ᠰᠠᠶᠢᠬᠠᠠᠠᠦ᠋ᠯᠵᠡᠢ ᠰᠤᠮᠤᠨ ᠤ ᠡᠬᠢᠨ᠋ᠡᠤᠰᠤ ᠭᠠᠴᠠᠭ᠎ᠠ ᠳᠤ ᠤᠨᠴᠠᠭᠠᠢ ᠦᠢᠯᠡ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2020/7/6
           ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠰᠡᠷᠬᠦᠯᠡᠩ   ᠡᠷᠬᠢᠮ      ︽ᠣᠨᠣᠯ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠰᠤᠶᠤᠯ ᠤᠷᠠᠯᠢᠭ᠂ ᠮᠡᠷᠭᠡᠵᠢᠯ ᠴᠢᠳᠠᠪᠤᠷᠢ᠂ ᠡᠶ᠎ᠡ ᠵᠣᠬᠢᠴᠠᠯ᠂ ᠬᠠᠶᠢᠷ᠎ᠠ ᠬᠠᠯᠠᠮᠵᠢ ᠶᠢ ᠬᠦᠷᠭᠡᠬᠦ︾ ᠪᠤᠯ ︽ᠤᠭ ᠰᠠᠨᠠᠭ᠎ᠠ ᠪᠠᠨ ᠦᠯᠦ ᠮᠠᠷᠳᠠᠨ᠂ ᠤᠶᠤᠨ ᠬᠦᠴᠦᠨ  ᠢᠶᠠᠨ ᠲᠦᠪᠯᠡᠷᠡᠬᠦᠯᠵᠦ᠂ ᠦᠨᠳᠦᠰᠦ ᠰᠠᠭᠤᠷᠢ ᠪᠠᠨ ᠪᠠᠬᠢᠵᠢᠬᠦᠯᠬᠦ︾ ᠢᠨᠵᠧᠨᠧᠷᠢᠩ ᠤᠨ ᠭᠤᠤᠯ ᠠᠭᠤᠯᠭ᠎ᠠ ᠪᠤᠯᠤᠨ᠎ᠠ᠃ 7 ᠰᠠᠷ᠎ᠠ ᠶᠢᠨ 2 ᠤ ᠡᠳᠦᠷ᠂ ᠰᠦᠨᠢᠳ ᠪᠠᠷᠠᠭᠤᠨ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠳᠠᠨ᠂ ᠤᠶᠤᠨ ᠬᠦᠴᠦᠨ ᠢᠶᠠᠨ ᠲᠦᠪᠯᠡᠷᠡᠬᠦᠯᠵᠦ᠂ ᠦᠨᠳᠦᠰᠦ ᠰᠠᠭᠤᠷᠢ ᠪᠠᠨ ᠪᠠᠬᠢᠵᠢᠬᠦᠯᠬᠦ︾ ᠭᠤᠤᠯ ᠰᠡᠳᠦᠪᠲᠦ ᠠᠵᠢᠯᠯᠠᠭ᠎ᠠ ᠰᠠᠶᠢᠬᠠᠠᠠᠦ᠋ᠯᠵᠡᠢ ᠰᠤᠮᠤᠨ ᠤ ᠡᠬᠢᠨ᠋ᠡᠤᠰᠤ  ᠭᠠᠴᠠᠭᠠᠨ ᠳᠤ ᠡᠬᠢᠯᠡᠯ᠎ᠡ᠃
     ︽ᠤᠭ ᠰᠠᠨᠠᠭ᠎ᠠ ᠪᠠᠨ ᠦᠯᠦ ᠮᠠᠷᠳᠠᠨ᠂ ᠤᠶᠤᠨ ᠬᠦᠴᠦᠨ ᠢᠶᠠᠨ ᠲᠦᠪᠯᠡᠷᠡᠬᠦᠯᠵᠦ᠂ ᠦᠨᠳᠦᠰᠦ ᠰᠠᠭᠤᠷᠢ  ᠪᠠᠨ ᠪᠠᠬᠢᠵᠢᠬᠦᠯᠬᠦ︾ ᠢᠨᠵᠧᠨᠧᠷᠢᠩ ᠪᠤᠯ ᠨᠠᠮ ᠤᠨ ᠤᠨᠤᠯ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠤᠨ ᠲᠤᠤᠱᠯᠠᠭᠤᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠬᠡᠵᠢᠬᠦᠯᠵᠦ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠣᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠨᠡᠶᠢᠭᠡᠮ ᠵᠢᠷᠤᠮ ᠤᠨ ᠬᠠᠤᠯᠢᠵᠢᠯ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠵᠤᠷᠢᠯᠳᠠ ᠲᠠᠢ ᠶᠤᠮ᠃
     ᠠᠵᠢᠯᠯᠠᠭ᠎ᠠ ᠶᠢᠨ ᠠᠬᠤᠶ ᠲᠠᠯᠠᠪᠠᠶ ᠳᠤ᠂ ᠡᠯ᠎ᠡ ᠰᠠᠯᠠᠭ᠎ᠠ ᠮᠥᠴᠢᠷ ᠤᠨ ᠰᠠᠶᠢᠨ ᠳᠤᠷᠠᠴᠤᠳ ᠤᠨ ᠤᠯᠠᠨ ᠲᠦᠮᠡᠨ ᠳᠤ ᠬᠠᠨᠳᠤᠭᠤᠯᠤᠭᠰᠠᠨ ᠲᠥᠷᠥ ᠶᠢᠨ ᠪᠣᠳᠣᠯᠭ᠎ᠠ᠂ ᠰᠣᠶᠣᠯ ᠤᠷᠠᠯᠢᠭ᠂ ᠡᠷᠡᠭᠦᠯ ᠮᠡᠨᠳᠦ᠂ ᠬᠠᠤᠯᠢ ᠴᠠᠭᠠᠵᠠ ᠵᠡᠷᠭᠡ ᠶᠢᠨ ᠦᠢᠯᠡᠴᠢᠯᠡᠭᠡ ᠡᠷᠴᠢᠮᠳᠠᠢ ᠦᠷᠨᠢᠵᠦ᠂ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠠᠴᠠ ᠨᠡᠶᠢᠲᠡᠯᠢᠭ ᠬᠡᠷᠡᠭ ᠤᠨ ᠵᠢᠱᠢᠶ᠎ᠡ ᠪᠠᠷ ᠡᠰᠢᠯᠡᠨ᠂ ᠮᠠᠯᠴᠢᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠣᠨᠣᠯ ᠤᠨ ᠬᠢᠴᠢᠶᠡᠯ ᠤᠷᠤᠵᠠᠢ᠃ᠤᠯᠠᠭᠠᠨᠮᠥ᠋ᠴᠢᠷ ᠨᠢ᠂ ᠬᠥᠭᠵᠢᠮ᠂ ᠱᠤᠭ ᠵᠦᠴᠦᠭᠡ᠂ ᠳᠠᠭᠤᠤ ᠪᠥᠵᠢᠭ ᠵᠡᠷᠬᠡ ᠤᠷᠠᠨ ᠰᠠᠶᠢᠬᠠᠨ ᠤ ᠲᠣᠭᠯᠠᠯᠲᠠ ᠪᠠᠨ ᠡᠷᠬᠦᠨ ᠪᠠᠷᠢᠵᠦ᠂ ᠮᠠᠯᠴᠢᠨ ᠲᠦᠮᠡᠨ ᠤ ᠪᠠᠭ᠋ᠠᠷᠬᠠᠯ ᠪᠠ ᠬᠦᠷᠢᠶᠡᠯᠡᠯ ᠢ ᠣᠯᠤᠭᠰᠠᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠶᠢᠨ ᠲᠤᠬᠢᠶᠠᠯ ᠢᠶᠠᠷ᠂ ᠰᠠᠶᠢᠬᠠᠠᠠᠦ᠋ᠯᠵᠡᠢ ᠰᠤᠮᠤᠨ ᠤ ᠡᠬᠢᠨ᠋ᠡᠤᠰᠤ ᠭᠠᠴᠠᠭ᠎ᠠ ᠨᠢ ᠭᠠᠴᠠᠭᠠᠨ ᠤ ᠱᠦᠵᠢ ᠨᠠᠮ ᠤᠨ ᠬᠢᠴᠢᠶᠡᠯ ᠣᠷᠣᠬᠤ᠂ ᠡᠮᠡᠭᠲᠡᠶᠢᠴᠦᠳ ᠤᠨ ᠶᠠᠷᠢᠯᠴᠠᠬᠤ ᠬᠤᠷᠠᠯ᠂ ᠮᠡᠳᠡᠯᠭᠡ ᠶᠢᠨ ᠤᠷᠤᠯᠳᠤᠭᠠᠨ ᠵᠡᠷᠭᠡ  ᠪᠠᠶᠠᠯᠢᠭ ᠠᠭᠤᠯᠭ᠎ᠠ   ᠪᠠᠷ ᠭᠠᠴᠠᠭᠠᠨ ᠤ ᠠᠵᠢᠯᠯᠠᠭ᠎ᠠ ᠶᠢ ᠤᠯᠠᠮ ᠦᠩᠭᠡᠵᠢᠭᠦᠯᠦᠭᠰᠡᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号