ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠰᠡᠷᠬᠦᠯᠡᠩ ᠡᠷᠬᠢᠮ | ︽ᠣᠨᠣᠯ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠰᠤᠶᠤᠯ ᠤᠷᠠᠯᠢᠭ᠂ ᠮᠡᠷᠭᠡᠵᠢᠯ ᠴᠢᠳᠠᠪᠤᠷᠢ᠂ ᠡᠶ᠎ᠡ | ᠵᠣᠬᠢᠴᠠᠯ᠂ ᠬᠠᠶᠢᠷ᠎ᠠ ᠬᠠᠯᠠᠮᠵᠢ ᠶᠢ ᠬᠦᠷᠭᠡᠬᠦ︾ ᠪᠤᠯ ︽ᠤᠭ ᠰᠠᠨᠠᠭ᠎ᠠ ᠪᠠᠨ ᠦᠯᠦ ᠮᠠᠷᠳᠠᠨ᠂ ᠤᠶᠤᠨ ᠬᠦᠴᠦᠨ | ᠢᠶᠠᠨ ᠲᠦᠪᠯᠡᠷᠡᠬᠦᠯᠵᠦ᠂ ᠦᠨᠳᠦᠰᠦ ᠰᠠᠭᠤᠷᠢ ᠪᠠᠨ ᠪᠠᠬᠢᠵᠢᠬᠦᠯᠬᠦ︾ ᠢᠨᠵᠧᠨᠧᠷᠢᠩ ᠤᠨ ᠭᠤᠤᠯ ᠠᠭᠤᠯᠭ᠎ᠠ ᠪᠤᠯᠤᠨ᠎ᠠ᠃ | 7 ᠰᠠᠷ᠎ᠠ ᠶᠢᠨ 2 ᠤ ᠡᠳᠦᠷ᠂ ᠰᠦᠨᠢᠳ ᠪᠠᠷᠠᠭᠤᠨ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠳᠠᠨ᠂ | ᠤᠶᠤᠨ ᠬᠦᠴᠦᠨ ᠢᠶᠠᠨ ᠲᠦᠪᠯᠡᠷᠡᠬᠦᠯᠵᠦ᠂ ᠦᠨᠳᠦᠰᠦ ᠰᠠᠭᠤᠷᠢ ᠪᠠᠨ ᠪᠠᠬᠢᠵᠢᠬᠦᠯᠬᠦ︾ ᠭᠤᠤᠯ ᠰᠡᠳᠦᠪᠲᠦ | ᠠᠵᠢᠯᠯᠠᠭ᠎ᠠ ᠰᠠᠶᠢᠬᠠᠠᠠᠦ᠋ᠯᠵᠡᠢ ᠰᠤᠮᠤᠨ ᠤ ᠡᠬᠢᠨ᠋ᠡᠤᠰᠤ ᠭᠠᠴᠠᠭᠠᠨ ᠳᠤ ᠡᠬᠢᠯᠡᠯ᠎ᠡ᠃ | | | ︽ᠤᠭ ᠰᠠᠨᠠᠭ᠎ᠠ ᠪᠠᠨ ᠦᠯᠦ ᠮᠠᠷᠳᠠᠨ᠂ ᠤᠶᠤᠨ ᠬᠦᠴᠦᠨ ᠢᠶᠠᠨ ᠲᠦᠪᠯᠡᠷᠡᠬᠦᠯᠵᠦ᠂ ᠦᠨᠳᠦᠰᠦ ᠰᠠᠭᠤᠷᠢ | ᠪᠠᠨ ᠪᠠᠬᠢᠵᠢᠬᠦᠯᠬᠦ︾ ᠢᠨᠵᠧᠨᠧᠷᠢᠩ ᠪᠤᠯ ᠨᠠᠮ ᠤᠨ ᠤᠨᠤᠯ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ | ᠤᠬᠠᠭᠤᠯᠤᠨ ᠲᠤᠤᠱᠯᠠᠭᠤᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠦᠢᠯᠡᠳᠦᠯᠬᠡᠵᠢᠬᠦᠯᠵᠦ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠣᠯ ᠰᠡᠳᠦᠪᠲᠦ ᠬᠥᠮᠦᠵᠢᠯ ᠤᠨ ᠣᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠨᠡᠶᠢᠭᠡᠮ ᠵᠢᠷᠤᠮ ᠤᠨ | ᠬᠠᠤᠯᠢᠵᠢᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠵᠤᠷᠢᠯᠳᠠ ᠲᠠᠢ ᠶᠤᠮ᠃ | | | ᠠᠵᠢᠯᠯᠠᠭ᠎ᠠ ᠶᠢᠨ ᠠᠬᠤᠶ ᠲᠠᠯᠠᠪᠠᠶ ᠳᠤ᠂ ᠡᠯ᠎ᠡ ᠰᠠᠯᠠᠭ᠎ᠠ ᠮᠥᠴᠢᠷ ᠤᠨ ᠰᠠᠶᠢᠨ ᠳᠤᠷᠠᠴᠤᠳ ᠤᠨ ᠤᠯᠠᠨ | ᠲᠦᠮᠡᠨ ᠳᠤ ᠬᠠᠨᠳᠤᠭᠤᠯᠤᠭᠰᠠᠨ ᠲᠥᠷᠥ ᠶᠢᠨ ᠪᠣᠳᠣᠯᠭ᠎ᠠ᠂ ᠰᠣᠶᠣᠯ ᠤᠷᠠᠯᠢᠭ᠂ ᠡᠷᠡᠭᠦᠯ ᠮᠡᠨᠳᠦ᠂ ᠬᠠᠤᠯᠢ ᠴᠠᠭᠠᠵᠠ | ᠵᠡᠷᠭᠡ ᠶᠢᠨ ᠦᠢᠯᠡᠴᠢᠯᠡᠭᠡ ᠡᠷᠴᠢᠮᠳᠠᠢ ᠦᠷᠨᠢᠵᠦ᠂ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠠᠴᠠ ᠨᠡᠶᠢᠲᠡᠯᠢᠭ | ᠬᠡᠷᠡᠭ ᠤᠨ ᠵᠢᠱᠢᠶ᠎ᠡ ᠪᠠᠷ ᠡᠰᠢᠯᠡᠨ᠂ ᠮᠠᠯᠴᠢᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠣᠨᠣᠯ ᠤᠨ ᠬᠢᠴᠢᠶᠡᠯ | ᠤᠷᠤᠵᠠᠢ᠃ | ᠤᠯᠠᠭᠠᠨᠮᠥ᠋ᠴᠢᠷ ᠨᠢ᠂ ᠬᠥᠭᠵᠢᠮ᠂ ᠱᠤᠭ ᠵᠦᠴᠦᠭᠡ᠂ ᠳᠠᠭᠤᠤ ᠪᠥᠵᠢᠭ ᠵᠡᠷᠬᠡ ᠤᠷᠠᠨ ᠰᠠᠶᠢᠬᠠᠨ ᠤ ᠲᠣᠭᠯᠠᠯᠲᠠ ᠪᠠᠨ | ᠡᠷᠬᠦᠨ ᠪᠠᠷᠢᠵᠦ᠂ ᠮᠠᠯᠴᠢᠨ ᠲᠦᠮᠡᠨ ᠤ ᠪᠠᠭ᠋ᠠᠷᠬᠠᠯ ᠪᠠ ᠬᠦᠷᠢᠶᠡᠯᠡᠯ ᠢ ᠣᠯᠤᠭᠰᠠᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠶᠢᠨ ᠲᠤᠬᠢᠶᠠᠯ ᠢᠶᠠᠷ᠂ ᠰᠠᠶᠢᠬᠠᠠᠠᠦ᠋ᠯᠵᠡᠢ ᠰᠤᠮᠤᠨ ᠤ ᠡᠬᠢᠨ᠋ᠡᠤᠰᠤ ᠭᠠᠴᠠᠭ᠎ᠠ ᠨᠢ | ᠭᠠᠴᠠᠭᠠᠨ ᠤ ᠱᠦᠵᠢ ᠨᠠᠮ ᠤᠨ ᠬᠢᠴᠢᠶᠡᠯ ᠣᠷᠣᠬᠤ᠂ ᠡᠮᠡᠭᠲᠡᠶᠢᠴᠦᠳ ᠤᠨ ᠶᠠᠷᠢᠯᠴᠠᠬᠤ ᠬᠤᠷᠠᠯ᠂ ᠮᠡᠳᠡᠯᠭᠡ ᠶᠢᠨ | ᠤᠷᠤᠯᠳᠤᠭᠠᠨ ᠵᠡᠷᠭᠡ ᠪᠠᠶᠠᠯᠢᠭ ᠠᠭᠤᠯᠭ᠎ᠠ ᠪᠠᠷ ᠭᠠᠴᠠᠭᠠᠨ ᠤ ᠠᠵᠢᠯᠯᠠᠭ᠎ᠠ ᠶᠢ ᠤᠯᠠᠮ ᠦᠩᠭᠡᠵᠢᠭᠦᠯᠦᠭᠰᠡᠨ ᠪᠠᠶᠢᠨ᠎ᠠ᠃ | |