ᠬᠠᠲᠠᠠᠬᠤᠰᠢᠭᠤ ᠭᠠᠴᠠᠭᠠᠨ ᠤ ᠨᠡᠶᠢᠲᠡ ᠶᠢᠨ ᠬᠤᠷᠠᠮᠲᠠᠭᠤᠯᠭ᠎ᠠ ᠨᠡᠮᠡᠭᠲᠡᠭᠰᠡᠭᠡᠷ ᠪᠠᠶᠢᠭ᠎ᠠ ᠶᠢᠨ ᠰᠢᠯᠲᠠᠭᠠᠨ  ᠨᠢ ᠶᠠᠭᠤ ᠪᠤᠯ︖
ᠨᠡᠶᠢᠲᠡᠯᠡᠭᠰᠡᠨ ᠴᠠᠭ᠄
2020/7/22
                 ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ        ᠬᠠᠲᠠᠠᠬᠤᠰᠢᠭᠤ ᠭᠠᠴᠠᠭᠠᠨ ᠤ ᠮᠠᠯᠴᠢᠨ ᠰᠦᠨ ᠪᠢᠨ᠂ ᠭᠠᠴᠠᠭᠠᠨ ᠤ ᠬᠠᠮᠲᠤ ᠶᠢᠨ ᠨᠤᠲᠤᠭ ᠲᠡᠭᠡᠷ᠎ᠡ ᠪᠠᠶᠢᠷᠢᠯᠠᠭ᠎ᠠ 500 ᠬᠠᠪᠲᠠᠭᠠᠢ ᠲᠦᠷᠪᠡᠯᠵᠢᠨ ᠮᠧᠲᠷ ᠤᠨ ᠲᠠᠯᠠᠪᠠᠢ ᠲᠠᠢ ᠤᠰᠤ᠂  ᠴᠠᠬᠢᠯᠭᠠᠨ ᠪᠦᠷᠢᠨᠰᠢᠭᠰᠡᠨ ᠬᠠᠰᠢᠶ᠎ᠠ ᠰᠠᠷᠠᠪᠴᠢ ᠳᠤ 140 ᠡᠯᠵᠢᠭᠡ ᠪᠠᠨ ᠠᠷᠠᠴᠢᠯᠠᠨ ᠲᠡᠵᠢᠭᠡᠭᠡᠳ᠂ ᠤᠤᠯ ᠠᠴᠠ ᠪᠠᠨ ᠢᠯᠡᠭᠦᠦ ᠭᠤᠷᠪᠠᠨ ᠲᠦᠮᠡᠨ ᠲᠦᠭᠦᠷᠢᠭ ᠤᠨ ᠤᠷᠤᠯᠭ᠎ᠠ ᠤᠯᠤᠭᠠᠳ ᠤᠨᠴᠠ ᠶᠢᠨ ᠪᠠᠶᠠᠷᠲᠠᠢ︔ ᠭᠠᠴᠠᠭ᠎ᠠ ᠴᠦ ᠲᠠᠭᠠᠭᠠᠴᠢᠯᠠᠭᠤᠯᠤᠭᠰᠠᠨ ᠨᠤᠲᠤᠭ ᠪᠡᠯᠴᠢᠭᠡᠷ ᠤᠨ ᠤᠷᠤᠯᠭ᠎ᠠ ᠪᠠᠷ ᠢᠶᠠᠨ ᠨᠡᠶᠢᠲᠡ ᠶᠢᠨ ᠬᠤᠷᠠᠮᠲᠠᠭᠤᠯᠭ᠎ᠠ ᠪᠠᠨ ᠨᠡᠮᠡᠭᠲᠡᠭᠦᠯᠦᠨ᠂ ᠠᠷᠠᠳ ᠮᠠᠯᠴᠢᠳ ᠲᠤ ᠪᠠᠨ ᠠᠰᠢᠭ ᠬᠦᠷᠲᠡᠭᠡᠭᠰᠡᠭᠡᠷ ᠪᠠᠶᠢᠭ᠎ᠠ ᠨᠢ ᠰᠠᠶᠢᠬᠠᠨ ᠪᠠᠶᠢᠨ᠎ᠠ᠃ ᠬᠠᠮᠢᠭ᠎ᠠ ᠠᠴᠠ ᠦᠭᠭᠦᠭᠰᠡᠨ ᠠᠰᠢᠭ ᠲᠤᠰᠠ ᠨᠢ ᠭᠠᠴᠠᠭ᠎ᠠ᠂ ᠮᠠᠯᠴᠢᠳ ᠤᠨ ᠴᠢᠨᠡᠭᠡᠯᠢᠭ ᠠᠮᠢᠲᠤᠷᠠᠯ ᠤᠨ ᠵᠦᠭ ᠵᠤᠤᠵᠡᠢ ᠬᠤᠯᠪᠤᠨ ᠤᠷᠤᠭᠰᠢᠯᠠᠬᠤ  ᠵᠠᠮ  ᠢ ᠨᠡᠭᠡᠭᠡᠭᠰᠡᠨ ᠪᠤᠯ︖
     ᠬᠠᠳᠠᠨᠬᠤᠰᠢᠭᠤ ᠭᠠᠴᠠᠭᠠᠨ ᠤ ᠬᠠᠮᠳᠤ ᠶᠢᠨ ᠨᠤᠳᠤᠭ ᠪᠡᠯᠴᠢᠭᠡᠷ ᠳᠡᠭᠡᠷ᠎ᠡ ᠰᠦᠨᠳᠡᠷᠯᠡᠨ ᠬᠠᠷᠠᠭᠳᠠᠬᠤ ᠡᠨᠡ ᠬᠦ 500 ᠬᠠᠪᠲᠠᠭᠠᠢ ᠲᠦᠷᠪᠡᠯᠵᠢᠨ ᠮᠧᠲᠷ ᠤᠨ ᠲᠠᠯᠠᠪᠠᠢ ᠲᠠᠢ ᠪᠠᠷᠢᠯᠭ᠎ᠠ ᠪᠤᠯ᠂  ᠪᠡᠬᠡᠵᠢᠩ ᠪᠠ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠲᠦᠷᠦᠯ ᠵᠦᠢᠯ ᠢᠶᠠᠷ 2019 ᠤᠨ ᠳᠤ ᠪᠠᠶᠢᠭᠤᠯᠤᠭᠰᠠᠨ ᠫᠧᠩ ᠰᠠᠷᠠᠪᠴᠢ ᠪᠤᠯᠤᠨ᠎ᠠ᠃ ᠶᠡᠷᠦᠩᠭᠡᠢ ᠪᠡᠯᠡ ᠤᠷᠤᠭᠤᠯᠤᠯᠳᠠ ᠨᠢ  ᠭᠤᠴᠢᠭᠠᠳ ᠲᠦᠮᠡᠨ ᠲᠦᠭᠦᠷᠢᠭ ᠤᠨ ᠲᠤᠰ ᠲᠦᠰᠦᠯ ᠳᠤ ᠭᠠᠴᠠᠭᠠᠨ ᠠᠴᠠ ᠲᠦᠷᠪᠡᠭᠡᠨ ᠲᠦᠮᠡᠨ ᠲᠦᠭᠦᠷᠢᠭ ᠭᠠᠷᠭᠠᠨ᠂ ᠤᠷᠴᠢᠮᠬᠠᠨ ᠠᠰᠢᠭᠯᠠᠯᠳᠠ ᠳᠤ ᠤᠷᠤᠭᠤᠯᠬᠤ ᠳᠤ᠂ ᠭᠠᠴᠠᠭᠠᠨ ᠤ ᠳᠡᠵᠢᠬᠡᠨ ᠦᠷᠡᠵᠢᠬᠦᠯᠬᠦ ᠳᠤᠮᠤ ᠡᠷᠦᠬᠡ ᠰᠦᠨ ᠪᠢᠨ ᠲᠡᠷᠡ ᠳᠠᠷᠤᠢ ᠬᠡᠷ᠎ᠡ ᠳᠤᠭᠳᠠᠵᠤ ᠬᠠᠮᠳᠤ ᠶᠢᠨ ᠨᠤᠳᠤᠭ ᠪᠡᠯᠴᠢᠬᠡᠷ ᠢ ᠳᠠᠭᠠᠭᠠᠴᠢᠯᠠᠨ ᠠᠪᠤᠭᠰᠠᠨ ᠨᠢ ᠡᠨᠡ ᠪᠠᠶᠢᠵᠡᠢ᠃
     ᠭᠠᠴᠠᠭᠠᠨ ᠤ ᠬᠠᠮᠲᠤ ᠶᠢᠨ ᠬᠤᠷᠠᠮᠲᠠᠭᠤᠯᠭ᠎ᠠ ᠶᠢ ᠨᠡᠮᠡᠭᠲᠡᠭᠦᠯᠭᠦ ᠪᠦᠭᠡᠳ ᠲᠡᠵᠢᠬᠡᠨ ᠦᠷᠡᠵᠢᠬᠦᠯᠬᠦ ᠡᠷᠦᠬᠡ ᠶᠢᠨ ᠲᠡᠵᠢᠬᠡᠨ ᠦᠷᠡᠵᠢᠬᠦᠯᠬᠦ ᠦᠷ᠎ᠡ ᠠᠰᠢᠭ ᠳᠤ ᠴᠦ ᠪᠠᠳᠤᠯᠠᠭ᠎ᠠ  ᠦᠵᠡᠭᠦᠯᠦᠭᠰᠡᠨ ᠲᠤᠰ ᠲᠦᠰᠦᠯ ᠨᠢ ᠬᠠᠲᠠᠠᠬᠤᠰᠢᠭᠤ ᠭᠠᠴᠠᠭᠠᠨ ᠤ  ᠪᠠᠶᠠᠵᠢᠯ ᠤᠨ ᠵᠢᠯᠤᠭᠤ ᠪᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠳᠤ ᠬᠦᠴᠦᠨ ᠨᠡᠮᠡᠷᠢᠯᠡᠭᠰᠡᠨ ᠨᠢ ᠲᠠᠮᠵᠢᠭ ᠦᠭᠡᠢ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号