ᠡᠩᠭᠡ ᠲᠤᠩᠬ᠎ᠠ ᠠᠮᠢᠲᠤᠷᠠᠯ ᠲᠠᠢ ᠨᠠᠰᠤᠲᠠᠨ ᠪᠤᠭᠤᠷᠤᠯ ᠤᠳ
ᠨᠡᠶᠢᠲᠡᠯᠡᠭᠰᠡᠨ ᠴᠠᠭ᠄
2020-07-22
     ᠵᠢᠷᠭᠠᠯᠠᠩ ᠨᠠᠰᠤᠲᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠳᠤ ᠰᠠᠭᠤᠵᠤ ᠪᠠᠶᠢᠭ᠎ᠠ ᠨᠠᠰᠤᠲᠠᠨ ᠪᠤᠭᠤᠷᠤᠯ  ᠤᠳ ᠮᠠᠨᠢ ᠨᠠᠮ ᠵᠠᠰᠠᠭ ᠤᠨ ᠬᠠᠯᠠᠮᠵᠢ᠂ ᠨᠠᠶᠢᠷᠰᠠᠭ ᠵᠠᠩ ᠲᠠᠢ ᠡᠮᠴᠢ  ᠰᠤᠪᠢᠯᠠᠭᠴᠢ ᠶᠢᠨ ᠢᠪᠡᠭᠡᠯ ᠢᠶᠠᠷ ᠡᠩᠭᠡ ᠲᠤᠩᠬ᠎ᠠ ᠡᠷᠡᠭᠦᠯ ᠰᠠᠶᠢᠬᠠᠨ ᠠᠵᠤ ᠲᠦᠷᠦᠵᠦ ᠪᠠᠶᠢᠭ᠎ᠠ ᠨᠢ ᠰᠠᠶᠢᠬᠠᠨ ᠡ︕ ᠤᠷᠴᠢᠮᠬᠠᠨ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠠᠴᠠ  ᠨᠠᠰᠤᠲᠠᠳ ᠲᠠᠭᠠᠨ᠂ ᠥᠪᠥᠷ ᠮᠤᠩᠭᠤᠯ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠤᠷᠤᠯᠴᠠᠯᠭ᠎ᠠ ᠲᠠᠢ ᠠᠯᠪᠠᠨ ᠵᠢᠷᠤᠮ ᠤᠨ ᠡᠮᠴᠢᠯᠡᠭᠡ ᠬᠢᠨ᠂ ᠤᠯᠠᠨ ᠢᠶᠠᠨ  ᠪᠠᠶᠠᠰᠬᠠᠯ᠎ᠠ᠃
     ᠴᠢᠰᠤᠨ ᠳᠠᠷᠤᠯᠲᠠ᠂ ᠴᠢᠰᠤᠨ ᠰᠢᠬᠢᠷ ᠵᠢᠷᠤᠬᠡᠨ ᠯᠤᠭᠰᠢᠯᠲᠠ ᠶᠢᠨ ᠬᠡᠮᠵᠢᠯᠲᠠ᠂ B ᠬᠡᠳᠦ ᠳᠣᠯᠭᠢᠶᠠᠨ᠂ ᠴᠢᠬᠢ ᠬᠠᠮᠠᠷ ᠬᠤᠭᠤᠯᠠᠢ ᠶᠢᠨ ᠪᠠᠶᠢᠴᠠᠭᠠᠯᠲᠠ ᠪᠠᠨ ᠬᠢᠯᠭᠡᠭᠰᠡᠨ ᠵᠠᠭᠤᠭᠠᠳ ᠨᠠᠰᠤᠲᠠᠳ ᠮᠠᠨᠢ᠂ ᠠᠷᠬᠠᠭ ᠬᠠᠭᠤᠴᠢ  ᠶᠢᠨ ᠢᠶᠠᠨ ᠲᠤᠬᠠᠢ ᠠᠰᠠᠭᠤᠨ ᠰᠤᠷᠠᠵᠤ᠂ ᠠᠩᠬᠠᠷᠬᠤ ᠵᠤᠶᠢᠯᠡᠰ ᠢᠶᠠᠨ ᠮᠡᠲᠡᠨ᠂ 2000 ᠭᠠᠷᠤᠢ ᠲᠦᠭᠦᠷᠢᠭ ᠤᠨ ᠦᠷᠲᠡᠭ ᠲᠠᠢ ᠡᠮ ᠲᠠᠩ ᠭᠠᠷᠲᠠᠭᠠᠳ ᠤᠨᠴᠠ ᠶᠢᠨ ᠪᠠᠶᠠᠷᠲᠠᠢ ᠪᠠᠶᠢᠯ᠎ᠠ᠃
     ᠣᠶᠢᠯᠠᠭᠠᠭᠰᠠᠨ ᠢᠶᠠᠷ᠂ ᠡᠮᠴᠢᠯᠡᠭᠡᠨ ᠤ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠨᠢ ᠨᠠᠰᠤᠲᠠᠶᠢᠴᠤᠳ  ᠤᠨ ᠢᠶᠠᠨ ᠡᠷᠡᠭᠦᠯ ᠮᠡᠨᠲᠦ ᠳᠤ ᠰᠠᠨᠠᠭᠠᠰᠢᠷᠠᠨ᠂ ᠰᠠᠷ᠎ᠠ ᠪᠦᠷᠢ ᠬᠦᠷᠢᠶᠡᠯᠡᠩ ᠳᠤ ᠬᠦᠷᠴᠦ ᠠᠯᠪᠠᠨ ᠵᠢᠷᠤᠮ ᠤᠨ ᠡᠮᠴᠢᠯᠡᠭᠡ ᠦᠷᠨᠢᠬᠦᠯᠵᠦ ᠪᠤᠢ᠃ ᠬᠤᠶᠢᠰᠢᠲᠠ ᠪᠠᠰᠠ ᠬᠤᠪᠢᠶᠠᠷᠢ ᠠᠩᠭᠢ ᠪᠠᠶᠢᠭᠤᠯᠤᠨ᠂ ᠨᠡᠶᠢᠭᠡᠮ ᠲᠣᠭᠤᠷᠢᠭ᠂ ᠬᠦᠳᠡᠭᠡ ᠲᠤᠰᠬᠤᠨ᠂ ᠰᠤᠷᠭᠠᠭᠤᠯᠢ᠂ ᠠᠵᠤ ᠠᠬᠤᠶᠢᠯᠠᠯ  ᠲᠤ ᠭᠦᠨᠵᠡᠭᠡᠶᠢᠷᠡᠨ ᠦᠢᠯᠡᠴᠢᠯᠡᠭᠡ ᠬᠢᠵᠦ᠂ ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠬᠡ ᠶᠢᠨ ᠠᠵᠢᠯᠯᠠᠭ᠎ᠠ ᠶᠢ ᠨᠡᠩ ᠬᠦᠨᠵᠡᠭᠡᠶᠢᠷᠡᠭᠦᠯᠭᠦ   ᠪᠠᠷ ᠪᠠᠶᠢᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号