ᠪᠠᠶᠠᠠᠲᠠᠯ᠎ᠠ᠂  ᠪᠠᠶᠠᠠᠭᠤᠤᠯ ᠤᠨ ᠮᠠᠯᠴᠢᠳ ᠨᠦᠭᠦᠪᠦᠷᠢ ᠬᠦᠷᠲᠡᠯ᠎ᠡ
ᠨᠡᠶᠢᠲᠡᠯᠡᠭᠰᠡᠨ ᠴᠠᠭ᠄
2020/6/30
            ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ      ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ 2013 ᠤᠨ ᠠᠴᠠ ᠤᠲᠤ ᠪᠤᠯᠲᠠᠯ᠎ᠠ ᠮᠠᠨ ᠤ ᠬᠤᠰᠢᠭᠤ ᠶᠢ 4882 ᠲᠦᠮᠡᠨ ᠲᠥᠭᠦᠷᠢᠭ ᠤᠨ ᠪᠡᠯᠡ ᠤᠷᠤᠭᠤᠯᠤᠯᠲᠠ ᠪᠠᠷ ᠲᠡᠮᠵᠢᠨ᠂  ᠴᠢᠨᠡᠭᠡᠯᠢᠭ ᠨᠡᠶᠢᠭᠡᠮ ᠤᠨ ᠪᠠᠶᠢᠭᠤᠯᠤᠯᠲᠠ ᠳᠤ ᠲᠤᠰᠠᠯᠠᠭᠰᠠᠭᠠᠷ ᠪᠠᠶᠢᠨ᠎ᠠ᠃ ᠤᠶᠢᠷ᠎ᠠ ᠶᠢᠨ ᠡᠳᠦᠷ᠂ ᠵᠢᠷᠦᠬᠡ ᠪᠠᠯᠭᠠᠰᠤᠨ ᠤ 36 ᠡᠷᠦᠬᠡ ᠶᠢᠨ 84 ᠬᠥᠮᠦᠨ ᠳᠤ 148830 ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠲᠠᠷᠬᠠᠭᠠᠯ᠎ᠠ᠃ ᠡᠭᠦᠨ ᠳᠤ ᠪᠠᠶᠠᠨᠭᠤᠣᠯ ᠭᠠᠴᠠᠭᠠᠨ ᠤ 16 ᠡᠷᠦᠬᠡ ᠶᠢᠨ 38 ᠬᠥᠮᠦᠨ ᠳᠤ 76580 ᠲᠥᠭᠦᠷᠢᠭ᠂ ᠪᠠᠶᠠᠨᠲᠠᠯ᠎ᠠ ᠭᠠᠴᠠᠭᠠᠨ ᠤ 20 ᠡᠷᠦᠬᠡ ᠶᠢᠨ 46 ᠬᠥᠮᠦᠨ ᠳᠤ 72250 ᠲᠥᠭᠦᠷᠢᠭ  ᠲᠠᠷᠬᠠᠭᠠᠨ᠂ ᠮᠠᠯᠴᠢᠳ ᠤᠨ  ᠦᠢᠯᠡᠳᠪᠦᠷᠢᠯᠡᠯ ᠠᠮᠢᠲᠤᠷᠠᠯ   ᠳᠤ  ᠶᠡᠬᠡᠭᠡᠨ ᠲᠤᠰᠠ ᠪᠤᠯᠭᠠᠬᠤ ᠶᠢ ᠵᠤᠷᠢᠯ᠎ᠠ᠃
     2013ᠣᠨ ᠳᠤ᠂ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ‍ᠤᠨ‌ᠨᠠᠮ ‍ᠤᠨ‌ᠤᠳᠤᠷᠢᠳᠬᠤ ᠳᠤᠭᠤᠶᠢᠯᠠᠩ ᠮᠠᠨ ᠤ ᠬᠤᠰᠢᠭᠤ ᠲᠠᠢ ᠴᠡᠭ ᠲᠣᠭᠲᠠᠭᠠᠨ ᠬᠠᠪᠰᠤᠷᠤᠨ ᠲᠡᠳᠬᠦᠬᠦ ᠬᠠᠷᠢᠴᠠᠭ᠎ᠠ ᠪᠠᠶᠢᠭᠤᠯᠤᠨ᠂ 2014 ᠣᠨ ᠠᠴᠠ ᠪᠡᠯᠡ ᠣᠷᠣᠭᠤᠯᠤᠨ ᠬᠠᠪᠰᠤᠷᠤᠨ ᠲᠡᠳᠬᠦᠬᠦ ᠲᠦᠰᠦᠯ ᠢ ᠬᠡᠷᠡᠭᠵᠢᠭᠦᠯᠵᠦ᠂ 2016 ᠣᠨ ᠳᠤ ᠠᠩᠬ᠎ᠠ ᠤᠳᠠᠭ᠎ᠠ ᠺᠠᠳ᠋ᠷ ᠰᠣᠩᠭᠤᠨ ᠲᠣᠮᠢᠯᠠᠵᠤ ᠮᠠᠨ ᠤ ᠬᠤᠰᠢᠭᠤᠨ ᠳᠤ ᠲᠤᠰᠢᠶᠠᠯ ᠡᠭᠦᠷᠭᠡᠯᠡᠬᠦᠯᠦᠨ ᠶᠠᠳᠠᠭᠤ ᠶᠢ ᠲᠡᠳᠭᠦᠨ᠂ 2017 ᠣᠨ ᠳᠤ ᠶᠠᠳᠠᠭᠤ ᠶᠢ ᠲᠡᠳᠬᠦᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠠᠷᠢᠭᠤᠴᠠᠯᠭ᠎ᠠ ᠶᠢ ᠦᠷᠭᠦᠯᠵᠢᠯᠡᠨ ᠪᠠᠲᠤᠳᠬᠠᠵᠤ᠂ ︽ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠴᠡᠭ ᠲᠣᠭᠲᠠᠭᠠᠨ ᠶᠠᠳᠠᠭᠤ ᠶᠢ ᠲᠡᠳᠬᠦᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ᠪᠠ ︽ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠴᠡᠭ ᠲᠣᠭᠲᠠᠭᠠᠨ ᠶᠠᠳᠠᠭᠤ ᠶᠢ ᠲᠡᠳᠬᠦᠬᠦ ᠠᠵᠢᠯ ᠤᠨ ︽8 + 2︾ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠲᠥᠰᠦᠯ︾ ᠢ ᠲᠣᠭᠲᠠᠭᠠᠨ ᠨᠡᠶᠢᠲᠡᠯᠡᠵᠦ᠂ 2018 ᠤᠨ ᠳᠤ᠂ ᠪᠦᠯᠦᠭᠯᠡᠯ ᠨᠢ ᠮᠠᠨ ᠤ ᠬᠤᠰᠢᠭᠤ ᠲᠠᠢ ᠭᠤᠷᠪᠠᠨ ᠵᠢᠯ ᠤᠨ ᠶᠠᠳᠠᠭᠤ ᠶᠢ ᠲᠡᠳᠬᠦᠬᠦ ᠬᠠᠮᠲᠤᠷᠠᠯᠴᠠᠭᠠᠨ ᠤ ᠵᠦᠪᠳᠡᠯᠴᠡᠭᠡᠷ ᠲᠤᠭᠲᠠᠭᠠᠨ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ   ᠪᠠᠬᠢᠵᠢᠭᠦᠯᠪᠡ᠃ 2019 ᠣᠨ ᠳᠤ 1582 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠣᠷᠣᠭᠤᠯᠵᠤ᠂ ᠰᠠᠭᠤᠷᠢ ᠲᠥᠬᠦᠭᠡᠷᠦᠮᠵᠢ ᠠᠴᠠ ᠠᠵᠤ ᠦᠢᠯᠡᠰ ᠤᠨ ᠬᠠᠮᠲᠤᠷᠠᠯᠴᠠᠭ᠎ᠠ ᠬᠦᠷᠲᠡᠯ᠎ᠡ᠂ ᠨᠡᠶᠢᠭᠡᠮ ᠤᠨ ᠠᠵᠢᠯ ᠦᠢᠯᠡᠰ ᠠᠴᠠ ᠴᠢᠳᠠᠪᠤᠷᠢᠲᠠᠨ ᠬᠥᠮᠦᠵᠢᠭᠦᠯᠬᠦ ᠬᠦᠷᠲᠡᠯ᠎ᠡ ᠨᠠᠶᠢᠳᠠ 14 ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠬᠦᠯᠦᠭᠰᠡᠨ ᠶᠤᠮ︔ 2020 ᠣᠨ ᠳᠤ ᠪᠠᠷᠤᠭ 1500 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ  ᠤᠷᠤᠭᠤᠯᠤᠨ᠂ 12 ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠠᠬᠢᠵᠢᠭᠦᠯᠵᠦ᠂ ᠮᠠᠯᠴᠢᠨ ᠳᠠᠷᠢᠶᠠᠴᠢᠳ ᠤᠨ ᠣᠷᠣᠯᠭ᠎ᠠ ᠶᠢ  ᠨᠡᠮᠡᠭᠲᠡᠭᠦᠯᠭᠦ ᠪᠠᠷ ᠪᠤᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号