ᠵᠠᠯᠭ᠎ᠠ ᠪᠠᠷ 1063 ᠰᠡᠳᠦᠪ ᠢ ᠵᠦᠪ ᠬᠠᠷᠢᠭᠤᠯᠲᠠᠭ ᠰᠥᠨᠢᠳ ᠨᠤᠲᠤᠭ ᠤᠨ ᠰᠤᠷᠤᠯᠴᠠᠯᠭ᠎ᠠ ᠶᠢᠨ ᠤᠲᠤᠨ
ᠨᠡᠶᠢᠲᠡᠯᠡᠭᠰᠡᠨ ᠴᠠᠭ᠄
2020/7/22
                 ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠰᠡᠷᠬᠦᠯᠡᠩ      ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠬᠦᠯᠬᠦ︾ APP ᠳᠤ ᠡᠲᠦᠷ ᠪᠦᠷᠢ ᠶᠢᠨ ᠰᠤᠷᠤᠯᠴᠠᠯᠭ᠎ᠠ ᠬᠢᠵᠦ ᠪᠠᠶᠢᠭ᠎ᠠ ᠪᠢᠵᠡ︖ ᠶᠠᠭ ᠤᠲᠤ ᠲᠠ ᠪᠦᠭᠦᠨ ᠳᠤ ᠪᠠᠨ᠂ ᠲᠤᠰ APP ᠤᠨ ᠰᠡᠲᠦᠪ ᠬᠠᠷᠢᠭᠤᠯᠬᠤ ᠲᠠᠪᠠᠭ᠎ᠠ ᠶᠢᠨ1063 ᠰᠡᠲᠦᠪ ᠢ ᠠᠯᠲᠠᠯ ᠦᠭᠡᠢ ᠵᠦᠪ ᠬᠠᠷᠢᠭᠤᠯᠲᠠᠭ ᠰᠥᠨᠢᠳ ᠨᠤᠲᠤᠭ ᠤᠨ ᠬᠤᠶᠠᠷ ᠰᠤᠷᠤᠯᠴᠠᠯᠭ᠎ᠠ ᠶᠢᠨ ᠤᠲᠤᠨ ᠢ ᠲᠠᠨᠢᠯᠴᠠᠭᠤᠯᠤᠶ᠎ᠠ᠃ ᠲᠡᠲᠡ ᠪᠤᠯ ᠬᠤᠰᠢᠭᠤ  ᠭᠠᠶᠢᠯᠢ ᠶᠢᠨ ᠶᠠᠪᠤᠲᠠᠯ ᠤᠨ ᠲᠣᠪᠴᠢᠶᠠᠨ ᠤ ᠠᠵᠢᠯᠳᠠᠨ ᠵᠢᠶᠠ ᠬᠠᠢ ᠶᠠᠩ ᠪᠣᠯᠤᠨ ᠯᠢᠦ ᠵᠢᠶᠠ ᠴᠢ ᠪᠤᠯᠤᠨ᠎ᠠ᠃
           ᠵᠠᠯᠠᠭᠤᠬᠠᠨ ᠬᠤᠶᠠᠷ ᠭᠠᠶᠢᠯᠢ ᠶᠢᠨ ᠺᠠᠳ᠋ᠷ ᠮᠠᠨᠢ ᠬᠤᠶᠠᠳᠤᠭᠠᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ᠪᠠ ᠰᠠᠶᠢᠬᠠᠨᠳᠠᠯ᠎ᠠ ᠪᠠᠯᠭᠠᠰᠤᠨ ᠤ ᠭᠠᠶᠢᠯᠢ ᠶᠢᠨ ᠶᠠᠪᠤᠳᠠᠯ ᠤᠨ ᠭᠠᠵᠠᠷ ᠲᠤ ᠠᠵᠢᠯ ᠠᠯᠪᠠ ᠲᠠᠢ᠃ ᠭᠠᠶᠢᠯᠢ ᠶᠢᠨ ᠢᠷᠡᠯᠲᠡ ᠶᠢᠨ ᠬᠠᠮᠢᠶᠠᠷᠤᠯᠲᠠ ᠬᠢᠬᠦ᠂ ᠭᠠᠶᠢᠯᠢ ᠲᠤᠰᠢᠶᠠᠭᠴᠢ ᠳᠤ ᠡᠯ᠎ᠡ ᠲᠥᠷᠥᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠤᠯᠠᠮᠵᠢᠯᠠᠬᠤ ᠪᠠ ᠭᠠᠶᠢᠯᠢ ᠲᠤᠰᠢᠶᠠᠭᠴᠢ ᠶᠢᠨ ᠡᠳᠡᠷᠬᠡᠨ ᠲᠠᠢ ᠠᠰᠠᠭᠤᠯᠳᠠ ᠳᠤ ᠬᠠᠷᠢᠭᠤᠯᠳᠠᠭ ᠦᠭᠳᠡᠭ ᠡᠳᠡ ᠬᠤᠶᠠᠷ ᠤᠨ ᠬᠤᠪᠢ ᠳᠤ ᠰᠤᠯᠠ ᠰᠡᠯᠡᠭᠦᠦ ᠴᠠᠭ ᠢᠶᠠᠨ ᠰᠦᠯᠵᠢᠶᠡᠨ ᠤ ᠶᠢᠷᠲᠢᠨᠴᠦ ᠳᠤ  ᠵᠦᠭᠡᠷ ᠯᠠ ᠵᠤᠷᠢᠭᠤᠯᠬᠤ ᠪᠢᠰᠢ᠂ ᠰᠤᠷᠤᠯᠴᠠᠯᠭ᠎ᠠ ᠶᠢᠨ ᠲᠠᠪᠴᠠᠩ ᠳᠤ ᠪᠠᠨ ᠴᠠᠭ ᠦᠷᠭᠦᠯᠵᠢ ᠭᠠᠷᠴᠤ᠂ ᠰᠡᠲᠦᠪ ᠤᠨ ᠲᠠᠪᠠᠭ᠎ᠠ ᠶᠢ ᠲᠠᠪᠠᠭ᠋ᠤ ᠪᠤᠯᠭᠠᠨ ᠤᠷᠮ᠎ᠠ ᠵᠤᠷᠢᠭ ᠤᠯᠲᠠᠭ ᠨᠢ ᠤᠯᠠᠨ ᠠᠴᠠ ᠪᠠᠨ ᠤᠷᠤᠶᠢᠯᠠᠭᠰᠠᠨ ᠵᠠᠩᠰᠢᠯ  ᠪᠤᠯᠵᠡᠢ᠃
           ᠯᠢᠦ ᠵᠢᠶᠠ ᠴᠢ ᠲᠦᠷᠦᠭᠦᠬᠡᠨ ᠶᠠᠪᠤᠭᠳᠠᠭᠰᠠᠨ ᠪᠦᠬᠦ ᠬᠤᠰᠢᠭᠤᠨ ᠤ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠮᠡᠳᠡᠯᠭᠡ ᠶᠢᠨ ᠤᠷᠤᠯᠳᠤᠭᠠᠨ ᠤ ᠥᠷᠢᠰᠥᠯᠳᠦᠭᠡᠨ ᠤ ᠰᠡᠳᠦᠪ ᠬᠠᠷᠢᠭᠤᠯᠬᠤ ᠲᠠᠪᠠᠭ᠎ᠠ ᠳᠤ᠂ ᠨᠢᠭᠡ ᠯᠡ ᠠᠮᠢᠰᠬᠤᠭ᠎ᠠ ᠪᠠᠷ 73 ᠰᠡᠳᠦᠪ ᠢ ᠬᠠᠷᠢᠭᠤᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠭᠠᠶᠢᠬᠠᠰᠢᠷᠠᠯ ᠢ ᠲᠦᠷᠦᠭᠦᠯᠦᠭᠰᠡᠨ ᠶᠤᠮ᠃ ᠲᠡᠷᠡ᠄ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠬᠦᠯᠬᠦ︾ APP ᠤᠨ ᠥᠷᠢᠰᠥᠯᠳᠦᠭᠡᠨ ᠤ ᠰᠡᠳᠦᠪ ᠬᠠᠷᠢᠭᠤᠯᠬᠤ ᠲᠠᠪᠠᠭ᠎ᠠ ᠶᠢ ᠢᠯᠭᠤᠮ ᠲᠤᠭᠤᠯᠵᠤ ᠪᠠᠶᠢᠭ᠎ᠠ ᠬᠦᠮᠦᠰ ᠣᠯᠠᠰᠢᠷᠠᠵᠤ ᠪᠠᠶᠢᠬᠤ ᠶᠢ ᠬᠠᠷᠠᠭᠠᠳ ᠦᠷᠢᠰᠦᠯᠳᠦᠬᠦ ᠪᠣᠳᠣᠯ ᠲᠦᠷᠦᠭᠳᠡᠭᠰᠡᠨ᠂ ᠣᠳᠣ ᠪᠢ ᠴᠤ ᠪᠦᠬᠦᠨ ᠢ ᠵᠥᠪ ᠬᠠᠷᠢᠭᠤᠯᠵᠦ ᠴᠢᠲᠠᠬᠤ ᠪᠤᠯᠤᠭᠰᠠᠨ ᠬᠡᠵᠦ ᠪᠠᠶᠠᠷᠳᠠᠶᠢᠬᠠᠨ ᠶᠠᠷᠢᠨ᠎ᠠ᠃      ᠲᠠ ᠬᠡᠲᠦᠨ ᠰᠡᠲᠦᠪ ᠬᠠᠷᠢᠭᠤᠯᠵᠤ ᠴᠢᠲᠠᠬᠤ ᠪᠤᠯ︖
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号