ᠠᠷᠠᠳ ᠤᠯᠠᠨ ᠤ ᠰᠠᠶᠢᠨ ᠱᠦᠵᠢ —  ᠶᠠᠩ ᠱᠧᠩ ᠰᠢᠶᠠᠩ
ᠨᠡᠶᠢᠲᠡᠯᠡᠭᠰᠡᠨ ᠴᠠᠭ᠄
2020/7/3
         ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ   ᠳ᠋ᠦ᠋ ᠰᠢᠶᠤᠤ ᠯᠦᠩ      ︽ᠯᠠᠪᠳᠠᠭᠤᠨ ᠪᠤᠳᠠᠳᠠᠢ ᠠᠵᠢᠯᠯᠠᠵᠤ᠂ ᠮᠠᠯᠴᠢᠳ ᠲᠤ ᠰᠠᠶᠢᠨ ᠶᠠᠪᠤᠳᠠᠯ ᠬᠢᠵᠦ ᠥᠭᠬᠦ ᠪᠤᠯ ᠦᠨᠲᠦᠰᠦᠨ ᠱᠠᠳᠤᠨ ᠳᠤ ᠠᠵᠢᠯᠯᠠᠭᠰᠠᠳ ᠤᠨ ᠵᠢᠩᠭᠢᠨᠢ ᠦᠨ᠎ᠡ ᠦᠷᠳᠡᠭ︾ ᠬᠡᠮᠡᠨ ᠶᠠᠷᠢᠲᠠᠭ ᠬᠦᠮᠦᠨ ᠪᠤᠯ᠂ ᠬᠤᠰᠢᠭᠤ ᠣᠢ ᠰᠢᠭᠤᠶ ᠪᠠ ᠨᠤᠳᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠶᠠᠩ ᠱᠧᠩ ᠰᠢᠶᠠᠩ᠃ ᠰᠠᠶᠢᠬᠠᠨᠲᠠᠯ᠎ᠠ ᠪᠠᠯᠭᠠᠰᠤᠨ ᠤ ᠬᠠᠳᠠᠨᠬᠤᠰᠢᠭᠤ ᠭᠠᠴᠠᠭᠠᠨ ᠳᠤ ᠨᠢᠭᠡᠳᠦᠬᠡᠷ ᠱᠦᠵᠢ ᠪᠠᠷ ᠳᠤᠮᠢᠯᠠᠭᠳᠠᠨ ᠠᠵᠢᠯᠯᠠᠭᠰᠠᠨ ᠲᠦᠷᠪᠡᠨ ᠵᠢᠯ ᠤᠨ ᠲᠤᠷᠰᠢ᠂ ᠦᠢᠯᠡᠰ ᠢᠶᠠᠨ ᠬᠡᠰᠡᠨ ᠵᠣᠷᠢᠭ ᠵᠢᠳᠬᠦᠯ ᠢᠶᠠᠷ ᠢᠶᠠᠨ ᠠᠮᠠᠯᠠᠯᠲᠠ ᠪᠠᠨ ᠪᠡᠶᠡᠯᠡᠬᠦᠯᠵᠦ ᠶᠠᠪᠤᠭ᠎ᠠ ᠲᠡᠭᠦᠨ ᠲᠠᠢ ᠲᠠᠨᠢᠯᠴᠠᠶ᠎ᠠ  ᠃
     ᠬᠠᠳᠠᠨᠬᠤᠰᠢᠭᠤ ᠭᠠᠴᠠᠭᠠᠨ ᠤ ᠶᠠᠳᠠᠭᠤ ᠬᠦᠴᠢᠷᠳᠡᠯᠳᠡᠢ ᠮᠠᠯᠴᠢᠨ ᠭᠠᠩᠪᠠᠭᠠᠳᠤᠷ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠣᠯᠵᠤ ᠦᠭᠬᠦ ᠪᠠᠷ ᠤᠯᠠᠨ ᠡᠳᠦᠷ ᠮᠤᠩᠭᠠᠨᠢᠭᠰᠠᠨ ᠨᠢ ᠰᠠᠨᠠᠭ᠎ᠠ ᠪᠠᠷ ᠪᠤᠯᠵᠤ᠂ ᠪᠠᠭ ᠤᠨ ᠬᠢᠨ ᠲᠠᠢ ᠪᠠᠨ ᠬᠠᠮᠲᠤ ᠪᠠᠷ ᠡᠨᠡᠬᠦ ᠰᠠᠶᠢᠨ ᠴᠢᠮᠡᠭᠡ ᠶᠢ ᠳᠤᠭᠤᠯᠭᠠᠬᠤ ᠪᠠᠷ ᠭᠠᠩᠪᠠᠭᠠᠲᠤᠷ ᠤᠨ  ᠳᠤ ᠢᠷᠡᠯ᠎ᠡ᠃ 7 ᠳ᠋ᠤᠭᠠᠷ ᠰᠠᠷ᠎ᠠ ᠠᠴᠠ ᠡᠬᠢᠯᠡᠨ᠂ ᠭᠠᠴᠠᠭᠠᠨ ᠤ ᠴᠡᠪᠡᠷᠯᠡᠭᠴᠢ ᠪᠠᠷ ᠠᠵᠢᠯᠯᠠᠨ᠂ ᠰᠠᠷ᠎ᠠ ᠪᠦᠷᠢ 600 ᠲᠦᠭᠦᠷᠢᠭ ᠤᠨ ᠴᠠᠯᠢᠩ ᠤᠯᠬᠤ ᠪᠤᠯᠤᠭᠰᠠᠨ ᠳᠤ ᠪᠠᠨ ᠭᠠᠩᠪᠠᠭᠠᠳᠤᠷ ᠮᠠᠰᠢ ᠪᠠᠶᠠᠷᠲᠠᠢ᠃ ᠳᠡᠳᠡᠨ ᠤ ᠬᠢᠨ ᠢ ᠪᠠᠶᠢᠩᠭᠤ ᠡᠷᠬᠢᠵᠦ ᠲᠤᠭᠤᠷᠢᠵᠤ᠂ ᠲᠠᠮ ᠦᠵᠡᠬᠦᠯᠦᠨ᠂ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠨᠢ ᠴᠦ ᠶᠡᠬᠡᠳᠡ ᠰᠠᠶᠢᠵᠢᠷᠠᠭᠤᠯᠤᠨ᠂ ᠢᠲᠡᠭᠡᠯ ᠵᠣᠷᠢᠭ ᠢ ᠨᠢ ᠬᠦᠪᠴᠢᠯᠡᠳᠡᠭ ᠲᠡᠷᠡ᠂ ᠭᠠᠩᠪᠠᠭᠠᠳᠤᠷ ᠤᠨ ᠬᠢᠨ ᠲᠠᠢ ᠨᠢᠭᠡ ᠭᠡᠷ ᠤᠨ ᠬᠦᠮᠦᠨ ᠮᠡᠳᠦ ᠳᠤᠳᠤᠨᠤ ᠪᠤᠯᠤᠭᠰᠠᠨ ᠨᠢ ᠶᠠᠷᠢᠶ᠎ᠠ ᠬᠦᠭᠡᠷᠦᠭᠡ ᠠᠴᠠ ᠨᠢ ᠢᠯᠡᠭᠡᠨ ᠬᠠᠷᠠᠭᠳᠠᠨ᠎ᠠ᠃ ᠦᠨᠦᠲᠦᠷ ᠤᠨ ᠶᠠᠷᠢᠶᠠᠨ ᠲᠤᠮᠲᠠ ᠪᠠᠨ ᠭᠠᠩᠪᠠᠭᠠᠲᠤᠷ᠂ ᠡᠷᠭᠢᠨ ᠲᠣᠭᠤᠷᠢᠨ ᠤ ᠪᠠᠨ ᠮᠠᠯᠴᠢᠳ ᠤᠨ ᠬᠤᠨᠢ  ᠬᠠᠶᠢᠴᠢᠯᠠᠬᠤ ᠠᠵᠢᠯ ᠳᠤ ᠬᠠᠪᠰᠤᠷᠤᠯᠴᠠᠨ᠂ ᠠᠷᠪᠠᠭᠠᠳ ᠡᠳᠦᠷ ᠲᠤ 5000 ᠭᠠᠷᠤᠶ ᠲᠥᠭᠦᠷᠢᠭ ᠤᠨ ᠤᠷᠤᠯᠭ᠎ᠠ ᠤᠯᠤᠯ᠎ᠠ ᠬᠡᠵᠦ ᠪᠠᠶᠠᠷᠳᠠᠢ ᠶᠠᠷᠢᠬᠤ ᠶᠢ ᠨᠢ ᠰᠤᠨᠤᠰᠤᠭᠠᠳ ᠡᠷᠡᠭᠡᠢ ᠭᠠᠷᠭᠠᠨ ᠮᠠᠭᠳᠠᠵᠤ᠂  ᠬᠦᠲᠡᠯᠮᠦᠷᠢ ᠵᠢᠳᠭᠦᠯ ᠢᠶᠠᠷ  ᠢᠶᠠᠨ ᠪᠠᠶᠠᠵᠢᠬᠤ ᠶᠢ ᠨᠢ ᠵᠤᠷᠢᠭᠵᠢᠭᠤᠯᠤᠭᠰᠠᠨ ᠤ ᠬᠠᠮᠳᠤ ᠦᠢᠯᠡᠳᠪᠦᠷᠢᠯᠡᠯ ᠠᠮᠢᠳᠤᠷᠠᠯ ᠤᠨ ᠳᠠᠯ᠎ᠠ ᠪᠠᠷ ᠬᠢ ᠬᠦᠴᠢᠷᠳᠡᠯ ᠢ ᠨᠢ ᠦᠷᠭᠦᠯᠵᠢᠯᠡᠨ ᠰᠢᠢᠳᠪᠦᠷᠢᠯᠡᠵᠦ ᠦᠭᠭᠦᠨ᠎ᠡ ᠬᠡᠵᠦ  ᠢᠯᠡᠷᠬᠡᠶᠢᠯᠡᠵᠡᠢ᠃
     ᠤᠯᠠᠨ ᠲᠦᠮᠡᠨ ᠲᠠᠢ ᠪᠠᠨ ᠪᠠᠶᠢᠩᠭᠤ ᠬᠠᠷᠢᠴᠠᠨ᠂ ᠦᠢᠯᠡᠳᠪᠦᠷᠢᠯᠡᠯ ᠠᠮᠢᠳᠤᠷᠠᠯ ᠢ ᠨᠢ ᠬᠠᠯᠠᠮᠵᠢᠯᠠᠵᠤ ᠶᠠᠪᠤᠳᠠᠭ ᠶᠠᠩ ᠱᠧᠩ ᠰᠢᠶᠠᠩ ᠭᠠᠴᠠᠭᠠᠨ ᠤ ᠮᠠᠯᠴᠢᠳ ᠤᠨ ᠮᠠᠭᠳᠠᠭᠠᠯ ᠰᠠᠶᠢᠰᠢᠶᠠᠯ ᠳᠤ ᠤᠷᠮᠠᠰᠢᠨ᠂ ᠴᠢᠷᠮᠠᠶᠢᠨ ᠠᠵᠢᠯᠯᠠᠬᠤ ᠶᠢ ᠬᠢᠴᠢᠶᠡᠨ ᠵᠢᠳᠬᠦᠭᠰᠡᠭᠡᠷ ᠯᠡ᠂᠂᠂ ᠮᠠᠯᠴᠢᠨ ᠰᠦᠨ ᡁᠢ ᠭᠠᠩ ᠤᠨ ᠭᠡᠷ ᠤᠨ ᠠᠷᠤ ᠳᠤ᠂ 500 ᠮᠦ ᠡᠷᠳᠡᠨᠢ ᠰᠢᠰᠢ ᠶᠢᠨ ᠳᠠᠷᠢᠶ᠎ᠠ ᠴᠡᠯᠭᠡᠷᠡᠨ ᠨᠤᠭᠤᠭᠠᠷᠠᠨ᠎ᠠ᠃ ᠲᠦᠷᠦᠬᠦᠦ ᠬᠤᠶᠠᠷ ᠵᠢᠯ᠂ ᠡᠳᠡᠨᠡᠶᠢᠬᠢᠨ ᠤ ᠠᠮᠤ ᠪᠤᠳᠠᠭ᠎ᠠ ᠲᠠᠷᠢᠭᠰᠠᠨ ᠤᠨᠠᠯᠳᠠ ᠳᠤᠤᠷ᠎ᠠ᠂ ᠠᠵᠤ ᠠᠬᠤᠢ ᠶᠢᠨ ᠥᠷᠲᠡᠭ ᠴᠦ ᠠᠨᠠᠢ ᠪᠠᠶᠢᠳᠠᠯ ᠢ ᠤᠶᠢᠯᠭᠠᠭᠠᠳ᠂ ᠵᠢᠶᠠ ᠯᠢ ᠳᠠᠷᠢᠵᠤ ᠳᠡᠵᠢᠬᠡᠬᠦ ᠺᠣᠮᠫᠠᠨᠢ ᠲᠠᠢ ᠬᠠᠷᠢᠯᠴᠠᠨ᠂ ᠲᠠᠷᠢᠮᠠᠯ ᠤᠨ ᠭᠡᠷ᠎ᠡ ᠳᠤᠭᠳᠠᠭᠤᠯᠤᠨ ᠳᠠᠷᠢᠭᠤᠯᠤᠭᠰᠠᠨ ᠡᠷᠳᠡᠨᠢ ᠰᠢᠰᠢ   ᠶᠢᠨ ᠳᠠᠷᠢᠶ᠎ᠠ   ᠨᠢ ᠡᠨᠡ ᠪᠠᠶᠢᠵᠤ᠂ ᠤᠳᠤ ᠡᠳᠡᠨᠡᠶᠢᠬᠢᠨ 30 ᠲᠦᠮᠡᠨ ᠲᠥᠭᠦᠷᠢᠭ ᠤᠨ ᠣᠷᠣᠯᠭ᠎ᠠ ᠤᠯᠤᠭᠠᠳ ᠪᠤᠢ᠃      ᠳᠥᠷᠪᠡᠨ ᠵᠢᠯ ᠤᠨ ᠲᠤᠷᠰᠢ ᠶᠠᠩ ᠱᠧᠩ ᠰᠢᠶᠠᠩ᠂ ︽ᠣᠯᠠᠨ ᠲᠦᠮᠡᠨ ᠤ ᠠᠰᠢᠭ ᠲᠤᠰᠠ ᠳᠤ ᠶᠠᠯᠢᠮ ᠦᠭᠡᠢ ᠵᠦᠢᠯ ᠪᠠᠶᠢᠬᠤ ᠦᠭᠡᠶ︾ ᠬᠡᠳᠡᠭ ᠵᠤᠷᠢᠯᠳᠠ ᠪᠠᠷ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠢᠯᠠᠯᠲᠠ  ᠶᠢ ᠣᠯᠬᠤ ᠪᠠᠷ ᠬᠠᠷᠠᠯᠲᠠ ᠪᠤᠯᠭᠠᠨ ᠠᠵᠢᠯᠯᠠᠭᠰᠠᠭᠠᠷ ᠢᠷᠡᠵᠡᠢ᠃ ᠶᠠᠳᠠᠭᠤ ᠬᠦᠴᠢᠷᠳᠡᠯᠲᠡᠶ ᠡᠷᠦᠬᠡ ᠶᠢᠨ ᠤᠰᠤ ᠤᠮᠳᠠ ᠶᠢᠨ ᠠᠰᠠᠭᠤᠲᠠᠯ ᠢ ᠰᠢᠢᠳᠪᠦᠷᠢᠯᠡᠬᠦ ᠪᠠᠷ᠂ ᠪᠠᠶᠢᠭᠤᠯᠭ᠎ᠠ ᠨᠢᠭᠡᠴᠡ ᠲᠠᠢ ᠪᠠᠨ ᠬᠠᠷᠢᠴᠠᠨ 9.45 ᠲᠦᠮᠡᠨ ᠲᠥᠭᠦᠷᠢᠭ ᠤᠨ ᠪᠡᠯᠡ ᠤᠷᠤᠭᠤᠯᠤᠨ᠂ 21 ᠢᠵᠢ ᠤᠰᠤ ᠠᠷᠢᠭᠤᠳᠬᠠᠬᠤ ᠲᠥᠬᠦᠭᠡᠷᠦᠮᠵᠢ ᠳᠠᠷᠬᠠᠭᠠᠨ᠂ 16 ᠲᠦᠮᠡᠨ ᠲᠥᠭᠦᠷᠢᠭ ᠤᠨ ᠪᠡᠯᠡ ᠤᠷᠤᠭᠤᠯᠤᠨ ᠮᠠᠰᠢᠨ ᠬᠤᠳᠳᠤᠭ ᠮᠠᠯᠳᠠᠵᠤ ᠦᠭᠭᠦᠨ᠂ 6 ᠲᠦᠮᠡᠨ ᠲᠥᠭᠦᠷᠢᠭ ᠤᠨ ᠪᠡᠯᠡ ᠵᠠᠷᠤᠴᠠᠭᠤᠯᠵᠤ ᠤᠰᠤ ᠬᠠᠳᠠᠭᠠᠯᠠᠬᠤ ᠵᠤᠭᠤᠷᠢ ᠪᠠᠶᠢᠭᠤᠯᠵᠤ ᠦᠭᠴᠡᠢ᠃ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠨᠦᠬᠦᠴᠡᠯ ᠢ ᠰᠠᠶᠢᠵᠢᠷᠠᠭᠤᠯᠬᠤ ᠪᠠᠷ ᠲᠡᠷᠡ ︽ᠨᠠᠮ ᠤᠨ ᠡᠭᠦᠷ + ᠵᠢᠶᠠ ᠯᠢ ᠺᠣᠮᠫᠠᠨᠢ + ᠭᠠᠴᠠᠭᠠᠨ ᠤ ᠶᠠᠳᠠᠭᠤ ᠬᠦᠴᠢᠷᠳᠡᠯᠲᠡᠢ ᠡᠷᠦᠬᠡ︾  ᠶᠢᠨ ᠵᠠᠭᠪᠤᠷ ᠢᠶᠠᠷ  ᠲᠠᠮᠵᠢᠭᠤᠯᠤᠨ᠂ ᠡᠪᠡᠰᠦᠨ ᠤ ᠦᠢᠯᠡᠰ ᠤᠨ ᠬᠤᠷᠰᠢᠶᠠᠵᠢᠯ ᠪᠠᠶᠢᠭᠤᠯᠵᠤ᠂ ᠪᠡᠯᠡ ᠮᠥᠩᠭᠦ  ᠴᠤᠭᠯᠠᠭᠤᠯᠤᠨ᠂ ᠡᠪᠡᠰᠦ ᠬᠠᠳᠤᠬᠤ ᠲᠥᠬᠦᠭᠡᠷᠦᠮᠵᠢ ᠬᠤᠳᠠᠯᠳᠤᠨ ᠠᠪᠴᠤ᠂ ᠬᠠᠮᠲᠤᠷᠠᠨ ᠠᠵᠢᠯᠯᠠᠬᠤ ᠬᠡᠯᠪᠡᠷᠢ ᠪᠠᠷ ᠲᠡᠵᠢᠭᠡᠯ ᠡᠪᠡᠰᠦ ᠲᠠᠷᠢᠬᠤ ᠪᠠ ᠪᠣᠷᠣᠯᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠢᠯᠡᠬᠦᠦ ᠬᠥᠳᠡᠯᠮᠦᠷᠢ ᠬᠦᠴᠦᠨ ᠢ ᠠᠵᠢᠯᠯᠠᠭᠤᠯᠵᠤ᠂ ᠡᠪᠡᠰᠦ ᠪᠣᠷᠳᠣᠭᠠᠨ ᠤ ᠠᠰᠠᠭᠤᠳᠠᠯ ᠢ ᠰᠢᠢᠳᠪᠦᠷᠢᠯᠡᠭᠰᠡᠨ ᠪᠦᠭᠡᠳ ᠭᠠᠴᠠᠭᠠᠨ ᠤ ᠬᠠᠮᠲᠤ ᠶᠢᠨ ᠣᠷᠣᠯᠭ᠎ᠠ ᠶᠢ ᠴᠦ ᠨᠡᠮᠡᠭᠳᠡᠬᠦᠯᠦᠭᠰᠡᠨ ᠪᠠᠶᠢᠨ᠎ᠠ᠃ ᠠᠯᠪᠠᠨ ᠪᠠᠶᠢᠭᠤᠯᠤᠯᠭ᠎ᠠ ᠶᠢᠨ ᠡᠩ ᠤᠨ ᠨᠢᠭᠡᠨ ᠺᠠᠳ᠋ᠷ ᠠᠴᠠ ᠪᠠᠨ ᠤᠯᠠᠨ ᠲᠦᠮᠡᠨ ᠤ ᠰᠡᠳᠬᠢᠯ ᠳᠤ ᠬᠦᠷᠦᠭᠰᠡᠨ ᠬᠠᠪᠰᠤᠷᠤᠨ ᠳᠡᠳᠬᠦᠬᠦ ᠺᠠᠳ᠋ᠷ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠡᠪ ᠬᠠᠮᠲᠤ ᠨᠠᠮ ᠤᠨ ᠭᠡᠰᠢᠭᠦᠨ ᠤ ᠠᠮᠠᠯᠠᠯᠲᠠ ᠶᠢ ᠦᠢᠯᠡᠳᠦᠯᠬᠡᠵᠢᠬᠦᠯᠵᠦ ᠶᠠᠪᠤᠭᠰᠠᠨ ᠢᠶᠠᠷ᠂ ᠤᠷᠢᠳ ᠬᠤᠵᠢᠳ ᠪᠦᠬᠦ ᠠᠶᠢᠮᠠᠭ ᠬᠤᠰᠢᠭᠤ ᠳᠡᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ᠂ ᠪᠦᠬᠦ ᠠᠶᠢᠮᠠᠭ᠂ ᠬᠤᠰᠢᠭᠤ ᠳᠡᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠰᠢᠯᠢᠳᠡᠭ ᠨᠢᠭᠡᠳᠦᠭᠡᠷ ᠱᠦᠵᠢ ᠶᠢᠨ ᠢᠷᠡᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠭᠰᠠᠨ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号