ᠬᠦᠳᠡᠯᠮᠦᠷᠢ ᠠᠴᠠ ᠤᠨᠳᠤᠷᠤᠭᠰᠠᠨ ᠬᠦᠰᠡᠯ ᠤᠨ ᠬᠠᠷᠭᠤᠢ
ᠨᠡᠶᠢᠲᠡᠯᠡᠭᠰᠡᠨ ᠴᠠᠭ᠄
2020-07-22
              ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ   ᠳ᠋ᠦ᠋ ᠰᠢᠶᠤᠤ ᠯᠦᠩ      ᠶᠠᠳᠠᠭᠤ ᠠᠴᠠ ᠠᠩᠭᠢᠵᠢᠷᠠᠨ ᠴᠢᠨᠡᠭᠡᠯᠢᠭ ᠠᠮᠢᠳᠤᠷᠠᠯ ᠤᠨ ᠵᠦᠭ ᠬᠠᠨᠴᠤᠢ ᠰᠢᠮᠠᠯᠠᠨ ᠤᠷᠤᠭᠰᠢᠯᠠᠵᠤ ᠪᠠᠶᠢᠭ᠎ᠠ ᠬᠦᠳᠡᠯᠮᠦᠷᠢᠴᠢ ᠤᠯᠠᠨ ᠤ ᠲᠤᠮᠳᠠ ᠠᠴᠠ᠂ ᠮᠠᠯᠴᠢᠨ ᠬᠤᠤ ᠵᠢᠶᠧ ᠤᠷᠠᠨ ᠪᠠᠷᠢᠯᠭᠠᠴᠢᠨ ᠤ ᠮᠡᠷᠭᠡᠵᠢᠯ᠂ ᠠᠵᠢᠯᠴᠢ ᠬᠤᠶᠠᠷ ᠭᠠᠷ ᠲᠤ ᠪᠠᠨ ᠲᠦᠰᠢᠭᠯᠡᠨ᠂ ᠴᠢᠨᠡᠭᠡᠯᠢᠭ ᠤᠨ ᠬᠠᠷᠭᠤᠢ ᠵᠦᠭ᠂ ᠬᠠᠪᠢ ᠶᠢᠨ ᠮᠠᠯᠴᠢᠳ ᠢᠶᠠᠨ ᠳᠠᠭᠠᠭᠤᠯᠤᠨ ᠬᠠᠮᠳᠤ ᠳᠤ ᠪᠠᠨ ᠵᠢᠳᠬᠦᠵᠦ ᠶᠠᠪᠤᠭ᠎ᠠ ᠪᠢᠯᠡ᠃      ᠰᠠᠩᠪᠤᠯᠠᠭ ᠰᠤᠮᠤᠨ ᠤ ᠴᠠᠭᠠᠨᠴᠢᠯᠠᠭᠤᠳᠤ ᠭᠠᠴᠠᠭᠠᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠬᠤᠤ ᠵᠢᠶᠧ ᠮᠠᠯ ᠢᠶᠠᠨ ᠮᠠᠯᠵᠢᠵᠤ᠂ ᠭᠡᠷ ᠤᠨ ᠳᠤᠳᠤᠨ᠎ᠠ ᠭᠠᠳᠠᠨ᠎ᠠ ᠶᠠᠭᠠᠷᠠᠬᠤ ᠠᠴᠠ ᠭᠠᠳᠠᠨ᠎ᠠ᠂ ᠭᠡᠷ ᠬᠤᠷᠤᠭ᠎ᠠ ᠪᠠᠷᠢᠬᠤ ᠰᠢᠪᠠᠷ ᠤᠨ ᠠᠵᠢᠯ ᠳᠤ ᠴᠠᠭᠠᠷᠠᠭᠰᠠᠨ ᠢᠶᠠᠷ ᠢᠶᠠᠨ ᠤᠯᠠᠨ ᠳᠤ ᠳᠠᠨᠢᠭᠳᠠᠵᠤ᠂ ᠤᠶᠢᠷ᠎ᠠ ᠬᠠᠪᠢ ᠶᠢᠨ ᠮᠠᠯᠴᠢᠳ ᠪᠠᠷᠢᠯᠭ᠎ᠠ ᠶᠢᠨ ᠠᠵᠢᠯ ᠪᠤᠯᠪᠠᠯ ᠪᠦᠷ ᠳᠡᠬᠦᠨ ᠢ ᠡᠷᠢᠳᠡᠭ ᠠᠴᠠ᠂ ᠵᠦᠪᠬᠡᠨ ᠪᠠᠷᠢᠯᠭ᠎ᠠ ᠶᠢᠨ ᠠᠵᠢᠯ ᠬᠢᠬᠡᠳ ᠤᠯᠤᠭᠰᠠᠨ ᠤᠷᠤᠯᠭ᠎ᠠ ᠨᠢ ᠵᠢᠯ ᠳᠤ 5 ᠲᠦᠮᠡᠨ ᠲᠦᠭᠦᠷᠢᠭ ᠢ ᠳᠠᠪᠠᠵᠤ ᠪᠤᠢ᠃ ᠡᠬᠦᠨ ᠠᠴᠠ ᠭᠠᠳᠠᠨ᠎ᠠ ᠭᠠᠴᠠᠭᠠᠨ  ᠤ ᠤᠷᠴᠢᠨ ᠳᠤᠭᠤᠷᠢᠨ ᠤ ᠴᠡᠪᠡᠷᠯᠡᠭᠴᠢ ᠶᠢᠨ ᠠᠵᠢᠯ ᠢ ᠬᠠᠷᠢᠭᠤᠴᠠᠨ᠂ ᠰᠠᠷ᠎ᠠ ᠳᠤ 1500 ᠲᠦᠭᠦᠷᠢᠭ ᠤᠨ ᠴᠠᠯᠢᠩ  ᠠᠪᠲᠠᠭ ᠲᠡᠷᠡ  ᠪᠦᠬᠦ ᠵᠢᠯ ᠳᠤ ᠪᠠᠨ ᠠᠷᠪᠠᠭᠠᠳ ᠲᠦᠮᠡᠨ ᠲᠦᠭᠦᠷᠢᠭ ᠤᠨ ᠤᠷᠤᠯᠭ᠎ᠠ ᠲᠠᠢ᠃
     ᠬᠤᠤ ᠵᠢᠶᠧ ᠶᠢᠨ ᠬᠢ ᠭᠠᠴᠠᠭᠠᠨ ᠲᠦᠪ ᠠᠴᠠ ᠪᠠᠨ ᠤᠶᠢᠷᠠᠬᠠᠨ ᠰᠠᠭᠤᠳᠠᠭ ᠠᠴᠠ ᠵᠦᠬᠡᠷ ᠰᠠᠭᠤᠵᠤ ᠴᠢᠳᠠᠳᠠᠭ ᠦᠬᠡᠢ ᠬᠦᠳᠡᠯᠮᠦᠷᠢᠴᠢ ᠵᠠᠩ ᠲᠠᠢ ᠲᠡᠷᠡ᠂ ᠭᠠᠴᠠᠭᠠᠨ ᠤ ᠰᠠᠶᠢᠨ ᠳᠤᠷᠠᠴᠤᠳ ᠤᠨ ᠡᠩᠨᠡᠭᠡᠨ ᠳᠤ ᠢᠳᠡᠪᠬᠢᠯᠡᠨ ᠤᠷᠤᠯᠴᠠᠵᠤ᠂ ᠭᠠᠴᠠᠭᠠᠨ ᠳᠤ ᠤᠰᠤ ᠬᠦᠷᠭᠡᠬᠦ ᠵᠡᠷᠭᠡ ᠠᠷ ᠰᠠᠷ ᠠᠵᠢᠯ ᠳᠤ ᠰᠠᠶᠢᠨ ᠳᠤᠷ᠎ᠠ ᠠᠴᠠ ᠪᠠᠨ ᠬᠠᠪᠰᠤᠷᠤᠯᠴᠠᠳᠠᠭ᠃ 2017 ᠤᠨ ᠳᠤ ᠲᠡᠷᠡ 15000 ᠲᠦᠭᠦᠷᠢᠭ ᠢᠶᠠᠷ ᠪᠠᠭ᠎ᠠ ᠬᠡᠯᠪᠡᠷᠢ ᠶᠢᠨ ᠤᠳᠬᠤᠭᠤᠷ ᠳᠡᠷᠭᠡ ᠬᠤᠳᠠᠯᠳᠤᠨ ᠠᠪᠴᠤ᠂ ᠴᠢᠯᠦᠬᠡ ᠵᠠᠪ ᠢᠶᠠᠷ ᠢᠶᠠᠨ ᠭᠠᠴᠠᠭᠠᠨ ᠤ ᠵᠠᠮ ᠱᠤᠭᠤᠮ᠂ ᠡᠷᠬᠢᠨ ᠳᠤᠭᠤᠷᠢᠨ ᠤ ᠠᠶᠢᠯ ᠡᠷᠦᠬᠡ ᠶᠢᠨ ᠭᠠᠳᠠᠨ᠎ᠠ ᠬᠤᠷᠠᠭᠰᠠᠨ ᠡᠯᠡᠰᠦ᠂ ᠬᠤᠭ ᠨᠤᠪᠰᠢ ᠶᠢ ᠠᠷᠢᠯᠠᠭᠠᠬᠤ ᠵᠡᠷᠭᠡ ᠪᠠᠷ ᠠᠵᠢᠯ ᠤᠯᠳᠠᠪᠠᠯ ᠬᠢᠵᠦ᠂ ᠬᠦᠳᠡᠯᠮᠦᠷᠢᠴᠢ ᠬᠤᠶᠠᠷ ᠭᠠᠷ ᠢᠶᠠᠷ ᠢᠶᠠᠨ ᠬᠦᠰᠡᠭᠰᠡᠨ ᠢᠷᠡᠭᠡᠳᠦᠢ ᠪᠠᠨ ᠴᠤᠭᠴᠠᠯᠠᠵᠤ ᠶᠠᠪᠤᠨ᠎ᠠ᠃
     ᠮᠠᠯᠴᠢᠨ ᠬᠤᠤ ᠵᠢᠶᠧ᠄ ᠤᠯᠤᠰ ᠤᠨ ᠡᠶᠢᠮᠦ ᠰᠠᠶᠢᠨ ᠲᠦᠷᠦ ᠶᠢᠨ ᠪᠤᠳᠤᠯᠭ᠎ᠠ ᠳᠤ ᠪᠢᠲᠡ ᠴᠢᠷᠮᠠᠶᠢᠨ ᠠᠵᠢᠯᠯᠠᠪᠠᠯ ᠵᠤᠬᠢᠨ᠎ᠠ᠃ ᠬᠦᠳᠡᠯᠮᠦᠷᠢᠯᠡᠳᠡᠭ ᠯᠡ ᠪᠤᠯ ᠶᠠᠳᠠᠭᠤᠷᠠᠨ᠎ᠠ ᠬᠡᠵᠦ ᠪᠠᠶᠢᠬᠤ ᠦᠬᠡᠢ᠃ ᠪᠢ ᠴᠠᠭ ᠦᠷᠬᠦᠯᠵᠢ ᠬᠦᠳᠡᠯᠮᠦᠷᠢᠯᠡᠨ᠂ ᠤᠳᠤ ᠦᠪᠡᠷᠳᠡᠭᠡᠨ ᠴᠢᠨᠡᠬᠡᠯᠢᠭᠵᠢᠬᠦ ᠠᠴᠠ ᠭᠠᠳᠠᠨ᠎ᠠ ᠳᠡᠷᠭᠡᠳᠡᠬᠢ ᠬᠦᠮᠦᠰ ᠢᠶᠠᠨ ᠴᠦ ᠳᠠᠭᠠᠭᠤᠯᠤᠨ ᠪᠠᠶᠠᠵᠢᠶ᠎ᠠ ᠬᠡᠵᠦ ᠪᠤᠳᠤᠵᠤ ᠪᠠᠶᠢᠨ᠎ᠠ᠃      ︽ᠬᠦᠳᠡᠯᠮᠦᠷᠢᠯᠡᠳᠡᠭ ᠯᠡ ᠶᠤᠮ ᠪᠤᠯ᠂ ᠶᠠᠲᠠᠭᠤᠷᠠᠬᠤ ᠦᠬᠡᠢ︾ ᠬᠡᠮᠡᠨ ᠵᠢᠳᠬᠦᠵᠦ ᠶᠠᠪᠤᠳᠠᠭ ᠲᠡᠷᠡ᠂ ᠦᠪᠡᠷ  ᠤᠨ ᠪᠠᠷᠢᠯᠭ᠎ᠠ ᠶᠢᠨ ᠮᠡᠷᠭᠡᠵᠢᠯ ᠢᠶᠠᠨ ᠺᠠᠷᠲ ᠳᠤ ᠳᠠᠩᠰᠠᠯᠠᠭᠳᠠᠭᠰᠠᠨ ᠶᠠᠳᠠᠭᠤ ᠡᠷᠦᠬᠡ ᠳᠤᠷᠵᠢᠰᠦ᠋ᠷᠦᠩ ᠳᠤ ᠵᠢᠭᠠᠵᠤ ᠦᠭᠭᠦᠨ᠂ ᠠᠪᠠᠭᠠᠢ ᠨᠦᠬᠦᠷ ᠬᠤᠶᠠᠭᠤᠯᠠ ᠶᠢ ᠨᠢ ᠭᠠᠷ ᠳᠤᠤᠷ᠎ᠠ ᠪᠠᠨ ᠳᠠᠭᠠᠭᠤᠯᠤᠨ ᠵᠠᠷᠤᠵᠤ᠂ ᠪᠠᠷᠢᠯᠭ᠎ᠠ ᠶᠢᠨ ᠠᠵᠢᠯ ᠤᠯᠳᠠᠪᠠᠯ ᠳᠡᠳᠡᠨ ᠢ ᠳᠠᠭᠤᠳᠠᠨ ᠬᠠᠮᠳᠤ ᠠᠵᠢᠯᠯᠠᠵᠤ᠂ ᠤᠷ᠎ᠠ ᠮᠡᠷᠭᠡᠵᠢᠯ ᠢᠶᠠᠨ ᠵᠢᠭᠠᠨ᠂ ᠤᠷᠤᠯᠭ᠎ᠠ ᠶᠢ ᠨᠢ ᠨᠡᠮᠡᠭᠳᠡᠬᠦᠯᠵᠦ ᠪᠤᠢ᠃ ᠤᠶᠢᠷ᠎ᠠ ᠶᠢᠨ ᠬᠤᠶᠠᠷ ᠰᠠᠷ᠎ᠠ ᠳᠤ ᠬᠤᠤ ᠵᠢᠶᠧ ᠶᠢ ᠳᠠᠭᠠᠭᠠᠳ 6000 ᠲᠦᠭᠦᠷᠢᠭ ᠤᠨ ᠤᠷᠤᠯᠭ᠎ᠠ ᠤᠯᠤᠭᠰᠠᠨ ᠳᠤ ᠪᠠᠨ ᠳᠤᠷᠵᠢᠰᠦ᠋ᠷᠦᠩ ᠮᠠᠰᠢ ᠪᠠᠶᠠᠷᠳᠠᠢ ᠪᠠᠶᠢᠯ᠎ᠠ᠃
     ᠳᠤᠷᠵᠢᠰᠦᠷᠦᠩ᠄ ᠠᠪᠠᠭᠠᠢ ᠲᠠᠢ ᠪᠠᠨ ᠬᠤᠶᠠᠭᠤᠯᠠ ᠬᠤᠤ ᠵᠢᠶᠧ ᠶᠢ ᠳᠠᠭᠠᠵᠤ ᠠᠵᠢᠯᠯᠠᠭᠠᠳ 7 ᠮᠢᠩᠭ᠎ᠠ ᠭᠠᠷᠤᠢ ᠲᠦᠭᠦᠷᠢᠭ ᠤᠨ ᠤᠷᠤᠯᠭ᠎ᠠ ᠤᠯᠤᠭᠰᠠᠨ᠂ ᠬᠤᠶᠢᠰᠢᠳᠠ ᠳᠡᠬᠦᠨ ᠠᠴᠠ ᠢᠯᠡᠬᠦᠬᠡᠨ ᠳᠤᠷᠰᠢᠯᠭ᠎ᠠ ᠰᠤᠷᠴᠤ᠂ ᠤᠷᠤᠯᠭ᠎ᠠ ᠪᠠᠨ ᠨᠡᠮᠡᠭᠳᠡᠬᠦᠯᠦᠨ ᠠᠮᠢᠳᠤᠷᠠᠯ ᠢᠶᠠᠨ ᠦᠭᠡᠳᠡ ᠳᠠᠳᠠᠨ᠎ᠠ᠃      ᠬᠦᠳᠡᠯᠮᠦᠷᠢ ᠵᠢᠳᠬᠦᠯ ᠢᠶᠠᠷ ᠢᠶᠠᠨ ᠰᠠᠶᠢᠨ ᠰᠠᠶᠢᠬᠠᠨ ᠢᠷᠡᠭᠡᠳᠦᠢ ᠪᠠᠨ ᠴᠤᠭᠴᠠᠯᠠᠨ᠂ ᠬᠦᠮᠦᠨ ᠤᠯᠠᠨ ᠳᠤ  ᠪᠠᠨ ᠳᠠᠭᠤᠷᠢᠶᠠᠯ ᠦᠵᠡᠭᠦᠯᠲᠡᠭ ᠬᠤᠤ ᠵᠢᠶᠧ ᠰᠢᠭ ᠬᠦᠮᠦᠰ ᠨᠡᠩ ᠤᠯᠠᠨ ᠴᠤᠯᠭᠤᠷᠠᠬᠤ ᠪᠤᠯᠤᠭᠠᠰᠠᠢ︕
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号