ᠤᠯᠠᠭᠠᠨᠮᠦ᠋ᠴᠢᠷ ᠮᠠᠶ᠋ᠢᠭ ᠤᠨ ᠴᠠᠭᠳᠠᠭᠠᠨ ᠤ ᠬᠠᠤᠯᠢ ᠲᠦᠬᠡᠮᠡᠯᠵᠢᠬᠦᠯᠬᠦ ᠤᠬᠠᠭᠤᠯᠭ᠎ᠠ ᠶᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2020/7/20
                     ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠰᠡᠷᠬᠦᠯᠡᠩ      ᠪᠦᠬᠦ ᠨᠡᠶᠢᠬᠡᠮ ᠢᠶᠠᠷ ᠢᠶᠠᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠬᠡ ᠶᠢᠨ ᠠᠵᠢᠯᠯᠠᠭ᠎ᠠ ᠶᠢ ᠡᠷᠴᠢᠮᠳᠠᠢ ᠦᠷᠨᠢᠬᠦᠯᠵᠦ ᠪᠠᠶᠢᠭ᠎ᠠ ᠬᠠᠯᠠᠮᠰᠢᠯ ᠴᠠᠭ ᠲᠤ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠳᠠᠭᠠᠨ ᠦᠢᠯᠡᠲᠦᠯᠭᠡᠵᠢᠭᠦᠯᠭᠦ ᠪᠠᠷ᠂᠂ ᠬᠠᠤᠯᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ  ᠶᠢ ᠵᠤᠷᠢᠯ᠎ᠠ᠃
     ᠠᠵᠢᠯᠯᠠᠭ᠎ᠠ ᠳᠤ᠂ ᠴᠠᠭᠳᠠᠭᠠᠨ ᠤ ᠠᠩᠭᠢ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠬᠡᠮᠡᠯᠵᠢᠬᠦᠯᠬᠦ ᠰᠠᠶᠢᠨ ᠳᠤᠷᠠᠴᠤᠳ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠣᠯᠠᠨ ᠲᠦᠮᠡᠨ ᠳᠤ ᠬᠡᠷᠡᠭ ᠵᠢᠱᠢᠶ᠎ᠡ ᠲᠠᠢ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ︾᠂ ︽ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠬᠤ ᠶᠢ ᠳᠡᠪᠴᠢᠬᠦ︾᠂ ︽ᠬᠠᠤᠯᠢ ᠪᠤᠰᠤ ᠪᠠᠷ ᠳᠠᠮᠵᠢᠭᠤᠯᠤᠨ ᠪᠣᠷᠣᠯᠠᠭᠤᠯᠬᠤ ᠶᠢ ᠳᠡᠪᠴᠢᠬᠦ︾᠂ ︽ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠵᠣᠭᠤᠰ ᠨᠠᠭᠠᠳᠬᠤ ᠶᠢ ᠴᠠᠭᠠᠵᠠᠯᠠᠬᠤ︾ ᠵᠡᠷᠭᠡ ᠲᠠᠯ᠎ᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠪᠠ᠃ ᠬᠠᠤᠯᠢ ᠲᠦᠭᠡᠮᠡᠯᠵᠢᠭᠦᠯᠬᠦ ᠰᠠᠶᠢᠨ ᠳᠤᠷᠠᠴᠤᠳ ᠪᠠᠰᠠ ᠬᠠᠤᠯᠢ ᠴᠠᠭᠠᠵᠠ ᠶᠢᠨ ᠬᠠᠮᠢᠶᠠᠳᠠᠢ ᠠᠰᠠᠭᠤᠯᠲᠠ ᠯᠠᠪᠯᠠᠯᠲᠠ ᠳᠤ ᠬᠠᠷᠢᠭᠤᠯᠲᠠ ᠦᠭᠴᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号