ᠮᠠᠨ ᠤ ᠬᠤᠰᠢᠭᠤ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠲᠦᠪ ᠤᠨ ᠪᠦᠲᠦᠬᠡᠨ ᠪᠠᠶᠢᠭᠤᠯᠤᠯᠳᠠ ᠶᠢᠨ ᠠᠩᠬᠠᠳᠠᠭᠴᠢ ᠰᠤᠷᠭᠠᠯᠲᠠ ᠶᠢ ᠡᠷᠬᠢᠯᠡᠯ᠎ᠡ
ᠨᠡᠶᠢᠲᠡᠯᠡᠭᠰᠡᠨ ᠴᠠᠭ᠄
2020/6/4
                      ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠰᠡᠷᠬᠦᠯᠡᠩ      ᠲᠦᠪ᠂ ᠦᠪᠡᠷᠲᠡᠬᠡᠨ ᠵᠠᠰᠠᠬᠤ ᠤᠷᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠲᠦᠪ ᠤᠨ ᠪᠠᠶᠢᠭᠤᠯᠤᠯᠳᠠ ᠶᠢᠨ ᠱᠠᠭᠠᠷᠳᠠᠯᠭ᠎ᠠ ᠂ ᠲᠦᠷᠦ ᠶᠢᠨ ᠪᠤᠳᠤᠯᠭ᠎ᠠ ᠶᠢ ᠤᠨᠤᠪᠴᠢᠳᠠᠢ  ᠤᠶᠢᠯᠭᠠᠨ᠂ ᠠᠵᠢᠯ ᠤᠨ ᠠᠷᠭ᠎ᠠ ᠠᠪᠴᠠᠯ ᠢ ᠰᠠᠶᠢᠲᠤᠷ ᠡᠵᠡᠮᠰᠢᠵᠦ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠤᠯᠤᠰ ᠤᠨ ᠳᠡᠰ ᠤᠨ ᠲᠤᠷᠰᠢᠯᠳᠠ ᠶᠢᠨ ᠴᠡᠭ ᠤᠨ ᠠᠵᠢᠯ ᠢ ᠠᠬᠢᠭᠤᠯᠬᠤ ᠪᠠᠷ᠂ 6 ᠰᠠᠷ᠎ᠠ ᠶᠢᠨ 4᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠠᠴᠠ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠲᠦᠪ ᠤᠨ  ᠪᠦᠲᠦᠬᠡᠨ ᠪᠠᠶᠢᠭᠤᠯᠤᠯᠳᠠ ᠶᠢᠨ ᠠᠩᠬᠠᠳᠠᠭᠴᠢ ᠤᠲᠠᠭᠠᠨ ᠤ ᠰᠤᠷᠭᠠᠯᠲᠠ ᠡᠷᠬᠢᠯᠡᠯ᠎ᠡ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ᠂ ᠬᠤᠰᠢᠭᠤ ᠳᠡᠳ᠋ ᠳᠠᠷᠤᠭ᠎ᠠ ᠼᠦᠩ ᠮᠧᠢ  ᠰᠤᠷᠭᠠᠯᠲᠠ ᠶᠢᠨ ᠨᠡᠭᠡᠭᠡᠯᠲᠡ ᠶᠢ  ᠡᠷᠬᠢᠯᠡᠨ᠂  ᠬᠤᠰᠢᠭᠤ ᠤᠳᠤᠷᠢᠳᠤᠯᠭ᠎ᠠ ᠪᠦᠷᠢᠨᠳᠡᠯᠬᠡᠷ᠂ ᠼᠣᠣ ᠱᠦ ᠸᠧᠨ᠂ ᠨᠠᠨᠳᠢᠨ᠂ ᠰᠣ᠋ ᠪᠤᠶᠠᠨ᠂ ᠴᠡᠩᠬᠡᠯ᠂ ᠸᠠᠩ ᠯᠢ ᠢᠦᠢ᠂ ᠡᠯ᠎ᠡ ᠰᠤᠮᠤ  ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ᠂ ᠪᠦᠬᠦ ᠬᠤᠰᠢᠭᠤᠨ ᠤ ᠤᠬᠠᠭᠤᠯᠭ᠎ᠠ ᠬᠦᠮᠦᠵᠢᠯ ᠰᠤᠶᠤᠯ ᠤᠨ ᠰᠢᠰᠲ᠋ᠧᠮ ᠎ ᠤᠨ ᠬᠠᠷᠢᠭᠤᠴᠠᠯᠭᠠᠳᠠᠨ ᠪᠠ ᠠᠵᠢᠯᠳᠠᠨ ᠵᠢᠴᠢ ᠨᠡᠶᠢᠬᠡᠮ ᠤᠨ ᠠᠰᠠᠷᠠᠮᠵᠢ ᠶᠢᠨ ᠦᠢᠯᠡᠴᠢᠯᠡᠬᠡᠨ ᠤ ᠰᠠᠶᠢᠨ ᠲᠤᠷᠠᠴᠤᠤᠯ ᠎ ᠤᠨ ᠲᠦᠯᠦᠬᠡᠯᠡᠭᠴᠢ᠂ ᠡᠯ᠎ᠡ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠤᠨ ᠬᠠᠮᠢᠶᠠᠳᠠᠢ ᠬᠦᠮᠦᠰ ᠰᠤᠷᠭᠠᠯᠲᠠ ᠳᠤ ᠤᠷᠤᠯᠴᠠᠵᠠᠢ᠃
     ᠸᠠᠩ ᠵᠦᠩ ᠫᠢᠩ ᠳ᠋ᠤᠺᠲ᠋ᠤᠷ ︽ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠠᠵᠢᠯ ᠤᠨ ᠰᠡᠳᠬᠢᠴᠡ︾ ᠬᠡᠬᠦ ᠭᠤᠤᠯ ᠰᠡᠳᠦᠪ ᠢᠶᠠᠷ ︽ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ︾᠎ ᠶᠢᠨ ᠤᠬᠠᠭᠠᠭᠲᠠᠬᠤᠨ᠂ ᠠᠴᠢ ᠬᠤᠯᠪᠤᠭᠲᠠᠯ᠂ ᠬᠤᠯᠪᠤᠭᠲᠠᠬᠤ ᠠᠭᠤᠯᠭ᠎ᠠ ᠶᠢ ᠡᠯ᠎ᠡ ᠭᠠᠵᠠᠷ ᠤᠨ ᠪᠤᠳᠠᠳᠤ ᠵᠢᠱᠢᠶ᠎ᠡ ᠪᠠᠷ ᠡᠰᠢᠯᠡᠨ ᠲᠤᠪᠴᠢ ᠤᠶᠢᠯᠭᠠᠮᠵᠢᠳᠠᠢ ᠲᠠᠶᠢᠯᠤᠮᠵᠢ ᠬᠢᠵᠤ᠂ ᠮᠠᠨ ᠤ  ᠬᠤᠰᠢᠭᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠲᠦᠯᠭᠡ ᠶᠢᠨ ᠬᠤᠶᠢᠰᠢᠲᠠ ᠶᠢᠨ ᠲᠦᠰᠦᠪ ᠠᠵᠢᠯᠯᠠᠭ᠎ᠠ ᠳᠤ ᠵᠦᠭᠯᠡᠭᠦᠷ ᠪᠤᠯᠭᠠᠬᠤ ᠶᠢ ᠵᠤᠷᠢᠯ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号