ᠡᠩᠭᠡ ᠲᠤᠩᠬ᠎ᠠ ᠠᠮᠢᠲᠤᠷᠠᠯ ᠲᠠᠢ ᠨᠠᠰᠤᠲᠠᠨ ᠪᠤᠭᠤᠷᠤᠯ ᠤᠳ
ᠨᠡᠶᠢᠲᠡᠯᠡᠭᠰᠡᠨ ᠴᠠᠭ᠄
2020-07-22
     ᠵᠢᠷᠭᠠᠯᠠᠩ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠰᠠᠭᠤᠵᠤ ᠪᠠᠶᠢᠭ᠎ᠠ ᠨᠠᠰᠤᠲᠠᠨ ᠪᠤᠭᠤᠷᠤᠯ ᠎ ᠤᠳ ᠮᠠᠨᠢ ᠨᠠᠮ ᠵᠠᠰᠠᠭ ᠤᠨ ᠬᠠᠯᠠᠮᠵᠢ᠂ ᠨᠠᠶᠢᠷᠰᠠᠭ ᠵᠠᠩ ᠲᠠᠢ ᠡᠮᠴᠢ  ᠰᠤᠪᠢᠯᠠᠭᠴᠢ ᠶᠢᠨ ᠢᠪᠡᠭᠡᠯ ᠢᠶᠠᠷ ᠡᠩᠭᠡ ᠲᠤᠩᠬ᠎ᠠ ᠡᠷᠡᠭᠦᠯ ᠰᠠᠶᠢᠬᠠᠨ ᠠᠵᠤ ᠲᠦᠷᠦᠵᠦ ᠪᠠᠶᠢᠭ᠎ᠠ ᠨᠢ ᠰᠠᠶᠢᠬᠠᠨ ᠡ︕ ᠤᠷᠴᠢᠮᠬᠠᠨ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠠᠴᠠ  ᠨᠠᠰᠤᠲᠠᠳ ᠲᠠᠭᠠᠨ᠂ ᠥᠪᠥᠷ ᠮᠤᠩᠭᠤᠯ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠤᠷᠤᠯᠴᠠᠯᠭ᠎ᠠ ᠲᠠᠢ ᠠᠯᠪᠠᠨ ᠵᠢᠷᠤᠮ ᠤᠨ ᠡᠮᠴᠢᠯᠡᠭᠡ ᠬᠢᠨ᠂ ᠤᠯᠠᠨ ᠢᠶᠠᠨ  ᠪᠠᠶᠠᠰᠬᠠᠯ᠎ᠠ᠃
     ᠴᠢᠰᠤᠨ ᠳᠠᠷᠤᠯᠲᠠ᠂ ᠴᠢᠰᠤᠨ ᠰᠢᠬᠢᠷ ᠵᠢᠷᠤᠬᠡᠨ ᠯᠤᠭᠰᠢᠯᠲᠠ ᠶᠢᠨ ᠬᠡᠮᠵᠢᠯᠲᠠ᠂ B ᠬᠡᠳᠦ ᠳᠣᠯᠭᠢᠶᠠᠨ᠂ ᠴᠢᠬᠢ ᠬᠠᠮᠠᠷ ᠬᠤᠭᠤᠯᠠᠢ ᠶᠢᠨ ᠪᠠᠶᠢᠴᠠᠭᠠᠯᠲᠠ ᠪᠠᠨ ᠬᠢᠯᠭᠡᠭᠰᠡᠨ ᠵᠠᠭᠤᠭᠠᠳ ᠨᠠᠰᠤᠲᠠᠳ ᠮᠠᠨᠢ᠂ ᠠᠷᠬᠠᠭ ᠬᠠᠭᠤᠴᠢ ᠎ ᠶᠢᠨ ᠢᠶᠠᠨ ᠲᠤᠬᠠᠢ ᠠᠰᠠᠭᠤᠨ ᠰᠤᠷᠠᠵᠤ᠂ ᠠᠩᠬᠠᠷᠬᠤ ᠵᠤᠶᠢᠯᠡᠰ ᠢᠶᠠᠨ ᠮᠡᠲᠡᠨ᠂ 2000 ᠭᠠᠷᠤᠢ ᠲᠦᠭᠦᠷᠢᠭ ᠤᠨ ᠦᠷᠲᠡᠭ ᠲᠠᠢ ᠡᠮ ᠲᠠᠩ ᠭᠠᠷᠲᠠᠭᠠᠳ ᠤᠨᠴᠠ ᠶᠢᠨ ᠪᠠᠶᠠᠷᠲᠠᠢ ᠪᠠᠶᠢᠯ᠎ᠠ᠃
     ᠣᠶᠢᠯᠠᠭᠠᠭᠰᠠᠨ ᠢᠶᠠᠷ᠂ ᠡᠮᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠨᠢ ᠨᠠᠰᠤᠲᠠᠶᠢᠴᠤᠳ ᠎ ᠤᠨ ᠢᠶᠠᠨ ᠡᠷᠡᠭᠦᠯ ᠮᠡᠨᠲᠦ ᠳᠤ ᠰᠠᠨᠠᠭᠠᠰᠢᠷᠠᠨ᠂ ᠰᠠᠷ᠎ᠠ ᠪᠦᠷᠢ ᠬᠦᠷᠢᠶᠡᠯᠡᠩ ᠳᠤ ᠬᠦᠷᠴᠦ ᠠᠯᠪᠠᠨ ᠵᠢᠷᠤᠮ ᠤᠨ ᠡᠮᠴᠢᠯᠡᠭᠡ ᠦᠷᠨᠢᠬᠦᠯᠵᠦ ᠪᠤᠢ᠃ ᠬᠤᠶᠢᠰᠢᠲᠠ ᠪᠠᠰᠠ ᠬᠤᠪᠢᠶᠠᠷᠢ ᠠᠩᠭᠢ ᠪᠠᠶᠢᠭᠤᠯᠤᠨ᠂ ᠨᠡᠶᠢᠭᠡᠮ ᠲᠣᠭᠤᠷᠢᠭ᠂ ᠬᠦᠳᠡᠭᠡ ᠲᠤᠰᠬᠤᠨ᠂ ᠰᠤᠷᠭᠠᠭᠤᠯᠢ᠂ ᠠᠵᠤ ᠠᠬᠤᠶᠢᠯᠠᠯ  ᠲᠤ ᠭᠦᠨᠵᠡᠭᠡᠶᠢᠷᠡᠨ ᠦᠢᠯᠡᠴᠢᠯᠡᠭᠡ ᠬᠢᠵᠦ᠂ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠠᠵᠢᠯᠯᠠᠭ᠎ᠠ ᠶᠢ ᠨᠡᠩ ᠬᠦᠨᠵᠡᠭᠡᠶᠢᠷᠡᠭᠦᠯᠭᠦ  ᠎ ᠪᠠᠷ ᠪᠠᠶᠢᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号