ ᠨᠤᠭᠤᠭᠠᠨᠳᠠᠯ᠎ᠠ ᠭᠠᠴᠠᠭᠠᠨ ᠤ ︽ᠪᠤᠶᠠᠨᠳᠤ ᠨᠤᠳᠤᠭ︾ ᠰᠠᠶᠢᠨ ᠳᠤᠷᠠᠴᠤᠳ ᠤᠨ ᠦᠢᠯᠡᠴᠢᠯᠡᠭᠡᠨ ᠤ ᠠᠩᠬᠢ ᠨᠢ  ︽ᠰᠠᠶᠢᠨ ᠳᠤᠷ᠎ᠠ ᠶᠢᠨ ᠦᠢᠯᠡᠴᠢᠯᠡᠭᠡ ᠶᠢ ᠡᠯᠡᠰᠦᠨ ᠨᠤᠳᠤᠭ ᠲᠤ ᠭᠦᠷᠬᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠬᠡ ᠶᠢ ᠮᠠᠩᠬᠠᠨ ᠬᠦᠨ ᠳᠤ ᠦᠨᠳᠦᠰᠦᠯᠡᠬᠦᠯᠬᠦ︾ ᠠᠩᠬᠠᠨ ᠤ ᠠᠮᠠᠯᠠᠯᠳᠠ ᠪᠠᠨ ᠪᠤᠳᠠᠳᠤ ᠦᠢᠯᠡ ᠠᠵᠢᠯᠯᠠᠭ᠎ᠠ ᠪᠠᠷ ᠢᠶᠠᠨ ᠦᠢᠯᠡᠳᠦᠯᠬᠡᠵᠢᠬᠦᠯᠵᠦ ᠪᠠᠶᠢᠨ᠎ᠠ᠃
     ᠨᠤᠭᠤᠭᠠᠨᠳᠠᠯ᠎ᠠ ᠭᠠᠴᠠᠭᠠᠨ ᠤ ᠮᠠᠯᠴᠢᠨ ᠴᠡ᠊᠂ ᠰᠡᠴᠡᠨᠪᠠᠭᠠᠳᠤᠷ ᠤᠨ ᠬᠢ᠂ ᠬᠤᠷᠢᠶᠠᠯᠳᠠᠳᠠᠢ ᠬᠦᠷᠵᠡᠩ ᠢᠶᠠᠨ ᠵᠠᠶᠢᠴᠢᠯᠠᠨ ᠰᠢᠨ᠎ᠡ ᠬᠠᠰᠢᠶ᠎ᠠ ᠰᠠᠷᠠᠪᠴᠢ ᠪᠠᠶᠢᠭᠤᠯᠬᠤ ᠰᠠᠨᠠᠭ᠎ᠠ ᠲᠠᠢ ᠴᠦ ᠬᠤᠶᠠᠷ ᠨᠠᠰᠤᠳᠠᠨ ᠤ ᠴᠢᠲᠠᠯ ᠲᠡᠩᠭᠡᠭᠡ ᠨᠢ ᠠᠷᠠᠢ ᠬᠦᠷᠬᠦ ᠦᠭᠡᠢ ᠭᠠᠴᠢᠭᠲᠠᠵᠤ ᠪᠠᠶᠢᠭ᠎ᠠ ᠶᠢ ᠰᠤᠨᠤᠰᠤᠭᠰᠠᠨ ︽ᠪᠤᠶᠠᠨᠳᠤ ᠨᠤᠳᠤᠭ︾ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠶᠢᠨ ᠠᠷᠪᠠᠭᠠᠳ ᠮᠠᠯᠴᠢᠳ ᠳᠡᠳᠡᠨ ᠤ ᠬᠤᠳᠠᠨ ᠳᠤ ᠬᠦᠷᠦᠯᠴᠡᠨ ᠢᠷᠡᠵᠦ᠂ ᠠᠭᠠᠬᠢᠮ᠎ᠠ ᠬᠠᠯᠠᠭᠤᠨ ᠢ ᠤᠮᠠᠷᠲᠠᠨ᠂ ᠬᠤᠷᠢᠶᠠᠯᠳᠠᠢ ᠬᠦᠷᠵᠡᠩ ᠢ ᠨᠢ ᠰᠢᠯᠵᠢᠭᠦᠯᠦᠨ ᠬᠤᠷᠢᠶᠠᠵᠤ ᠦᠭᠴᠡᠢ᠃
     ᠰᠠᠶᠢᠨ ᠲᠤᠷ᠎ᠠ ᠶᠢᠨ ᠦᠢᠯᠡᠴᠢᠯᠡᠭᠡ   ᠪᠠᠷ ᠮᠠᠯᠴᠢᠨ ᠢᠶᠠᠨ ᠪᠠᠶᠠᠷᠯᠠᠭᠤᠯᠤᠭᠰᠠᠨ ᠭᠠᠴᠠᠭ᠎ᠠ ᠨᠢ ᠲᠤᠬᠠᠢ ᠶᠢᠨ ᠡᠲᠦᠷ ᠪᠠᠰᠠ ᠪᠦᠬᠦ ᠤᠯᠤᠰ ᠤᠨ ᠬᠤᠶᠠᠷ ᠬᠤᠷᠠᠯ ᠪᠠ ᠪᠦᠬᠦ ᠬᠤᠰᠢᠭᠤᠨ ᠤ ᠬᠤᠶᠠᠷ ᠬᠤᠷᠠᠯ ᠤᠨ ᠵᠣᠷᠢᠭ ᠰᠠᠨᠠᠭᠠᠨ ᠤ ᠳᠠᠶᠢᠯᠤᠮᠵᠢ ᠶᠢ ᠬᠢᠭᠰᠡᠨ ᠨᠢ ᠮᠠᠯᠴᠢᠳ ᠲᠤ ᠪᠠᠨ ᠨᠠᠮ ᠤᠨ ᠰᠢᠨ᠎ᠡ ᠲᠦᠷᠦ ᠶᠢᠨ ᠪᠤᠳᠤᠯᠭ᠎ᠠ᠂ ᠴᠢᠭᠯᠡᠯᠳᠡ ᠶᠢ ᠴᠠᠭ ᠲᠤᠬᠠᠢ ᠳᠤᠨᠢ ᠬᠦᠷᠭᠡᠭᠰᠡᠨ ᠤᠴᠢᠷᠲᠠᠢ ᠰᠤᠷᠤᠯᠴᠠᠯᠭ᠎ᠠ ᠪᠤᠯᠵᠡᠢ᠃      ᠦᠭᠡᠲᠡᠷᠭᠡᠭ᠂ ᠬᠦᠲᠡᠯᠮᠦᠷᠢᠴᠢ ᠠᠷᠠᠨᠰᠢᠨ ᠢ ᠨᠠᠮ ᠤᠨ ᠭᠡᠰᠢᠭᠦᠳ᠂ ᠮᠠᠯᠴᠢᠨ ᠲᠦᠮᠡᠨ ᠳᠡᠭᠡᠨ ᠰᠠᠭᠤᠯᠭᠠᠬᠤ ᠪᠤᠯ ᠭᠠᠴᠠᠭᠠᠨ ᠵᠦᠪᠯᠡᠯ ᠤᠨ ᠪᠠᠷᠢᠮᠲᠠᠯᠠᠯ᠃ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠠ ᠡᠪᠯᠡᠯ ᠤᠨ ᠵᠣᠬᠢᠶᠠᠨ ᠪᠠᠶᠢᠭᠤᠯᠤᠯᠳᠠ ᠴᠦ ᠭᠠᠴᠠᠭᠠᠨ ᠤ ᠪᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠥᠪᠡᠷᠮᠢᠴᠡ ᠣᠨᠴᠠᠯᠢᠭ ᠲᠠᠢ ᠦᠢᠯᠡᠴᠢᠯᠡᠬᠡᠨ ᠢᠶᠠᠷ ᠥᠪᠡᠷ ᠲᠤ ᠪᠠᠨ ᠢᠲᠡᠭᠡᠯ ᠲᠠᠢ᠂ ᠵᠦᠪ ᠰᠠᠨᠠᠭ᠎ᠠ ᠰᠡᠳᠬᠢᠯ ᠲᠠᠢ᠂ ᠪᠤᠰᠤᠳ ᠢ ᠬᠠᠶᠢᠷᠠᠯᠠᠨ ᠬᠦᠨᠲᠦᠯᠡᠬᠦ ᠰᠡᠳᠬᠢᠯ ᠲᠠᠢ ᠦᠭᠡᠲᠡᠷᠭᠡᠭ ᠮᠠᠯᠴᠢᠨ ᠪᠤᠯᠬᠤ ᠶᠢ ᠨᠢ ᠬᠦᠲᠦᠯᠦᠨ ᠵᠢᠯᠤᠭᠤᠳᠴᠤ᠂ ᠬᠦᠲᠡᠭᠡ ᠨᠤᠲᠤᠭ ᠤᠨ ᠡᠪ ᠨᠠᠶᠢᠷᠲᠠᠢ  ᠡᠯᠢᠭᠡᠰᠢᠭ ᠰᠠᠶᠢᠬᠠᠨ ᠪᠠᠶᠢᠲᠠᠯ ᠢ ᠪᠤᠢ ᠪᠤᠯᠭᠠᠬᠤ ᠶᠢ ᠵᠤᠷᠢᠵᠤ ᠪᠠᠶᠢᠭ᠎ᠠ ᠨᠢ ᠰᠠᠶᠢᠬᠠᠨ᠃ ᠪᠠᠰᠠ ᠭᠤᠤᠯ ᠰᠡᠳᠦᠪᠲᠦ ᠨᠠᠮ ᠤᠨ ᠡᠲᠦᠷᠯᠢᠭ᠂ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ᠂ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠮᠠᠯᠴᠢᠳ ᠤᠨ ᠰᠤᠶᠤᠯ ᠤᠨ ᠠᠵᠢᠯᠯᠠᠭ᠎ᠠ ᠵᠡᠷᠭᠡ ᠪᠠᠷ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠲᠦᠯᠭᠡᠵᠢᠭᠦᠯᠵᠦ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号