ᠵᠢᠷᠦᠬᠡ ᠪᠠᠯᠭᠠᠰᠤᠨ ᠤ ᠬᠤᠩᠭᠤᠷ ᠭᠠᠴᠠᠭᠠᠨ ᠤ ᠮᠠᠯᠴᠢᠳ ᠶᠠᠭᠤᠨ ᠳᠤ ᠪᠠᠶᠠᠷᠲᠠᠢ ᠪᠠᠶᠢᠭ᠎ᠠ ᠪᠤᠯ︖
ᠨᠡᠶᠢᠲᠡᠯᠡᠭᠰᠡᠨ ᠴᠠᠭ᠄
2020/7/6
     2018 ᠣᠨ ᠳᠤ ᠶᠠᠳᠠᠭᠤ ᠠᠴᠠ ᠪᠠᠨ ᠠᠩᠭᠢᠵᠢᠷᠠᠭᠰᠠᠨ ᠵᠢᠷᠦᠬᠡ ᠪᠠᠯᠭᠠᠰᠤᠨ ᠤ ᠬᠤᠩᠭᠤᠷ ᠭᠠᠴᠠᠭᠠᠨ ᠤ ᠨᠠᠷᠠᠨᠭᠡᠷᠡᠯ ᠨᠠᠰᠤᠲᠠᠨ ᠤᠶᠢᠷ᠎ᠠ ᠳᠤ 12 ᠪᠤᠭᠤᠯᠲᠠ ᠡᠪᠡᠰᠦ ᠬᠤᠪᠢᠲᠠᠨ ᠤᠯᠤᠭᠠᠳ ᠮᠠᠰᠢ ᠪᠠᠶᠠᠷᠲᠠᠢ᠃ ᠲᠡᠭᠦᠨ  ᠠᠴᠠ ᠭᠠᠲᠠᠨ᠎ᠠ ᠪᠠᠰᠠ ᠲᠤᠰ ᠭᠠᠴᠠᠭᠠᠨ ᠤ 62  ᠮᠠᠯᠴᠢᠨ ᠡᠷᠦᠭᠡ ᠡᠨᠡ ᠬᠦ ᠠᠰᠢᠭ ᠢ ᠬᠦᠷᠲᠡᠭᠰᠡᠨ ᠪᠠᠶᠢᠨ᠎ᠠ᠃  ᠶᠠᠭᠤᠨ ᠤ  ᠤᠴᠢᠷ ᠪᠤᠯᠴᠢᠬᠠᠪᠠ︖
     ᠤᠤᠯ ᠨᠢ ᠵᠢᠷᠦᠬᠡ ᠪᠠᠯᠭᠠᠰᠤᠨ ᠤ ᠬᠤᠩᠭᠤᠷ ᠭᠠᠴᠠᠭ᠎ᠠ ᠨᠢ ᠭᠠᠩ ᠤᠨ ᠪᠠᠶᠢᠲᠠᠯ ᠳᠤ ᠴᠢᠭᠯᠡᠭᠦᠯᠦᠨ᠂ ᠭᠠᠴᠠᠭᠠᠨ ᠤ ᠪᠠᠨ 63 ᠡᠷᠦᠬᠡ ᠪᠤᠯᠭᠠᠨ ᠳᠤ 12 ᠪᠣᠭᠤᠯᠳᠠ ᠡᠪᠡᠰᠦ ᠲᠠᠷᠬᠠᠭᠠᠭᠰᠠᠨ ᠨᠢ  ᠡᠨᠡ  ᠪᠠᠶᠢᠵᠡᠢ᠃
     ᠬᠤᠩᠭᠤᠷ ᠭᠠᠴᠠᠭᠠᠨ ᠤ ᠨᠠᠮ ᠤᠨ ᠡᠭᠦᠷ ᠤᠨ ᠱᠦᠵᠢ ᠲᠡᠬᠦᠰᠪᠠᠭᠠᠲᠤᠷ᠄ ᠡᠨᠡ ᠤᠳᠠᠭᠠᠨ ᠤ ᠲᠠᠷᠬᠠᠭᠠᠭᠰᠠᠨ 31 ᠲᠣᠨ‌ᠡᠪᠡᠰᠦ ᠪᠤᠷᠳᠤᠭ᠎ᠠ ᠶᠢ ᠭᠠᠴᠠᠭᠠᠨ ᠤ ᠬᠠᠮᠲᠤ ᠶᠢᠨ ᠬᠤᠷᠠᠮᠲᠤᠭᠤᠯᠭ᠎ᠠ ᠠᠴᠠ ᠪᠠᠨ 51465 ᠲᠥᠭᠦᠷᠢᠭ ᠭᠠᠷᠭᠠᠵᠦ ᠲᠦᠩᠯᠢᠶᠤᠤ ᠬᠤᠲᠠ ᠠᠴᠠ ᠬᠤᠳᠠᠯᠳᠤᠨ ᠠᠪᠤᠭᠰᠠᠨ ᠶᠤᠮ᠃ ᠭᠠᠴᠠᠭᠠᠨ ᠤ ᠬᠠᠮᠲᠤ ᠶᠢᠨ ᠬᠤᠷᠠᠮᠲᠤᠭᠤᠯᠭ᠎ᠠ 2018 ᠣᠨ ᠳᠤ ᠪᠠᠶᠢᠭᠤᠯᠤᠭᠳᠠᠵᠤ᠂ 700  ᠰᠢᠯᠵᠢᠯᠲᠡ ᠶᠢᠨ ᠮᠠᠯ ᠢ ᠠᠶᠢᠯ ᠳᠤ ᠲᠠᠭᠠᠭᠠᠴᠢᠯᠠᠭᠤᠯᠤᠨ᠂  ᠵᠢᠯ ᠳᠤ 35000 ᠲᠥᠭᠦᠷᠢᠭ ᠤᠨ ᠤᠷᠤᠯᠭ᠎ᠠ ᠤᠯᠲᠠᠭ᠃      ᠠᠷᠭ᠎ᠠ ᠪᠤᠲᠤᠯᠭ᠎ᠠ ᠰᠤᠪᠢᠵᠤ᠂ ᠠᠷᠠᠳ ᠮᠠᠯᠴᠢᠳ ᠲᠤ ᠪᠠᠨ ᠠᠰᠢᠭ ᠬᠦᠷᠲᠡᠭᠡᠬᠦ ᠶᠢ ᠵᠤᠷᠢᠲᠠᠭ ᠬᠤᠩᠭᠤᠷ ᠭᠠᠴᠠᠭ᠎ᠠ ᠨᠢ ᠢᠩᠬᠢᠵᠦ ᠯᠠ ᠮᠠᠯᠴᠢᠨ ᠲᠦᠮᠡᠨ ᠤ ᠢᠶᠠᠨ ᠭᠠᠩ ᠭᠠᠴᠢᠭ ᠲᠠᠢ ᠲᠡᠮᠡᠴᠡᠬᠦ ᠢᠲᠡᠭᠡᠯ ᠵᠤᠷᠢᠭ ᠢ ᠲᠠᠶᠢᠴᠢᠯᠠᠵᠤ ᠪᠠᠶᠢᠭ᠎ᠠ ᠨᠢ ᠰᠤᠷᠤᠯᠴᠠᠭᠤᠰᠢᠲᠠᠢ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号