270 ᠲᠦᠮᠡᠨ ᠲᠦᠭᠦᠷᠢᠭ ᠤᠨ ᠦᠢᠯᠡᠰ ᠪᠤᠰᠬᠠᠬᠤ ᠪᠠᠳᠤᠯᠠᠭᠠᠳᠤ ᠵᠢᠬᠡᠯᠡᠯᠭᠡ ᠳᠠᠷᠬᠠᠭᠠᠯ᠎ᠠ
ᠨᠡᠶᠢᠲᠡᠯᠡᠭᠰᠡᠨ ᠴᠠᠭ᠄
2020/6/4
               ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ      ᠮᠠᠨ ᠤ ᠬᠤᠰᠢᠭᠤ᠂ ᠦᠢᠯᠳᠪᠦᠷᠢᠯᠡᠯ ᠢᠶᠠᠨ ᠰᠡᠷᠭᠦᠭᠡᠬᠦ ᠪᠠ ᠠᠳᠠᠯ ᠦᠢᠯᠡᠰ ᠴᠤᠭᠴᠠᠯᠠᠬᠤ ᠶᠢ ᠪᠦᠬᠦ ᠬᠦᠴᠦᠨ ᠢᠶᠠᠷ ᠲᠠᠮᠵᠢᠵᠤ᠂ ᠤᠨᠴᠠᠭᠠᠢ ᠴᠠᠭ ᠦᠶ᠎ᠡ ᠳᠠᠬᠢ ᠠᠵᠤ ᠠᠬᠤᠢ ᠨᠡᠶᠢᠭᠡᠮ ᠤᠨ ᠲᠤᠭᠲᠠᠭᠤᠨ ᠬᠦᠭᠵᠢᠯ ᠢ ᠪᠠᠲᠤᠯᠠᠬᠤ ᠪᠠᠷ ᠠᠷᠭ᠎ᠠ ᠪᠤᠲᠤᠯᠭ᠎ᠠ ᠰᠤᠪᠢᠭᠰᠠᠭᠠᠷ ᠪᠠᠶᠢᠭ᠎ᠠ ᠶᠢᠨ ᠨᠢᠭᠡᠨ ᠵᠢᠱᠢᠶ᠎ᠡ ᠪᠤᠯ ᠪᠠᠲᠤᠯᠭᠠᠲᠤ ᠵᠢᠭᠡᠯᠡᠯᠭᠡ ᠲᠠᠯᠪᠢᠬᠤ ᠠᠵᠢᠯ ᠪᠤᠯᠤᠨ᠎ᠠ᠃ 6 ᠰᠠᠷ᠎ᠠ ᠶᠢᠨ 4᠎ ᠤ ᠡᠳᠦᠷ ᠂ ᠬᠤᠰᠢᠭᠤ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠬᠡᠨ ᠤ ᠲᠣᠪᠴᠢᠶᠠᠨ ᠤ ᠠᠵᠢᠯ ᠲᠠᠨᠢᠯᠴᠠᠭᠤᠯᠬᠤ ᠲᠢᠩᠬᠢᠮ ᠨᠢ 2020 ᠣᠨ ᠤ ᠠᠩᠬᠠᠨ ᠤ ᠪᠦᠯᠦᠭ ᠤᠨ 270 ᠲᠦᠮᠡᠨ ᠲᠥᠭᠦᠷᠢᠭ ᠤᠨ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠶᠢ ᠬᠤᠰᠢᠭᠤᠨ ᠤ ᠢᠶᠠᠨ 20 ᠦᠢᠯᠡᠰ ᠪᠤᠰᠬᠠᠭᠴᠢᠳ ᠲᠤ ᠳᠠᠷᠬᠠᠭᠠᠵᠠᠢ᠃
     ᠣᠶᠢᠯᠠᠭᠠᠭᠰᠠᠨ ᠢᠶᠠᠷ᠂ ᠬᠢᠵᠢᠭ ᠤᠨ ᠬᠤᠭᠤᠴᠠᠭᠠᠨ ᠳᠤ ᠬᠥᠳᠡᠯᠮᠦᠷᠢ ᠠᠵᠢᠯ ᠤᠯᠭᠤᠯᠳᠠ ᠶᠢᠨ ᠦᠢᠯᠡᠴᠢᠯᠡᠭᠡᠨ ᠎ ᠤ ᠲᠣᠪᠴᠢᠶ᠎ᠠ ᠨᠢ ᠰᠦᠯᠵᠢᠶᠡᠨ ᠳᠤ ᠬᠦᠯᠢᠶᠡᠨ ᠠᠪᠴᠤ ᠰᠢᠢᠳᠪᠦᠷᠢᠯᠡᠬᠦ᠂ ᠤᠲᠠᠰᠤ ᠪᠠᠷ ᠨᠡᠪᠲᠡᠷᠡᠯᠴᠡᠬᠦ ᠵᠡᠷᠭᠡ ︽ᠨᠢᠭᠤᠷᠳᠠᠨ ᠤᠴᠠᠷᠠᠬᠤ ᠦᠭᠡᠢ︾ ᠦᠢᠯᠡᠴᠢᠯᠡᠬᠡᠨ ᠤ ᠠᠷᠭ᠎ᠠ ᠪᠠᠷ ᠵᠢᠭᠡᠯᠡᠯᠭᠡ ᠶᠢᠨ ᠭᠤᠶᠤᠴᠢᠯᠠᠯ ᠢ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠨ᠂ ᠤᠤᠯ ᠨᠢ ᠵᠢᠯ ᠳᠤ ᠨᠢᠭᠡ ᠤᠳᠠᠭ᠎ᠠ ᠵᠢᠭᠡᠯᠡᠯᠭᠡ ᠲᠠᠯᠪᠢᠲᠠᠭ ᠪᠠᠶᠢᠭᠰᠠᠨ ᠢᠶᠠᠨ ᠤᠲᠤ ᠬᠠᠭᠠᠰ ᠵᠢᠯ ᠳᠤ ᠨᠢᠭᠡ ᠤᠳᠠᠭ᠎ᠠ ᠳᠠᠯᠪᠢᠬᠤ ᠪᠤᠯᠭᠠᠵᠤ᠂ ᠭᠠᠷᠳᠠᠮ ᠭᠦᠶ᠋ᠴᠡᠳᠬᠡᠬᠦ ᠪᠦᠲᠦᠮᠵᠢ ᠶᠢ ᠳᠡᠭᠡᠭᠰᠢᠯᠡᠭᠦᠯᠦᠨ᠂ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号