ᠰᠤᠷᠭᠠᠨ ᠬᠥᠮᠦᠵᠢᠯ ᠤᠨ ᠶᠠᠮᠤᠨ᠄ ᠤᠷᠤᠯᠳᠤᠭᠠᠨ ᠮᠦᠷᠦᠶᠢᠴᠡᠭᠡᠨ ᠳᠤ ᠭᠡᠷ ᠤᠨ ᠠᠬᠠᠮᠠᠳ ᠪᠤᠶᠤ ᠪᠤᠰᠤᠳ ᠬᠥᠮᠦᠨ ᠢᠶᠠᠷ ᠣᠷᠣᠯᠠᠭᠤᠯᠤᠨ ᠬᠤᠳᠠᠯ ᠬᠠᠭᠤᠷᠮᠠᠭ ᠦᠢᠯᠡᠳᠬᠦ ᠦᠢᠯᠡ ᠠᠵᠢᠯᠯᠠᠭ᠎ᠠ ᠶᠢ ᠡᠷᠡᠰ ᠰᠡᠷᠭᠡᠶᠢᠯᠡᠲᠦᠭᠡᠢ
ᠨᠡᠶᠢᠲᠡᠯᠡᠭᠰᠡᠨ ᠴᠠᠭ᠄
2020/7/22
     ᠠᠷᠠᠳ ᠤᠨ ᠰᠦᠯᠵᠢᠶ᠎ᠡ ᠶᠢᠨ ᠪᠡᠭᠡᠵᠢᠩ ᠤᠨ 7 ᠰᠠᠷ᠎ᠠ ᠶᠢᠨ 20᠎ ᠤ ᠡᠳᠦᠷ ᠤᠨ ᠮᠡᠳᠡᠭᠡ ︵ᠰᠦᠨ ᠵᠢᠩ︶ ᠣᠨᠴᠠ ᠵᠠᠷᠢᠮ ᠤᠷᠤᠯᠳᠤᠭᠠᠨ ᠤ ᠵᠣᠬᠢᠶᠠᠨ ᠪᠠᠶᠢᠭᠤᠯᠬᠤ ᠶᠠᠪᠤᠴᠠ ᠳᠤ ᠢᠯᠡᠷᠡᠭᠰᠡᠨ  ᠠᠰᠠᠭᠤᠳᠠᠯ ᠢ ᠵᠢᠷᠤᠮᠵᠢᠭᠤᠯᠬᠤ ᠶᠢᠨ ᠲᠥᠯᠥᠭᠡ᠂ ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠠᠴᠠ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠥᠬᠦ ᠤᠯᠤᠰ ᠤᠨ ᠴᠢᠨᠠᠷᠲᠠᠶ ᠤᠷᠤᠯᠳᠤᠭᠠᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠤᠨ ᠤᠳᠤᠷᠢᠳᠤᠮᠵᠢ ᠶᠢ ᠪᠠᠷᠢᠮᠲᠠᠯᠠᠨ ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠦᠨᠡᠨ ᠬᠦ ᠬᠠᠮᠠᠭᠠᠯᠠᠵᠤ᠂ ᠤᠷᠤᠯᠳᠤᠭᠠᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ ᠭᠡᠵᠦ ᠱᠠᠭᠠᠷᠳᠠᠪᠠ᠃       ︽ᠮᠡᠳᠡᠭᠳᠡᠯ︾᠎ ᠳᠤ ᠱᠠᠭᠠᠷᠳᠠᠭᠰᠠᠨ ᠨᠢ᠂ ᠡᠯ᠎ᠡ ᠤᠷᠤᠯᠳᠤᠭᠠᠨ ᠤ ᠭᠤᠣᠯᠯᠠᠨ ᠡᠷᠬᠢᠯᠡᠬᠦ ᠨᠢᠭᠡᠴᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠨᠢᠭᠡ ᠤᠳᠠᠭᠠᠨ ᠤ  ᠥᠪᠡᠰᠦᠪᠡᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠥᠩᠭᠡᠷᠡᠭᠡᠭᠰᠡᠨ ᠤ ᠱᠠᠩᠨᠠᠯ ᠣᠯᠤᠭᠰᠠᠨ ᠲᠥᠷᠥᠯ ᠵᠦᠢᠯ ᠤᠨ ᠦᠨᠡᠨ ᠪᠣᠳᠠᠲᠤ ᠴᠢᠨᠠᠷ᠂ ᠥᠪᠡᠷᠮᠢᠴᠡ ᠪᠦᠲᠦᠭᠡᠯᠴᠢ ᠴᠢᠨᠠᠷ ᠢ  ᠳᠠᠬᠢᠨ ᠬᠢᠨᠠᠵᠤ ᠦᠵᠡᠬᠦ ᠬᠡᠷᠡᠭᠲᠡᠢ᠃ ᠤᠷᠤᠯᠳᠤᠭᠠᠨ ᠳᠤ ᠣᠷᠣᠯᠴᠠᠬᠤ ᠲᠥᠷᠥᠯ ᠵᠦᠢᠯ ᠨᠢ ᠰᠤᠷᠤᠭᠴᠢᠳ ᠤᠨ ᠲᠠᠨᠢᠨ ᠮᠡᠳᠡᠬᠦ ᠴᠢᠳᠠᠪᠤᠷᠢ ᠳᠤ ᠢᠯᠡᠷᠬᠡᠶ ᠨᠡᠶᠢᠴᠡᠬᠦ ᠦᠭᠡᠶ ᠪᠠᠶᠢᠬᠤ ᠦᠵᠡᠭᠳᠡᠯ  ᠭᠠᠷᠬᠤ ᠠᠴᠠ ᠡᠷᠡᠰ ᠵᠠᠶᠢᠯᠠᠰᠬᠢᠵᠦ᠂ ᠭᠡᠷ ᠤᠨ ᠠᠬᠠᠮᠠᠳ ᠪᠤᠶᠤ ᠪᠤᠰᠤᠳ ᠬᠥᠮᠦᠨ ᠢᠶᠠᠷ ᠣᠷᠣᠯᠠᠭᠤᠯᠤᠨ ᠬᠤᠳᠠᠯ ᠬᠠᠭᠤᠷᠮᠠᠭ ᠦᠢᠯᠡᠳᠬᠦ ᠦᠢᠯᠡ ᠠᠵᠢᠯᠯᠠᠭ᠎ᠠ ᠶᠢ ᠡᠷᠡᠰ ᠰᠡᠷᠭᠡᠶᠢᠯᠡᠬᠦ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠦᠬᠦ ᠤᠯᠤᠰ ᠤᠨ ᠴᠢᠨᠠᠷᠲᠠᠶ ᠤᠷᠤᠯᠳᠤᠭᠠᠨ ᠢ ᠡᠷᠬᠢᠯᠡᠬᠦ ᠳᠤ ᠡᠷᠬᠡᠪᠰᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ   ᠪᠠᠶᠢᠬᠤ ᠶᠢ ᠪᠠᠷᠢᠮᠲᠠᠯᠠᠵᠤ᠂ ︽ᠵᠠᠷᠤᠳᠠᠯ ᠬᠤᠷᠢᠶᠠᠬᠤ ᠦᠭᠡᠢ︾ ᠪᠠᠶᠢᠬᠤ ᠶᠢ ᠪᠠᠲᠤᠯᠠᠬᠤ ᠬᠡᠷᠡᠭᠲᠡᠶ ᠭᠡᠪᠡ᠃      ︽ᠮᠡᠳᠡᠭᠳᠡᠯ︾᠎ ᠳᠤ᠂ ᠶᠠᠮᠠᠷᠪᠠ ᠤᠷᠤᠯᠳᠤᠭᠠᠨ ᠤ ᠱᠠᠩᠨᠠᠯ ᠢ ᠴᠥᠮ ᠰᠠᠭᠤᠷᠢ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠡᠯᠰᠡᠵᠦ ᠰᠤᠷᠭᠠᠭᠤᠯᠢ ᠳᠤ ᠣᠷᠣᠬᠤ ᠳᠤ ᠬᠤᠪᠢ ᠨᠡᠮᠡᠬᠦ ᠦᠨᠳᠦᠰᠦᠯᠡᠯ  ᠪᠣᠯᠭᠠᠵᠤ ᠪᠣᠯᠬᠤ ᠥᠬᠡᠶ᠃ ᠡᠯ᠎ᠡ ᠭᠠᠵᠠᠷ ᠤᠨ ᠬᠢᠨ ᠠᠯᠪᠠᠨ ᠵᠢᠷᠤᠮ ᠤᠨ ᠰᠤᠷᠭᠠᠨ ᠬᠥᠮᠦᠵᠢᠯ ︵ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠳᠡᠪᠰᠢᠬᠦ᠂ ᠪᠠᠭ᠎ᠠ ᠰᠤᠷᠭᠠᠭᠤᠯᠢ ᠠᠴᠠ ᠠᠩᠬ᠎ᠠ  ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ︶᠎ ᠤᠨ ᠰᠢᠯᠭᠠᠬᠤ ᠦᠭᠡᠢ ᠪᠠᠷ ᠤᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠲᠥᠷᠦ ᠶᠢᠨ ᠪᠣᠳᠣᠯᠭ᠎ᠠ ᠶᠢ ᠦᠷᠭᠦᠯᠵᠢᠯᠡᠨ ᠴᠢᠩᠭ᠎ᠠ ᠨᠠᠶᠢᠳᠠᠪᠤᠷᠢᠵᠢᠭᠤᠯᠵᠤ᠂ ᠶᠠᠮᠠᠷᠪᠠ ᠤᠷᠤᠯᠳᠤᠭᠠᠨ ᠤ ᠱᠠᠩᠨᠠᠯ ᠤᠨ ᠵᠦᠢᠯ ᠢᠶᠠᠷ ᠰᠤᠷᠭᠠᠭᠤᠯᠢ ᠳᠡᠪᠰᠢᠬᠦ ᠦᠨᠳᠦᠰᠦᠯᠡᠯ ᠪᠣᠯᠭᠠᠵᠤ ᠪᠣᠯᠬᠤ ᠦᠭᠡᠢ᠃ ᠲᠤᠰ ᠭᠠᠵᠠᠷ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ︵ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ︶᠎ ᠳᠤ ᠬᠤᠪᠢ ᠨᠡᠮᠡᠬᠦ ᠲᠥᠷᠥᠯ ᠵᠦᠢᠯ ᠢ ᠦᠷᠭᠦᠯᠵᠢᠯᠡᠨ‌ᠢᠯᠭᠠᠷᠠᠭᠤᠯᠤᠨ ᠵᠢᠷᠤᠮᠵᠢᠭᠤᠯᠵᠤ᠂ ᠡᠯ᠎ᠡ ᠲᠥᠷᠥᠯ ᠤᠨ ᠤᠷᠤᠯᠳᠤᠭᠠᠨ ᠤ ᠱᠠᠩᠨᠠᠯ ᠣᠯᠤᠭᠰᠠᠨ ᠪᠠᠶᠢᠳᠠᠯ ᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ︵ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ︶᠎ ᠶᠢᠨ ᠬᠤᠪᠢ ᠨᠡᠮᠡᠬᠦ ᠦᠨᠳᠦᠰᠦᠯᠡᠯ ᠪᠣᠯᠭᠠᠬᠤ ᠶᠢ ᠴᠢᠩᠭ᠎ᠠ ᠬᠤᠷᠢᠭᠯᠠᠨ᠎ᠠ ᠭᠡᠵᠡᠢ᠃      ︽ᠮᠡᠳᠡᠭᠳᠡᠯ︾᠎ ᠳᠤ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠶᠠᠮᠤᠨ ᠬᠢᠨᠠᠨ ᠬᠠᠷᠭᠤᠭᠤᠯᠵᠤ ᠪᠠᠲᠤᠯᠠᠭᠰᠠᠨ ᠤᠷᠤᠯᠳᠤᠭᠠᠨ ᠤ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠷᠤᠯᠳᠤᠭᠠᠨ ᠤ ᠳᠤᠮᠳᠠ ᠢᠯᠡᠷᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ ᠰᠢᠢᠳᠪᠦᠷᠢᠯᠡᠨ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠰᠡᠷᠡᠮᠵᠢᠯᠡᠭᠦᠯᠦᠨ ᠳᠣᠩᠭᠤᠳᠴᠤ᠂ ᠰᠡᠷᠡᠮᠵᠢᠯᠡᠭᠦᠯᠦᠭᠰᠡᠨ ᠴᠤ ᠵᠠᠯᠠᠷᠠᠭᠤᠯᠬᠤ ᠦᠭᠡᠢ ᠪᠣᠯ᠂ ᠤᠷᠤᠯᠳᠤᠭᠠᠨ ᠤ ᠨᠡᠷᠡᠰ ᠠᠴᠠ ᠰᠢᠯᠵᠢᠭᠦᠯᠦᠨ ᠭᠠᠷᠭᠠᠬᠤ ᠪᠥᠭᠡᠳ ᠡᠷᠬᠢᠯᠡᠭᠰᠡᠨ ᠨᠢᠭᠡᠴᠢ ᠶᠢᠨ ᠤᠷᠤᠯᠳᠤᠭᠠᠨ  ᠡᠷᠬᠢᠯᠡᠬᠦ ᠭᠤᠶᠤᠴᠢᠯᠠᠯ ᠢ ᠳᠠᠬᠢᠨ ᠬᠦᠯᠢᠶᠡᠨ ᠠᠪᠴᠤ ᠰᠢᠢᠳᠪᠦᠷᠢᠯᠡᠬᠦ ᠦᠭᠡᠢ᠃ ᠡᠯ᠎ᠡ ᠮᠣᠵᠢ ︵ᠣᠷᠣᠨ᠂ ᠬᠤᠲᠠ︶ ᠮᠤᠵᠢ ᠶᠢᠨ ᠬᠡᠪᠴᠢᠶᠡᠨ ᠳᠤ ᠰᠠᠭᠤᠷᠢᠰᠢᠭᠰᠠᠨ ᠪᠦᠬᠦ ᠤᠯᠤᠰ ᠤᠨ  ᠴᠢᠨᠠᠷᠲᠠᠶ  ᠤᠷᠤᠯᠳᠤᠭᠠᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠮᠤᠵᠢ ᠶᠢᠨ ᠱᠠᠲᠤᠨ ᠤ ᠤᠷᠤᠯᠳᠤᠭᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠤᠷᠭᠠᠭᠤᠯᠢ ᠨᠤᠭᠤᠳ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠷᠳᠡᠮ ᠰᠢᠨᠵᠢᠯᠡᠭᠡᠨ ᠤ ᠦᠨᠡᠨᠴᠢ ᠢᠲᠡᠭᠡᠮᠵᠢ ᠶᠢᠨ ᠱᠠᠭᠠᠷᠳᠠᠯᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ ᠤᠷᠤᠯᠳᠤᠭᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ  ᠰᠤᠷᠤᠭᠴᠢᠳ‌‍ᠪᠣᠯᠤᠨ ᠭᠡᠷ ᠤᠨ ᠠᠬᠠᠮᠠᠳ ᠲᠤ ᠪᠦᠬᠦ ᠤᠯᠤᠰ ᠪᠣᠯᠤᠨ ᠲᠤᠰ ᠮᠤᠵᠢ ᠶᠢᠨ ᠤᠷᠤᠯᠳᠤᠭᠠᠨ ᠤ ᠨᠡᠷᠡᠰ ᠢ ᠭᠦᠢᠴᠡᠳ‌ᠣᠶᠢᠯᠠᠭᠠᠭᠤᠯᠤᠨ ᠡᠵᠡᠮᠰᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠪᠣᠯᠤᠨ ᠭᠡᠷ ᠤᠨ ᠠᠬᠠᠮᠠᠳ ᠨᠠᠷ ᠢ ᠬᠥᠲᠥᠯᠥᠨ ᠵᠢᠯᠣᠭᠤᠳᠴᠤ ᠪᠠᠶᠢᠭᠠᠳ ᠨᠡᠷᠡᠰ ᠤᠨ ᠭᠠᠳᠠᠨᠠᠬᠢ ᠳᠦᠷᠢᠮ ᠠᠴᠠ ᠵᠥᠷᠢᠴᠡᠭᠰᠡᠨ ᠤᠷᠤᠯᠳᠤᠭᠠᠨ ᠤ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠡᠰᠡᠷᠭᠦᠴᠡᠨ᠂ ᠰᠦᠪᠡᠭᠴᠢ ᠶᠢ ᠣᠯᠵᠤ ᠮᠡᠳᠡᠪᠡᠯ ᠴᠠᠭ ᠲᠤᠬᠠᠶ ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠵᠠᠭᠠᠯᠳᠤᠨ ᠢᠯᠡᠴᠢᠯᠡᠨ ᠮᠡᠳᠡᠭᠦᠯᠵᠦ᠂ ᠰᠠᠶᠢᠨ ᠰᠠᠶᠢᠬᠠᠨ ᠡᠮᠬᠢ ᠳᠢᠭᠯᠢᠮ ᠢ ᠬᠠᠮᠲᠤᠪᠠᠷ ᠬᠠᠮᠠᠭᠠᠯᠠᠳᠤᠭᠠᠢ ᠭᠡᠵᠡᠢ᠃ᠢᠷᠡᠯᠳᠠ᠄ ᠦᠪᠦᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号