ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠭᠴᠢᠳ ᠤᠨ ᠰᠤᠷᠭᠠᠯᠳᠠ ᠪᠤᠯᠤᠯ᠎ᠠ
ᠨᠡᠶᠢᠲᠡᠯᠡᠭᠰᠡᠨ ᠴᠠᠭ᠄
2020/6/4
                ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ      6 ᠰᠠᠷ᠎ᠠ ᠶᠢᠨ 4᠎ ᠤ ᠡᠳᠦᠷ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠭᠴᠢᠳ ᠤᠨ ᠰᠤᠷᠭᠠᠯᠳᠠ ᠠᠮᠵᠢᠯᠲᠠ ᠲᠠᠢ ᠪᠤᠯᠵᠤ ᠦᠩᠭᠡᠷᠡᠨ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠭᠴᠢᠳ ᠤᠨ ᠳᠤᠬᠠᠶᠢᠯᠠᠭᠰᠠᠨ ᠠᠵᠢᠯ ᠤᠨ ᠭᠡᠪ ᠪᠤᠯᠪᠠᠰᠤᠷᠠᠯ ᠪᠠ ᠬᠢᠷᠢ ᠪᠦᠲᠦᠮᠵᠢ ᠶᠢ ᠳᠡᠭᠡᠭᠰᠢᠯᠡᠬᠦᠯᠦᠯ᠎ᠡ᠃
     ᠰᠤᠷᠭᠠᠯᠳᠠ ᠳᠤ ︽ᠵᠠᠰᠠᠭ ᠵᠠᠬᠢᠷᠭᠠᠨ ᠤ ᠬᠠᠤᠯᠢ ᠶᠢᠨ ᠳᠤᠶᠢᠮᠤᠴᠢᠯᠠᠯ︾᠂ ︽ᠵᠠᠰᠠᠭ ᠵᠠᠬᠢᠷᠭᠠᠨ ᠤ ᠵᠠᠷᠭᠤ ᠶᠢᠨ ᠬᠠᠤᠯᠢ︾᠂ ︽ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾᠂ ︽ᠵᠠᠰᠠᠭ ᠵᠠᠬᠢᠷᠭᠠᠨ ᠤ ᠰᠢᠢᠳᠬᠡᠯ ᠎ ᠤᠨ ᠬᠠᠤᠯᠢ︾᠎ ᠶᠢᠨ ᠲᠠᠶᠢᠯᠤᠮᠵᠢ ᠬᠢᠭᠰᠡᠨ ᠪᠦᠭᠡᠳ ︽1+1︾ ᠳᠤᠮᠳᠠᠳᠤ ᠤᠯᠤᠰ ᠤᠨ ᠬᠠᠤᠯᠢ ᠴᠠᠭᠠᠵᠠ ᠶᠢᠨ ᠳᠤᠰᠠᠯᠠᠮᠵᠢ ᠶᠢᠨ ᠰᠠᠶᠢᠨ ᠳᠤᠷᠠᠴᠤᠳ᠂ ᠪᠡᠭᠡᠵᠢᠩ ᠬᠤᠲᠠ ᠶᠢᠨ  ᠵᠢᠩ ᠱᠢ ᠬᠠᠤᠯᠢᠴᠢᠳ ᠤᠨ ᠭᠡᠷᠡᠭ ᠡᠷᠬᠢᠯᠡᠬᠦ ᠭᠠᠵᠠᠷ ᠤᠨ ᠬᠠᠤᠯᠢᠴᠢ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠵᠢᠴᠢ ᠬᠤᠯᠪᠣᠭᠳᠠᠯ ᠪᠥᠬᠦᠶ ᠬᠡᠷᠡᠭ ᠤᠨ ᠵᠢᠱᠢᠶ᠎ᠡ ᠪᠠᠷ ᠡᠰᠢᠯᠡᠨ ᠬᠠᠤᠯᠢ ᠶᠢᠨ ᠲᠠᠶᠢᠯᠤᠮᠵᠢ ᠬᠢᠵᠡᠢ᠃
           ᠠᠵᠢᠯᠯᠠᠭ᠎ᠠ ᠨᠢ᠂ ᠤᠯᠠᠨ ᠳᠤ ᠲᠦᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠬᠦᠨᠵᠡᠬᠡᠢ ᠳᠠᠨᠢᠭᠤᠯᠵᠤ᠂ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ  ᠭᠡᠷᠡᠭᠵᠢᠬᠦᠯᠦᠭᠴᠢᠳ ᠲᠤ ᠬᠠᠤᠯᠢ ᠴᠠᠭᠠᠵᠠ ᠬᠠᠤᠯᠢ ᠲᠣᠭᠲᠠᠭᠠᠯ ᠢ ᠪᠠᠳᠤᠳᠠᠢ ᠡᠵᠡᠮᠰᠢᠬᠦᠯᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠦᠯᠢᠭᠡᠷ ᠳᠠᠭᠤᠷᠢᠶᠠᠯ ᠪᠣᠯᠬᠤ ᠳᠤ ᠨᠢ ᠵᠢᠯᠤᠭᠤᠳᠬᠤ ᠦᠢᠯᠡᠳᠦᠯ ᠦᠵᠡᠭᠦᠯᠵᠦ ᠴᠢᠲᠠᠯ᠎ᠠ
     ᠬᠤᠰᠢᠭᠤ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠵᠢᠴᠢ ᠰᠤᠮᠤ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠭᠴᠢᠳ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号