ᠰᠦᠨᠢᠳ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠵᠠᠷᠯᠠᠯ ︵34 ᠳ᠋ᠤᠭᠠᠷ ᠲᠣᠭᠠᠳᠣ︶
ᠨᠡᠶᠢᠲᠡᠯᠡᠭᠰᠡᠨ ᠴᠠᠭ᠄
2020/7/22
   ᠰᠦᠨᠢᠳ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ   ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠵᠠᠷᠯᠠᠯ                        ︵34 ᠳ᠋ᠤᠭᠠᠷ ᠲᠣᠭᠠᠳᠣ︶      ᠤᠳᠤᠬᠠᠨ ᠤ ᠪᠦᠬᠦ ᠤᠯᠤᠰ ᠲᠤ ᠠᠯᠳᠠᠭ ᠤᠨᠤᠭ ᠪᠤᠶᠤ ᠲᠦᠪᠯᠡᠷᠡᠭᠰᠡᠨ ᠬᠠᠯᠳᠠᠪᠤᠷᠢ ᠭᠠᠷᠴᠦ ᠪᠠᠶᠢᠭ᠎ᠠ ᠪᠠᠶᠢᠳᠠᠯ ᠳᠤ ᠬᠠᠨᠳᠤᠭᠤᠯᠤᠨ ︽ᠭᠠᠳᠠᠨ᠎ᠠ ᠠᠴᠠ ᠬᠠᠯᠳᠠᠪᠤᠷᠢᠯᠠᠬᠤ ᠠᠴᠠ ᠰᠡᠷᠭᠡᠶᠢᠯᠡᠬᠦ᠂ ᠲᠤᠳᠤᠭᠠᠳᠤ ᠳᠠᠭᠠᠨ ᠲᠠᠬᠢᠨ ᠬᠠᠯᠳᠠᠪᠤᠷᠢ ᠭᠠᠷᠬᠤ ᠠᠴᠠ ᠰᠡᠷᠭᠡᠶᠢᠯᠡᠬᠦ︾ ᠵᠠᠷᠴᠢᠮ ᠢᠶᠠᠷ ᠭᠢᠵᠢᠭ ᠰᠡᠷᠭᠡᠶᠢᠯᠡᠯᠳᠡ ᠶᠢ ᠨᠡᠩ ᠴᠢᠩᠭᠠᠳᠬᠠᠬᠤ ᠶᠢᠨ ᠲᠦᠯᠦᠭᠡ ᠲᠤᠤᠷᠠᠬᠢ ᠮᠡᠳᠦ ᠵᠠᠷᠯᠠᠯ ᠨᠡᠶᠢᠳᠡᠯᠡᠪᠡ᠃      ᠨᠢᠭᠡ᠂ ᠦᠨᠦᠳᠦᠷ ᠠᠴᠠ ᠡᠬᠢᠯᠡᠨ ᠰᠢᠨᠵᠢᠶᠠᠩ ᠤᠨ ᠦᠷᠦᠮᠴᠢ ᠠᠴᠠ ᠮᠠᠨ ᠤ ᠬᠤᠰᠢᠭᠤᠨ ᠳᠤ ᠢᠷᠡᠭᠰᠡᠳ 7 ᠡᠳᠦᠷ ᠤᠨ ᠲᠤᠳᠤᠷᠠᠬᠢ ᠪᠦᠭᠡᠮ ᠬᠦᠴᠢᠯ ᠤᠨ ᠪᠠᠶᠢᠴᠠᠭᠠᠯᠳᠠ ᠳᠤ ᠪᠢᠯᠢᠭ ᠴᠢᠨᠠᠷ ᠢᠯᠡᠷᠡᠭᠰᠡᠨ ᠭᠡᠷᠡᠴᠢ ᠪᠤᠶᠤ 7 ᠡᠳᠦᠷ ᠤᠨ ᠲᠤᠳᠤᠷᠠᠬᠢ ᠪᠠᠶᠢᠴᠠᠭᠠᠯᠳᠠ ᠳᠤ ᠪᠢᠯᠢᠭ ᠴᠢᠨᠠᠷ ᠢᠯᠡᠷᠡᠭᠰᠡᠨ ᠪᠠᠷᠢᠮᠳᠠ ᠪᠦᠬᠦᠢ ᠡᠷᠡᠬᠦᠯ ᠴᠢᠬᠢᠷᠠᠭ ᠤᠨ ᠭᠡᠷᠡᠴᠢ ᠲᠠᠢ ᠮᠦᠷᠳᠡᠭᠡᠨ ᠪᠡᠶ᠎ᠡ ᠶᠢᠨ ᠬᠠᠯᠠᠭᠤᠨ ᠨᠢ ᠭᠡᠪ ᠤᠨ᠂ ᠬᠤᠪᠢ ᠶᠢᠨ ᠰᠡᠷᠭᠡᠶᠢᠯᠡᠯᠳᠡ ᠪᠠᠨ ᠰᠠᠶᠢᠨ ᠬᠢᠵᠤ ᠴᠢᠳᠠᠬᠤ ᠤᠷᠢᠳᠠᠯ ᠲᠤᠤᠷ᠎ᠠ ᠴᠢᠯᠦᠭᠡᠳᠡᠢ ᠡᠮᠬᠢ ᠲᠢᠭᠯᠢᠮ ᠲᠠᠢ ᠶᠠᠪᠤᠵᠤ ᠰᠠᠭᠤᠵᠤ ᠪᠤᠯᠤᠨ᠎ᠠ᠃ ᠲᠡᠭᠡᠷᠡᠬᠢ ᠭᠡᠷᠡᠴᠢ ᠪᠠᠷᠢᠮᠳᠠ ᠶᠢ ᠭᠠᠷᠭᠠᠵᠤ ᠴᠢᠳᠠᠬᠤ ᠦᠭᠡᠢ ᠪᠤᠯ ᠮᠠᠨ ᠤ ᠬᠤᠰᠢᠭᠤᠨ ᠳᠤ ᠤᠷᠤᠮᠠᠭᠴᠠ ᠲᠦᠪᠯᠡᠷᠡᠬᠦᠯᠦᠨ ᠲᠤᠰᠠᠭᠠᠷᠯᠠᠵᠤ ᠂ 24 ᠴᠠᠭ ᠤᠨ ᠲᠤᠳᠤᠷ᠎ᠠ ᠪᠦᠭᠡᠮ ᠬᠦᠴᠢᠯ ᠤᠨ ᠪᠠᠶᠢᠴᠠᠭᠠᠯᠳᠠ ᠬᠢᠵᠤ᠂ ᠪᠠᠶᠢᠴᠠᠭᠠᠯᠳᠠ ᠶᠢᠨ ᠳ᠋ᠦᠩ ᠨᠢ ᠪᠢᠯᠢᠭ ᠴᠢᠨᠠᠷ ᠢᠯᠡᠷᠡᠭᠰᠡᠨ ᠪᠤᠯ ᠲᠤᠰᠠᠭᠠᠷᠯᠠᠯ ᠠᠴᠠ ᠭᠠᠷᠭᠠᠵᠤ ᠪᠤᠯᠤᠨ᠎ᠠ᠃ ᠬᠤᠪᠢ ᠶᠢᠨ ᠰᠡᠷᠭᠡᠶᠢᠯᠡᠯᠳᠡ ᠪᠠᠨ ᠰᠠᠶᠢᠨ ᠬᠢᠵᠤ ᠴᠢᠳᠠᠬᠤ ᠤᠷᠢᠳᠠᠯ ᠲᠤᠤᠷ᠎ᠠ ᠴᠢᠯᠦᠭᠡᠳᠡᠢ ᠡᠮᠬᠢ ᠲᠢᠭᠯᠢᠮ ᠲᠠᠢ ᠶᠠᠪᠤᠵᠤ ᠰᠠᠭᠤᠵᠤ ᠪᠤᠯᠤᠨ᠎ᠠ᠃ ᠡᠯ᠎ᠡ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠡᠭᠡᠷ᠎ᠡ ᠲᠤᠷᠠᠳᠤᠭᠰᠠᠨ ᠭᠠᠵᠠᠷ ᠤᠷᠤᠨ ᠠᠴᠠ ᠢᠷᠡᠭᠰᠡᠳ ᠤᠨ ᠪᠠᠶᠢᠴᠠᠭᠠᠯᠳᠠ ᠶᠢ ᠴᠢᠩᠭᠠᠳᠬᠠᠵᠤ᠂ ᠠᠯᠳᠠᠰᠢ ᠭᠠᠷᠬᠤ ᠠᠴᠠ ᠬᠢᠴᠢᠶᠡᠬᠦ ᠭᠡᠷᠡᠭᠳᠡᠢ᠃      ᠬᠤᠶᠠᠷ᠂ ᠨᠡᠶᠢᠭᠡᠮ ᠤᠨ ᠰᠡᠷᠭᠡᠶᠢᠯᠡᠨ ᠡᠵᠡᠮᠳᠡᠬᠦ ᠲᠤᠭᠤᠶᠢᠯᠠᠩ ᠢᠶᠠᠷ ᠲᠡᠷᠢᠬᠦᠯᠡᠬᠦᠯᠦᠨ᠂ ᠬᠢᠵᠢᠭ ᠢ ᠰᠡᠷᠭᠡᠶᠢᠯᠡᠨ ᠡᠵᠡᠮᠳᠡᠬᠦ ᠲᠤᠭᠤᠶᠢᠯᠠᠩ᠂ ᠡᠯ᠎ᠡ ᠨᠠᠶᠢᠭᠡᠮ ᠲᠤᠭᠤᠷᠢᠭ ︵ᠰᠤᠮᠤ ᠪᠠᠯᠭᠠᠰᠤ︶ ᠬᠠᠮᠵᠢᠯᠴᠠᠨ᠂ ︽ᠡᠷᠳᠡ ᠢᠯᠡᠷᠡᠬᠦᠯᠵᠤ᠂ ᠡᠷᠳᠡ ᠮᠡᠳᠡᠬᠦᠯᠦᠨ᠂ ᠡᠷᠳᠡ ᠲᠤᠰᠠᠭᠠᠷᠯᠠᠨ᠂ ᠡᠷᠳᠡ ᠡᠮᠨᠡᠬᠦ︾ ᠠᠷᠭ᠎ᠠ ᠭᠡᠮᠵᠢᠶ᠎ᠡ ᠶᠢ ᠠᠪᠴᠤ᠂ ᠶᠡᠭᠡ ᠲᠤᠭ᠎ᠠ ᠪᠠᠷᠢᠮᠳᠠ ᠶᠢᠨ ᠬᠠᠷᠭᠤᠭᠤᠯᠤᠯᠳᠠ᠂ ᠡᠳᠤᠷ ᠲᠤᠳᠤᠮ ᠤᠨ ᠴᠠᠭᠳᠠᠯᠳᠠ ᠵᠡᠷᠭᠡ ᠠᠷᠭ᠎ᠠ ᠪᠠᠷᠢᠯ ᠢᠶᠠᠷ 7 ᠰᠠᠷ᠎ᠠ ᠶᠢᠨ 1  ᠠᠴᠠ ᠨᠠᠰᠢ ᠰᠢᠨᠵᠢᠶᠠᠩ ᠤᠨ ᠦᠷᠦᠮᠴᠢ ᠠᠴᠠ ᠮᠠᠨ ᠤ ᠬᠤᠰᠢᠭᠤᠨ ᠳᠤ ᠢᠷᠡᠭᠰᠡᠳ ᠢ  ᠪᠦᠬᠦᠨ ᠢ ᠪᠠᠶᠢᠴᠠᠭᠠᠵᠤ᠂ 7 ᠰᠠᠷ᠎ᠠ ᠶᠢᠨ 20 ᠠᠴᠠ ᠡᠮᠦᠨ᠎ᠡ ᠪᠦᠬᠦᠨ ᠢ ᠮᠦᠷᠳᠡᠨ ᠤᠯᠬᠤ ᠭᠡᠷᠡᠭᠳᠡᠢ᠃ ᠲᠡᠬᠦᠨᠴᠢᠯᠡᠨ ᠪᠦᠭᠡᠮ ᠬᠦᠴᠢᠯ ᠤᠨ ᠪᠠᠶᠢᠴᠠᠭᠠᠯᠳᠠ ᠬᠢᠵᠤ᠂ ᠪᠠᠶᠢᠴᠠᠭᠠᠪᠠᠯ ᠵᠤᠬᠢᠰᠳᠠᠢ ᠶᠢ ᠪᠦᠬᠦᠨ ᠢ ᠪᠠᠶᠢᠴᠠᠭᠠᠬᠤ ᠭᠡᠷᠡᠭᠳᠡᠢ᠃ ᠪᠠᠶᠢᠴᠠᠭᠠᠯᠳᠠ ᠳᠤ ᠠᠷᠭ᠎ᠠ ᠴᠢᠨᠠᠷ ᠢᠯᠡᠷᠡᠭᠰᠡᠳ ᠢ ᠲᠠᠷᠤᠶᠢᠬᠠᠨ ᠲᠤᠰᠠᠭᠠᠷᠯᠠᠨ ᠡᠮᠴᠢᠯᠡᠬᠦ ᠭᠡᠷᠡᠭᠳᠡᠢ᠃      ᠭᠤᠷᠪᠠ᠂ ᠦᠷᠦᠮᠴᠢ ᠠᠴᠠ ᠮᠠᠨ ᠤ ᠬᠤᠰᠢᠭᠤᠨ ᠳᠤ ᠢᠷᠡᠬᠦ ᠬᠦᠮᠦᠰ ᠡᠷᠭᠡᠪᠰᠢ ᠦᠪᠡᠷ ᠤᠨ ᠪᠠᠶᠢᠭ᠎ᠠ ᠨᠡᠶᠢᠭᠡᠮ ᠲᠤᠭᠤᠷᠢᠭ ᠪᠤᠶᠤ ᠰᠤᠮᠤ ᠪᠠᠯᠭᠠᠰᠤ᠂ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠲᠠᠢ ᠪᠠᠨ ᠤᠷᠢᠳᠴᠢᠯᠡᠨ ᠬᠠᠷᠢᠯᠴᠠᠵᠤ᠂ ᠮᠠᠨ ᠤ ᠬᠤᠰᠢᠭᠤᠨ ᠳᠤ ᠢᠷᠡᠭᠰᠡᠨ ᠤ ᠪᠠᠨ ᠲᠠᠷᠠᠭ᠎ᠠ ᠲᠠᠷᠤᠶᠢᠬᠠᠨ ᠮᠡᠳᠡᠬᠦᠯᠵᠤ᠂ ᠬᠢᠵᠢᠭ ᠰᠡᠷᠭᠡᠶᠢᠯᠡᠯᠳᠡ ᠶᠢᠨ ᠱᠠᠭᠠᠷᠳᠠᠯᠭ᠎ᠠ ᠪᠠᠷ ᠪᠠᠶᠢᠴᠠᠭᠠᠯᠳᠠ᠂ ᠲᠤᠰᠠᠭᠠᠷᠯᠠᠯᠳᠠ ᠬᠢᠯᠭᠡᠬᠦ ᠭᠡᠷᠡᠭᠳᠡᠢ᠃ ᠶᠠᠪᠤᠵᠤ ᠰᠠᠭᠤᠭᠰᠠᠨ ᠢᠶᠠᠨ ᠨᠢᠭᠤᠭᠰᠠᠳ ᠲᠤ ᠬᠠᠤᠯᠢ ᠶᠤᠰᠤᠭᠠᠷ ᠴᠢᠩᠭ᠎ᠠ ᠠᠷᠭ᠎ᠠ ᠭᠡᠮᠵᠢᠶ᠎ᠡ ᠠᠪᠤᠨ᠎ᠠ᠃      ᠲᠦᠷᠪᠡ᠂ ᠦᠷᠭᠡᠨ ᠤᠯᠠᠨ ᠲᠦᠮᠡᠨ ᠵᠤᠨ ᠤ ᠴᠢᠯᠦᠭᠡᠨ ᠳᠠᠬᠢ ᠬᠢᠵᠢᠭ ᠰᠡᠷᠭᠡᠶᠢᠯᠡᠯᠳᠡ ᠶᠢᠨ ᠤᠬᠠᠮᠰᠠᠷ ᠢᠶᠠᠨ ᠴᠢᠩᠭᠠᠳᠬᠠᠵᠤ᠂ ᠰᠡᠷᠭᠡᠶᠢᠯᠡᠯᠳᠡ ᠶᠢ ᠰᠠᠶᠢᠨ ᠬᠢᠵᠤ᠂ ᠠᠯᠢ ᠪᠤᠯᠬᠤ ᠪᠠᠷ ᠭᠠᠳᠠᠭᠰᠢ ᠭᠠᠷᠬᠤ ᠦᠭᠡᠢ ᠪᠤᠶᠤ ᠤᠷᠤᠨ ᠤ ᠲᠤᠳᠤᠷ᠎ᠠ ᠪᠠᠨ ᠯᠡ ᠶᠠᠪᠤᠵᠤ ᠰᠠᠭᠤᠬᠤ ᠶᠢ ᠬᠦᠰᠡᠶ᠎ᠡ᠃ ᠤᠨᠴᠠᠭᠠᠢ ᠰᠢᠯᠳᠠᠭᠠᠨ ᠠᠴᠠ ᠪᠤᠯᠵᠤ᠂ ᠦᠷᠦᠮᠴᠢ ᠪᠤᠶᠤ ᠪᠡᠭᠡᠵᠢᠩ ᠵᠡᠷᠭᠡ ᠭᠠᠵᠠᠷ ᠡᠷᠭᠡᠪᠰᠢ ᠤᠴᠢᠬᠤ ᠱᠠᠭᠠᠷᠳᠠᠯᠭ᠎ᠠ ᠲᠠᠢ ᠪᠤᠯ ᠦᠪᠡᠷ ᠤᠨ ᠪᠠᠶᠢᠭ᠎ᠠ ᠨᠡᠶᠢᠭᠡᠮ ᠲᠤᠭᠤᠷᠢᠭ ᠪᠤᠶᠤ ᠰᠤᠮᠤ ᠪᠠᠯᠭᠠᠰᠤ᠂ ᠪᠠᠶᠢᠭᠤᠯᠭ᠎ᠠ ᠨᠢᠭᠡᠴᠡ ᠳᠤ ᠪᠠᠨ ᠲᠠᠩᠰᠠᠯᠠᠭᠤᠯᠬᠤ ᠭᠡᠷᠡᠭᠳᠡᠢ᠃ ᠬᠠᠷᠢᠵᠤ ᠢᠷᠡᠭᠰᠡᠨ ᠤ ᠪᠠᠨ ᠲᠠᠷᠠᠭ᠎ᠠ ᠦᠪᠡᠷ ᠤᠨ ᠪᠠᠶᠢᠭ᠎ᠠ ᠨᠡᠶᠢᠭᠡᠮ ᠲᠤᠭᠤᠷᠢᠭ ᠪᠤᠶᠤ ᠰᠤᠮᠤ ᠪᠠᠯᠭᠠᠰᠤ᠂ ᠪᠠᠶᠢᠭᠤᠯᠭ᠎ᠠ ᠨᠢᠭᠡᠴᠡ ᠳᠡᠭᠡᠨ ᠢᠷᠡᠭᠰᠡᠨ ᠡᠳᠦᠷ ᠢᠶᠠᠨ ᠮᠡᠳᠡᠬᠦᠯᠵᠤ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠲᠠᠢ ᠬᠠᠮᠵᠢᠯᠴᠠᠨ ᠠᠪᠤᠪᠠᠰᠤ ᠵᠤᠬᠢᠬᠤ ᠠᠷᠭ᠎ᠠ ᠭᠡᠮᠵᠢᠶ᠎ᠡ ᠨᠦᠭᠦᠳ ᠢ ᠠᠪᠬᠤ ᠭᠡᠷᠡᠭᠳᠡᠢ᠃ ᠶᠠᠪᠤᠬᠤ ᠠᠴᠠ ᠪᠠᠨ ᠡᠮᠦᠨ᠎ᠡ ᠤᠴᠢᠬᠤ ᠭᠠᠵᠠᠷ ᠤᠨ ᠢᠶᠠᠨ ᠬᠢᠵᠢᠭ ᠤᠨ ᠪᠠᠶᠢᠳᠠᠯ ᠢ  ᠤᠶᠢᠯᠠᠭᠠᠨ᠂ ᠬᠢᠵᠢᠭ ᠤᠨ ᠪᠠᠶᠢᠳᠠᠯ ᠲᠤᠮᠳᠠ ᠪᠤᠶᠤ ᠬᠦᠨᠳᠦ ᠪᠠᠶᠢᠭ᠎ᠠ ᠭᠠᠵᠠᠷ ᠤᠷᠤᠨ ᠳᠤ ᠤᠴᠢᠬᠤ ᠶᠢ ᠴᠢᠩᠭ᠎ᠠ ᠬᠤᠷᠢᠭᠯᠠᠨ᠎ᠠ᠃      ᠲᠠᠪᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ᠂ ᠲᠡᠯᠭᠡᠬᠦᠷ ᠬᠤᠳᠠᠯᠳᠤᠭ᠎ᠠ᠂ ᠬᠦᠢᠳᠡᠨ ᠬᠦᠮᠦᠷᠭᠡ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠭᠠᠵᠠᠷ ᠤᠳ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠠᠢ ᠢᠳᠡᠪᠬᠢᠳᠡᠢ ᠬᠠᠮᠵᠢᠯᠴᠠᠨ ᠮᠠᠯ ᠵᠢᠬᠦᠷᠳᠡᠨ ᠤ ᠮᠢᠬ᠎ᠠ᠂ ᠲᠠᠯᠠᠢ ᠶᠢᠨ ᠢᠳᠡᠭᠡᠨ ᠵᠡᠷᠭᠡ ᠭᠤᠤᠯᠳᠠᠯᠭ᠎ᠠ ᠲᠠᠢ ᠵᠦᠢᠯ ᠳᠤ ᠰᠤᠭᠤᠴᠠᠨ ᠪᠠᠶᠢᠴᠠᠭᠠᠯᠳᠠ ᠬᠢᠵᠤ᠂ ᠠᠷᠠᠯᠵᠢᠶ᠎ᠠ ᠡᠷᠬᠢᠯᠡᠭᠰᠡᠳ ᠤᠨ ᠬᠦᠮᠦᠵᠢᠯ ᠪᠤᠯᠪᠠᠰᠤᠷᠠᠯ᠂ ᠪᠠᠶᠢᠴᠠᠭᠠᠯᠳᠠ ᠬᠢᠨᠠᠯᠳᠠ ᠶᠢ ᠴᠢᠩᠭᠠᠳᠬᠠᠵᠤ᠂ ᠵᠠᠬ᠎ᠠ ᠲᠡᠯᠭᠡᠬᠦᠷ ᠤᠨ ᠠᠷᠢᠭᠤᠨ ᠴᠠᠪᠠᠷ᠂ ᠤᠷᠴᠢᠨ ᠲᠤᠭᠤᠷᠢᠨ ᠤ ᠠᠷᠢᠭᠤᠳᠬᠠᠯ᠂ ᠰᠠᠯᠬᠢ ᠨᠡᠪᠳᠡᠷᠡᠯ᠂ ᠡᠵᠡᠩᠨᠡᠭᠴᠢᠳ ᠤᠨ ᠰᠡᠷᠭᠡᠶᠢᠯᠡᠯᠳᠡ ᠵᠡᠷᠭᠡ ᠪᠦᠬᠦ ᠲᠠᠯ᠎ᠠ ᠶᠢᠨ ᠠᠵᠢᠯ ᠢ ᠰᠠᠶᠢᠨ ᠬᠢᠬᠦ ᠭᠡᠷᠡᠭᠳᠡᠢ᠃ ᠤᠯᠠᠨ  ᠨᠡᠶᠢᠳᠡ ᠶᠢᠨ ᠴᠢᠯᠦᠭᠡᠳᠤ ᠭᠠᠵᠠᠷ ᠤᠳ ᠤᠷᠤᠵᠤ ᠭᠠᠷᠬᠤ ᠬᠦᠮᠦᠨ ᠢ ᠠᠯᠢ ᠪᠤᠯᠬᠤ ᠪᠠᠷ ᠴᠦᠭᠡᠴᠢᠯᠡᠨ᠂ ᠡᠷᠡᠬᠦᠯ ᠮᠡᠨᠳᠤ ᠶᠢᠨ ᠪᠠᠷᠢᠮᠳᠠ᠂ ᠪᠡᠶ᠎ᠡ ᠶᠢᠨ ᠬᠠᠯᠠᠭᠤᠨ ᠤ ᠪᠠᠶᠢᠴᠠᠭᠠᠯᠳᠠ ᠶᠢ ᠰᠠᠶᠢᠨ ᠬᠢᠬᠦ ᠭᠡᠷᠡᠭᠳᠡᠢ᠃      ᠵᠢᠷᠭᠤᠭ᠎ᠠ᠂ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠬᠢᠵᠢᠭ ᠤᠨ ᠪᠠᠶᠢᠩᠭᠤ ᠶᠢᠨ ᠰᠡᠷᠭᠡᠶᠢᠯᠡᠯᠳᠡ ᠶᠢ ᠨᠠᠷᠢᠯᠢᠭᠵᠢᠭᠤᠯᠵᠤ᠂ ᠭᠤᠤᠯᠳᠠᠯᠭ᠎ᠠ ᠲᠠᠢ ᠭᠠᠵᠠᠷ᠂ ᠭᠤᠤᠯᠳᠠᠯᠭ᠎ᠠ ᠲᠠᠢ ᠬᠦᠮᠦᠰ ᠤᠨ ᠰᠡᠷᠭᠡᠶᠢᠯᠡᠨ ᠡᠵᠡᠮᠰᠢᠯ ᠢ ᠰᠠᠶᠢᠨ ᠬᠢᠵᠤ᠂ ᠦᠪᠡᠷ ᠤᠨ ᠠᠵᠢᠯᠳᠠᠳ ᠤᠨ ᠬᠠᠮᠢᠶᠠᠷᠤᠯᠳᠠ ᠶᠢ ᠴᠢᠩᠭᠠᠳᠬᠠᠨ᠂ ᠤᠷᠴᠢᠮ ᠦᠷᠦᠮᠴᠢ ᠠᠴᠠ ᠢᠷᠡᠭᠰᠡᠨ ᠬᠦᠮᠦᠰ ᠢ ᠭᠤᠤᠯᠯᠠᠨ ᠬᠠᠮᠢᠶᠠᠷᠬᠤ ᠨᠢᠭᠡᠴᠡ ᠪᠠ ᠬᠤᠰᠢᠭᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠲᠤ ᠮᠡᠳᠡᠬᠦᠯᠬᠦ ᠭᠡᠷᠡᠭᠳᠡᠢ᠃ ᠨᠡᠶᠢᠭᠡᠮ ᠲᠤᠭᠤᠷᠢᠭ᠂ ᠰᠤᠮᠤ ᠪᠠᠯᠭᠠᠰᠤ ᠨᠢ ᠤᠯᠠᠨ ᠲᠦᠮᠡᠨ ᠢ ᠲᠠᠶᠢᠴᠢᠯᠠᠨ ᠤᠯᠠᠨ ᠲᠦᠮᠡᠨᠴᠢ ᠰᠡᠷᠭᠡᠶᠢᠯᠡᠯᠳᠡ ᠶᠢ ᠰᠠᠶᠢᠨ ᠬᠢᠵᠤ᠂ ᠶᠠᠪᠤᠵᠤ ᠰᠠᠭᠤᠭᠰᠠᠨ ᠢᠶᠠᠨ ᠵᠤᠷᠢᠭᠤᠳᠠ ᠨᠢᠭᠤᠭᠰᠠᠳ ᠢ ᠲᠠᠷᠤᠶᠢᠬᠠᠨ ᠢᠯᠡᠴᠢᠯᠡᠨ ᠮᠡᠳᠡᠬᠦᠯᠬᠦ ᠭᠡᠷᠡᠭᠳᠡᠢ᠃      ᠲᠤᠯᠤᠭ᠎ᠠ᠂ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠨᠢ ᠭᠢᠵᠢᠭ ᠢ ᠰᠡᠷᠭᠡᠶᠢᠯᠡᠬᠦ ᠠᠵᠢᠯ ᠳᠤ ᠬᠠᠮᠵᠢᠯᠴᠠᠬᠤ ᠦᠭᠡᠢ᠂ ᠡᠷᠡᠬᠦᠯ ᠮᠡᠨᠳᠤ ᠶᠢᠨ ᠲᠠᠩᠰᠠᠯᠠᠯᠳᠠ᠂ ᠲᠤᠰᠠᠭᠠᠷᠯᠠᠯᠳᠠ ᠠᠴᠠ ᠲᠠᠳᠠᠭᠠᠯᠵᠠᠵᠤ᠂ ᠵᠤᠷᠢᠭᠤᠳᠠ ᠡᠪᠡᠳᠴᠢᠨ ᠬᠢᠵᠢᠭ ᠲᠠᠷᠬᠠᠭᠠᠭᠰᠠᠳ᠂ ᠬᠢᠵᠢᠭ ᠤᠨ ᠲᠤᠬᠠᠢ ᠴᠤᠤᠷᠬᠠᠯ ᠵᠤᠬᠢᠶᠠᠭᠰᠠᠨ ᠪᠤᠶᠤ ᠲᠠᠷᠬᠠᠭᠠᠭᠰᠠᠳ ᠲᠤ ᠴᠢᠩᠭ᠎ᠠ ᠴᠤᠬᠢᠯᠳᠠ ᠦᠭᠬᠦᠨ᠎ᠡ᠃ ᠢᠳᠬᠠᠯ ᠢ ᠰᠤᠨᠤᠰᠬᠤ ᠦᠭᠡᠢ ᠪᠤᠯ ᠬᠠᠤᠯᠢ ᠶᠢᠨ ᠴᠢᠩᠭ᠎ᠠ ᠰᠢᠢᠳᠬᠡᠯ ᠦᠭᠬᠦᠨ᠎ᠡ᠃ ᠬᠦᠴᠦᠷᠭᠡᠭᠯᠡᠯ ᠢᠶᠠᠷ ᠬᠠᠤᠯᠢ ᠭᠡᠷᠡᠭᠵᠢᠬᠦᠯᠬᠦ ᠶᠢ ᠡᠰᠡᠷᠬᠦᠴᠡᠭᠰᠡᠳ ᠠᠴᠠ ᠡᠷᠡᠬᠦᠦ ᠶᠢᠨ ᠬᠠᠤᠯᠢ ᠶᠢᠨ ᠴᠢᠩᠭ᠎ᠠ ᠬᠠᠷᠢᠭᠤᠴᠠᠯᠭ᠎ᠠ ᠨᠡᠭᠡᠮᠵᠢᠯᠡᠨ᠎ᠡ᠃   ᠰᠦᠨᠢᠳ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ     ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ                2020 ᠤᠨ ᠤ 7 ᠤᠨ ᠰᠠᠷ᠎ᠠ ᠶᠢᠨ19 ᠤ ᠡᠳᠦᠷ                  
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号