ᠦᠪᠡᠷᠲᠡᠬᠡᠨ ᠵᠠᠰᠠᠬᠤ ᠤᠷᠤᠨ ᠤ ᠪᠦᠵᠢᠭᠴᠢᠳ ᠤᠨ ᠨᠡᠶᠢᠭᠡᠮᠯᠢᠭ ᠤᠨ 2020 ᠣᠨ ᠤ ︽ᠠᠮᠢᠳᠤᠷᠠᠯ ᠳᠤ ᠭᠦᠨᠵᠡᠭᠡᠶᠢᠷᠡᠨ᠂ ᠠᠷᠠᠳ ᠲᠦᠮᠡᠨ ᠤ ᠳᠤᠮᠳᠠ ᠦᠨᠳᠦᠰᠦᠯᠡᠬᠦ︾ ᠤᠷᠠᠯᠢᠭ ᠤᠨ ᠮᠡᠲᠡᠷᠡᠮᠵᠢ ᠬᠠᠶᠢᠬᠤ ᠠᠶᠠᠨ ᠤ ᠰᠤᠨᠢᠨ ᠰᠠᠶᠢᠬᠠᠨ
ᠨᠡᠶᠢᠲᠡᠯᠡᠭᠰᠡᠨ ᠴᠠᠭ᠄
2020/7/20
                       ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠰᠡᠷᠬᠦᠯᠡᠩ      ᠤᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠥᠵᠢᠭᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠰᠢᠭᠤᠳ ᠬᠠᠷᠢᠶ᠎ᠠ ᠤᠯᠠᠭᠠᠨᠮᠥ᠋ᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠵᠣᠬᠢᠶᠠᠨ ᠪᠦᠲᠦᠭᠡᠬᠦ ᠲᠥᠪ ᠤᠨ ᠤᠯᠤᠰ ᠲᠦᠷᠦ ᠶᠢᠨ ᠬᠡᠯᠲᠡᠰ ᠤᠨ ᠤᠷᠠᠨ ᠰᠠᠶᠢᠬᠠᠨ ᠤ ᠪᠦᠯᠬᠦᠮ ᠵᠡᠷᠬᠡ ᠭᠠᠵᠠᠷ ᠤᠨ ᠤᠳᠤᠷᠢᠳᠤᠯᠭ᠎ᠠ ᠪᠤᠯᠤᠨ ᠤᠳᠤᠷᠢᠳᠤᠭᠠᠴᠢ ᠵᠢᠴᠢ ᠣᠷᠳᠣᠰ ᠬᠤᠳᠠ᠂ ᠠᠯᠠᠱᠠ ᠵᠡᠭᠦᠨ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠠᠭᠠᠨᠮᠥ᠋ᠴᠢᠷ᠂ ᠤᠷᠠᠯᠢᠭ ᠤᠨ ᠬᠦᠷᠢᠶᠡᠯᠡᠩ ᠤᠨ ᠬᠡᠰᠢᠬᠦᠳ ᠢᠶᠠᠷ ᠪᠦᠷᠢᠯᠳᠦᠭᠰᠡᠨ ᠵᠤᠬᠢᠶᠠᠨ ᠪᠦᠲᠦᠬᠡᠬᠦ ᠪᠦᠯᠬᠦᠮ ᠶᠢᠨ ᠬᠢᠨ ᠮᠠᠨ ᠤ ᠬᠤᠰᠢᠭᠤᠨ ᠳᠤ ᠢᠷᠡᠨ᠂ ︽ᠠᠮᠢᠳᠤᠷᠠᠯ ᠳᠤ ᠭᠦᠨᠵᠡᠭᠡᠶᠢᠷᠡᠨ᠂ ᠠᠷᠠᠳ ᠲᠦᠮᠡᠨ ᠤ ᠳᠤᠮᠳᠠ ᠦᠨᠳᠦᠰᠦᠯᠡᠬᠦ︾  ᠵᠤᠬᠢᠶᠠᠨ ᠪᠦᠲᠦᠭᠡᠬᠦ ᠠᠵᠢᠯᠯᠠᠭ᠎ᠠ ᠥᠷᠨᠢᠭᠦᠯᠵᠦ᠂ ᠵᠤᠬᠢᠶᠠᠨ ᠪᠦᠲᠦᠭᠡᠯᠭᠡ ᠶᠢᠨ ᠰᠢᠨ᠎ᠡ ᠶᠢ ᠡᠬᠦᠳᠬᠦ ᠶᠢ ᠵᠣᠷᠢᠵᠠᠢ᠃
     ᠤᠷᠠᠯᠢᠭ ᠤᠨ ᠪᠦᠯᠭᠦᠮ ᠤᠨ ᠬᠢᠨ ᠡᠩ ᠲᠡᠷᠢᠭᠦᠨ ᠳᠤ᠂ ᠤᠯᠠᠭᠠᠠᠮᠦ᠋ᠴᠢᠷ ᠲᠤ ᠬᠦᠷᠴᠦ᠂ ᠮᠠᠨ ᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠬᠠᠮᠠᠳ ᠢᠳᠡᠷ ᠵᠠᠯᠠᠭᠤ ᠭᠤᠷᠪᠠᠨ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠲᠠᠢ ᠣᠷᠣᠨ ᠪᠦᠰᠡ ᠶᠢᠨ ᠰᠣᠶᠣᠯ᠂ ᠴᠠᠭ ᠦᠶ᠎ᠡ ᠶᠢᠨ ᠠᠬᠤᠶ ᠪᠠᠶᠢᠳᠠᠯ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠶᠢᠨ ᠲᠤᠬᠠᠢ ᠶᠠᠷᠢᠯᠴᠠᠵᠤ ᠥᠪᠡᠷ ᠥᠪᠡᠷ ᠤᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠥᠪᠡᠷᠮᠢᠴᠡ ᠤᠷᠠᠯᠢᠭ ᠤᠨ ᠬᠠᠷᠠᠴᠠ ᠪᠠᠷ ᠪᠥᠵᠢᠭ ᠤᠨ ᠵᠣᠬᠢᠶᠠᠨ ᠪᠦᠲᠦᠭᠡᠯᠭᠡ ᠶᠢ ᠬᠢᠬᠦ ᠲᠤᠬᠠᠢ ᠰᠤᠳᠤᠯᠤᠨ ᠶᠠᠷᠢᠯᠴᠠᠭᠠᠵᠠᠢ᠃
         ᠤᠯᠠᠨ ᠢᠶᠠᠷ ᠢᠶᠠᠨ ᠪᠠᠰᠠ᠂ ᠮᠤᠩᠭᠤᠯ ᠬᠡᠷ ᠪᠠᠷᠢᠬᠤ ᠤᠷ᠎ᠠ ᠮᠡᠷᠬᠡᠵᠢᠯ ᠤᠨ ᠦᠪᠡᠷᠲᠡᠬᠡᠨ ᠵᠠᠰᠠᠬᠤ ᠤᠷᠤᠨ ᠤ ᠳᠡᠰ ᠤᠨ ᠤᠯᠠᠮᠵᠢᠯᠠᠭᠴᠢ ᠪᠠᠨ ᠹᠧᠩ ᠪᠢᠨ ᠤ ᠲᠠᠭᠠᠭᠤᠯᠭ᠎ᠠ ᠪᠠᠷ ᠱᠤᠸᠠᠩ ᠯᠢ ᠦᠨᠳᠦᠰᠦᠳᠡᠨ ᠤ ᠭᠠᠷ ᠤᠷᠠᠯᠠᠯ ᠤᠨ ᠪᠦᠲᠦᠬᠡᠭᠳᠡᠬᠦᠨ ᠤ ᠬᠦᠷᠢᠶᠡᠯᠡᠩ ᠢ ᠲᠤᠭᠤᠷᠢᠨ ᠦᠵᠡᠵᠦ᠂ ᠮᠤᠩᠭᠤᠯ ᠬᠡᠷ ᠤᠨ ᠬᠡᠪ ᠵᠠᠭᠪᠤᠷ ᠢ ᠦᠵᠡᠨ ᠤᠶᠢᠯᠭᠠᠪᠠ᠃ 1957 ᠤᠨ ᠳᠤ ᠪᠠᠨ ᠹᠧᠩ ᠪᠢᠨ ᠤ ᠠᠪᠤ ᠨᠢ ᠮᠠᠨ ᠤ ᠬᠤᠰᠢᠭᠤᠨ ᠳᠤ ᠮᠤᠩᠭᠤᠯ ᠬᠡᠷ ᠤᠨ ᠦᠢᠯᠡᠳᠪᠦᠷᠢ ᠶᠢ ᠠᠩᠬ᠎ᠠ ᠪᠠᠶᠢᠭᠤᠯᠵᠤ᠂ ᠠᠪᠤ ᠠᠴᠠ ᠪᠠᠨ ᠮᠤᠩᠭᠤᠯ ᠬᠡᠷ ᠪᠠᠷᠢᠬᠤ ᠤᠷ᠎ᠠ ᠮᠡᠷᠬᠡᠵᠢᠯ ᠢ ᠤᠯᠠᠮᠵᠢᠯᠠᠨ ᠰᠤᠷᠤᠭᠰᠠᠨ ᠪᠠᠨ ᠹᠧᠩ ᠪᠢᠨ ᠤᠯᠠᠮᠵᠢᠯᠠᠯᠲᠤ ᠮᠠᠶ᠋ᠢᠭ ᠤᠨ ᠮᠤᠩᠭᠤᠯ ᠬᠡᠷ ᠲᠤ ᠰᠢᠨᠡᠴᠢᠯᠡᠯᠳᠡ ᠬᠢᠵᠦ ᠤᠳᠤ ᠦᠶ᠎ᠡ ᠳᠤ ᠵᠤᠬᠢᠴᠠᠭᠰᠠᠨ ᠰᠢᠨ᠎ᠡ ᠮᠠᠶ᠋ᠢᠭ ᠤᠨ ᠮᠤᠩᠭᠤᠯ ᠬᠡᠷ ᠨᠡᠮᠡᠵᠦ ᠦᠢᠯᠡᠳᠪᠦᠷᠢᠯᠡᠬᠦ ᠪᠤᠯᠵᠠᠢ᠃ ᠬᠦᠷᠢᠶᠡᠯᠡᠩ ᠳᠤ  ᠪᠠᠶᠢᠭ᠎ᠠ ᠵᠠᠭᠤᠨ ᠵᠢᠯ  ᠤᠨ ᠲᠡᠤᠬᠡ ᠲᠠᠢ ᠮᠤᠩᠭᠤᠯ ᠬᠡᠷ ᠨᠢ ᠤᠯᠠᠨ ᠤ ᠠᠩᠬᠠᠷᠤᠯ ᠢ ᠳᠠᠳᠠᠵᠦ᠂ ᠤᠷᠠᠯᠢᠭᠴᠢᠳ  ᠮᠠᠨᠢ ᠤᠳᠠᠭᠠᠨ ᠤᠨ ᠤ ᠨᠠᠷᠠ ᠰᠠᠯᠬᠢᠨ ᠳᠤ ᠡᠯᠡᠭᠲᠡᠵᠦ ᠭᠠᠩᠲᠠᠭᠰᠠᠨ ᠲᠦᠷᠰᠦ ᠪᠠᠶᠢᠳᠠᠯ ᠠᠴᠠ ᠨᠢ ᠲᠡᠦᠬᠡ ᠰᠤᠶᠤᠯ ᠤᠨ ᠤᠯᠠ ᠮᠦᠷ ᠢ ᠬᠠᠶᠢᠨ᠎ᠠ᠃       ᠵᠤᠬᠢᠶᠠᠨ ᠪᠦᠳᠦᠬᠡᠬᠦ ᠪᠦᠯᠬᠦᠮ ᠤᠨ ᠬᠡᠰᠢᠬᠦᠳ ᠪᠠᠰᠠ ᠢᠷᠦᠬᠡᠯ ᠮᠠᠭᠳᠠᠭᠠᠯ ᠤᠨ ᠦᠪᠡᠷᠲᠡᠬᠡᠨ ᠵᠠᠰᠠᠬᠤ ᠤᠷᠤᠨ ᠤ ᠳᠡᠰ ᠤᠨ ᠤᠯᠠᠮᠵᠢᠯᠠᠭᠴᠢ ᠨᠠᠷᠠᠮ᠎ᠠ ᠨᠠᠰᠤᠳᠠᠨ᠂ ᠰᠦᠨᠢᠳ ᠤᠷᠲᠤ ᠶᠢᠨ ᠲᠠᠭᠤᠨ ᠤ ᠦᠪᠡᠷᠲᠡᠬᠡᠨ ᠵᠠᠰᠠᠬᠤ ᠤᠷᠤᠨ ᠤ ᠳᠡᠰ ᠤᠨ ᠤᠯᠠᠮᠵᠢᠯᠠᠭᠴᠢ ᠬᠦᠷᠠᠯ᠎ᠡ ᠲᠠᠢ ᠶᠠᠷᠢᠯᠴᠠᠨ ᠵᠤᠭᠤᠭᠳᠠᠵᠦ᠂ ᠤᠯᠠᠮᠵᠢᠯᠠᠯᠲᠤ ᠰᠤᠶᠤᠯ ᠤᠷᠠᠯᠢᠭ ᠵᠠᠩ ᠠᠷᠠᠨᠰᠢᠨ ᠤ ᠲᠤᠬᠠᠢ ᠰᠤᠷᠪᠤᠯᠵᠢᠯᠠᠨ ᠲᠤᠷᠰᠢᠯᠭ᠎ᠠ ᠰᠤᠯᠢᠯᠴᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号